ᠬᠠᠪᠤᠷ ᠤᠨ ᠲᠠᠷᠢᠶᠠᠯᠠᠭ᠎ᠠ ᠶᠢᠨ ︽ᠴᠠᠭᠳᠠᠭ᠎ᠠ︾ ᠶᠢᠨ ᠦᠩᠬᠡ ᠶᠢ ᠰᠠᠶᠢᠨ ᠬᠠᠮᠠᠭᠠᠯᠠᠶ᠎ᠠ ᠲᠠᠷᠢᠶᠠᠯᠠᠬᠤ ᠴᠠᠭ ᠢ ᠰᠠᠭᠠᠲᠠᠭᠠᠬᠤ ᠦᠭᠡᠢ ᠬᠠᠪᠤᠷ ᠢ ᠬᠥᠰᠡᠷᠳᠡᠭᠦᠯᠬᠦ ᠦᠭᠡᠢ
ᠨᠡᠶᠢᠲᠡᠯᠡᠭᠰᠡᠨ ᠴᠠᠭ᠄
2025/5/7
      ᠳᠡᠯᠭᠡᠷᠡᠬᠦ ᠬᠠᠪᠤᠷ ᠲᠦᠮᠡᠨ ᠪᠣᠳᠠᠰ ᠰᠡᠷᠬᠦᠵᠦ᠂ ᠪᠣᠷᠣᠪᠲᠣᠷ ᠬᠥᠬᠡ ᠥᠩᠭᠡ ᠶᠢᠨ ᠦᠢᠯᠡᠳᠪᠦᠷᠢᠯᠡᠯ ᠢ ᠬᠠᠮᠠᠭᠠᠯᠠᠨ᠎ᠠ᠃ ᠠᠭᠠᠷ ᠤᠨ ᠳᠤᠯᠠᠭᠠᠷᠠᠬᠤ ᠶᠢ ᠳᠠᠭᠠᠯᠳᠤᠨ᠂ ᠳᠠᠷᠬᠠᠨ ᠮᠤᠤᠮᠢᠩᠭᠠᠨ ᠬᠤᠯᠪᠣᠭᠠᠲᠣ ᠬᠤᠰᠢᠭᠤᠨ ᠤ ᠦᠬᠡᠷᠬᠤᠳᠳᠤᠭ ᠪᠠᠯᠭᠠᠰᠤᠨ ᠳᠤ᠂ ᠬᠠᠪᠤᠷ ᠤᠨ ᠲᠠᠷᠢᠶᠠᠯᠠᠭ᠎ᠠ ᠶᠢᠨ ᠨᠢᠭᠡ ᠮᠠᠰᠢᠨ ᠬᠦᠩᠭᠢᠨᠡᠵᠦ᠂ ᠲᠠᠷᠢᠶᠠᠴᠢᠨ ᠡᠷᠦᠬᠡ ᠭᠠᠵᠠᠷ ᠲᠡᠭᠰᠢᠯᠡᠬᠦ᠂ ᠪᠤᠷᠳᠤᠭᠤᠷ ᠣᠷᠣᠭᠤᠯᠬᠤ᠂ ᠲᠠᠷᠢᠶ᠎ᠠ ᠲᠠᠷᠢᠬᠤ ᠬᠠᠪᠤᠷ ᠤᠨ ᠲᠠᠷᠢᠶᠠᠯᠠᠭ᠎ᠠ ᠶᠢᠨ ᠵᠢᠷᠤᠭ ᠥᠷᠭᠡᠨ ᠠᠭᠤᠳᠠᠮ ᠬᠡᠭᠡᠷ᠎ᠡ ᠲᠠᠯ᠎ᠠ ᠳᠤ ᠠᠭᠠᠵᠢᠮ ᠢᠶᠠᠷ ᠳᠡᠯᠭᠡᠷᠡᠵᠦ᠂ ᠪᠣᠷᠣᠪᠲᠣᠷ ᠬᠥᠬᠡ ᠥᠩᠭᠡ ᠲᠠᠢ ᠪᠠᠷ᠎ᠠ ᠴᠤ ᠲᠠᠷᠢᠶᠠᠨ ᠭᠠᠵᠠᠷ ᠲᠤ ᠬᠥᠭᠵᠢᠶᠡᠨᠲᠡᠢ ᠪᠣᠯᠵᠤ᠂ ᠡᠰᠡᠬᠦᠯ᠎ᠡ ᠠᠮᠤᠷ ᠲᠦᠪᠰᠢᠨ ᠤ ᠮᠡᠳᠡᠯᠭᠡ ᠶᠢ ᠤᠬᠠᠭᠤᠯᠵᠤ᠂ ᠡᠰᠡᠬᠦᠯ᠎ᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠪᠦᠲᠦᠭᠡᠭᠳᠡᠬᠦᠨ ᠢ ᠪᠠᠶᠢᠴᠠᠭᠠᠨ ᠰᠢᠯᠭᠠᠵᠤ᠂ ᠡᠰᠡᠬᠦᠯ᠎ᠡ ᠮᠠᠰᠢᠨ ᠲᠡᠷᠭᠡᠨ ᠤ ᠭᠡᠮ ᠰᠣᠭᠤᠭ ᠢ ᠪᠠᠶᠢᠴᠠᠭᠠᠵᠤ ᠪᠤᠢ ᠁       ᠨᠠᠷᠢᠯᠢᠭ ᠣᠨᠣᠪᠴᠢᠲᠠᠢ ᠪᠠᠷ ᠵᠢᠭᠰᠠᠭᠠᠨ ᠪᠠᠶᠢᠴᠠᠭᠠᠵᠤ᠂ ᠲᠠᠷᠢᠶᠠᠯᠠᠩ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ︽ᠡᠪᠡᠳᠴᠢᠨ ᠬᠥᠨᠥᠭᠡᠯ ᠢ ᠠᠷᠢᠯᠭᠠᠬᠤ︾      ︽ᠡᠪᠦᠬᠡᠨ ᠡ᠂ ᠪᠢᠳᠡ ᠲᠠᠷᠢᠶᠠᠨ ᠦᠷ᠎ᠡ ᠶᠢᠨ ᠬᠢᠮᠢ ᠶᠢᠨ ᠪᠣᠷᠳᠣᠭᠤᠷ ᠬᠤᠳᠠᠯᠳᠤᠨ ᠠᠪᠬᠤ ᠳᠤ ᠵᠠᠪᠠᠯ ᠵᠢᠩᠬᠢᠨᠢ ᠲᠠᠷᠢᠶᠠᠯᠠᠩ ᠦᠢᠯᠡᠳᠪᠦᠷᠢᠯᠡᠯ ᠤᠨ ᠬᠡᠷᠡᠭᠰᠡᠯ ᠢ ᠬᠤᠳᠠᠯᠳᠤᠨ ᠠᠪᠬᠤ ᠬᠡᠷᠡᠭᠲᠡᠢ︾ ᠬᠡᠵᠦ ᠦᠬᠡᠷᠬᠤᠳᠳᠤᠭ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠡᠪᠦᠭᠡᠨ ᠳᠤ ᠰᠠᠨᠠᠭᠤᠯᠠᠪᠠ᠃      ᠣᠳᠣ ᠶᠠᠭ ᠲᠠᠷᠢᠶᠠᠴᠢᠨ ᠡᠷᠦᠬᠡ ᠪᠠᠯᠠ ᠮᠥᠩᠭᠦ ᠴᠤᠭᠯᠠᠭᠤᠯᠵᠤ ᠬᠠᠪᠤᠷ ᠤᠨ ᠲᠠᠷᠢᠶᠠᠯᠠᠭ᠎ᠠ ᠶᠢᠨ ᠬᠡᠷᠡᠭᠰᠡᠬᠦ ᠦᠷ᠎ᠡ᠂ ᠲᠠᠷᠢᠶᠠᠨ ᠡᠮ᠂ ᠬᠢᠮᠢ ᠶᠢᠨ ᠪᠣᠷᠲᠣᠭᠤᠷ᠂ ᠰᠦᠯᠢᠶᠣᠣ ᠪᠦᠷᠬᠦᠪᠴᠢ ᠶᠢ ᠬᠤᠳᠠᠯᠳᠤᠨ ᠠᠪᠬᠤ ᠦᠶ᠎ᠡ ᠳᠤ᠂ ᠥᠷᠭᠡᠨ ᠣᠯᠠᠨ ᠲᠠᠷᠢᠶᠠᠴᠢᠨ ᠲᠦᠮᠡᠨ ᠤ ︽ᠵᠢᠩᠬᠢᠨᠢ ᠦᠷ᠎ᠡ᠂ ᠰᠠᠶᠢᠨ ᠲᠠᠷᠢᠶᠠᠨ ᠡᠮ᠂ ᠰᠠᠨᠠᠭ᠎ᠠ ᠠᠮᠤᠷ ᠪᠣᠷᠲᠣᠭᠤᠷ︾ ᠬᠡᠷᠡᠭᠯᠡᠬᠦ ᠶᠢ ᠪᠠᠲᠤᠯᠠᠬᠤ ᠶᠢᠨ ᠲᠥᠯᠥᠭᠡ᠂ ᠦᠬᠡᠷᠬᠤᠳᠳᠤᠭ ᠲᠣᠮᠢᠯᠠᠭᠰᠠᠨ ᠰᠠᠯᠪᠤᠷᠢ ᠬᠠᠷᠢᠶᠠᠲᠤ ᠣᠷᠣᠨ ᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠳᠡᠯᠭᠡᠭᠦᠷ ᠲᠤ ᠭᠦᠨᠵᠡᠭᠡᠶᠢᠷᠡᠨ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠦᠷᠢᠶᠡᠨ ᠳᠠᠬᠢ ᠠᠮᠤᠷ ᠲᠦᠪᠰᠢᠨ ᠤ ᠲᠤᠰᠬᠠᠶ ᠪᠠᠶᠢᠴᠠᠭᠠᠯᠲᠠ ᠥᠷᠨᠢᠭᠦᠯᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠢᠯᠡᠳᠬᠦᠨ ᠤ ᠪᠠᠷᠠᠭ᠎ᠠ ᠣᠷᠣᠭᠤᠯᠬᠤ ᠠᠷᠭ᠎ᠠ ᠵᠠᠮ᠂ ᠦᠢᠯᠡᠳᠪᠦᠷᠢᠯᠡᠭᠰᠡᠨ ᠡᠳᠦᠷ ᠬᠤᠭᠤᠴᠠᠭ᠎ᠠ᠂ ᠪᠣᠷᠣᠯᠠᠭᠤᠯᠭ᠎ᠠ ᠶᠢᠨ ᠦᠨ᠎ᠡ ᠬᠠᠩᠰᠢ᠂ ᠳᠡᠩᠰᠡᠯᠡᠨ ᠲᠡᠮᠳᠡᠭᠯᠡᠭᠰᠡᠨ ᠵᠡᠷᠭᠡ ᠪᠠᠶᠢᠳᠠᠯ ᠢ ᠪᠠᠶᠢᠴᠠᠭᠠᠨ ᠬᠠᠷᠭᠤᠭᠤᠯᠪᠠ᠃      ᠦᠬᠡᠷᠬᠤᠳᠳᠤᠭ ᠲᠣᠮᠢᠯᠠᠭᠰᠠᠨ ᠰᠠᠯᠪᠤᠷᠢ ᠶᠢᠨ ᠳᠠᠷᠤᠭ᠎ᠠ ᠸᠠᠩ ᡁᠢ᠄ ︽ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠲᠠᠷᠢᠶᠠᠴᠢᠳ ᠤᠨ ᠪᠥᠬᠦ ᠵᠢᠯ ᠤᠨ ᠲᠠᠷᠢᠶᠠᠯᠠᠩ ᠤᠨ ᠦᠢᠯᠡᠳᠪᠦᠷᠢᠯᠡᠯ ᠤᠨ ᠶᠡᠭᠡ ᠲᠠᠯ᠎ᠠ ᠳᠤ ᠬᠤᠯᠪᠣᠭᠳᠠᠨ᠎ᠠ᠂ ᠪᠢᠳᠡ ᠥᠨᠳᠥᠷ ᠳᠠᠷᠤᠯᠲᠠᠲᠤ ᠪᠠᠶᠢᠳᠠᠯ ᠢᠶᠠᠨ ᠦᠷᠭᠦᠯᠵᠢᠯᠡᠨ ᠪᠠᠲᠤᠯᠠᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠪᠠᠶᠢᠴᠠᠭᠠᠯᠲᠠ ᠶᠢᠨ ᠡᠷᠴᠢᠮ ᠪᠠ ᠤᠳᠠᠭ᠎ᠠ ᠪᠠᠨ ᠨᠡᠮᠡᠭᠳᠡᠭᠦᠯᠦᠨ᠂ ᠤᠬᠠᠭᠤᠯᠭ᠎ᠠ ᠬᠥᠮᠦᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠪᠥᠬᠦ ᠪᠠᠯᠭᠠᠰᠤᠨ ᠤ ᠲᠠᠷᠢᠶᠠᠯᠠᠩ ᠤᠨ ᠦᠢᠯᠡᠳᠪᠦᠷᠢᠯᠡᠯ ᠤᠨ ᠤᠷᠤᠭᠰᠢᠲᠠᠶ ᠶᠠᠪᠤᠭᠳᠠᠬᠤ ᠪᠠ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠳᠤ ᠪᠠᠲᠤ ᠴᠢᠩᠭ᠎ᠠ ᠪᠠᠲᠤᠯᠠᠭ᠎ᠠ ᠬᠠᠩᠭᠠᠨ᠎ᠠ︾ ᠭᠡᠵᠦ ᠢᠯᠡᠳᠭᠡᠪᠡ᠃      ᠥᠷᠭᠡᠨ ᠢᠶᠠᠷ ᠤᠬᠠᠭᠤᠯᠵᠤ᠂ ᠲᠠᠷᠢᠶᠠᠴᠢᠨ ᠡᠷᠦᠬᠡ ᠳᠤ ︽ᠠᠶᠤᠯᠭᠦᠶ ᠦᠷ᠎ᠡ︾ ᠰᠠᠴᠤᠵᠤ ᠥᠭᠪᠡ      ︽ᠤᠯᠠᠨ ᠢᠶᠠᠷ ᠢᠶᠠᠨ ᠵᠠᠪᠠᠯ ᠰᠣᠨᠣᠰᠬᠤ ᠦᠭᠡᠢ ᠢᠲᠡᠭᠡᠬᠦ ᠦᠭᠡᠢ ᠳᠠᠩᠰᠠ ᠪᠠᠨ ᠬᠤᠪᠢᠷᠠᠭᠤᠯᠬᠤ ᠦᠭᠡᠢ᠂ ᠵᠦᠳᠡᠷᠡᠯᠲᠡᠢ ᠣᠯᠣᠭᠰᠠᠨ ᠬᠦᠯᠦᠰᠦᠨ ᠵᠣᠭᠤᠰ ᠢᠶᠠᠨ ᠰᠠᠶᠢᠲᠤᠷ ᠰᠠᠬᠢᠨ᠎ᠠ᠃︾      ︽ᠶᠠᠮᠠᠷ ᠬᠠᠪᠰᠤᠷᠬᠤ ᠴᠢᠬᠤᠯᠠ ᠲᠠᠢ ᠪᠣᠯ ᠣᠯᠠᠨ ᠢᠶᠠᠷ ᠢᠶᠠᠨ ᠴᠥᠮ ᠪᠢᠳᠡᠨ ᠢ ᠡᠷᠢᠵᠦ ᠪᠣᠯᠤᠨ᠎ᠠ᠂ ᠡᠨᠡ ᠪᠣᠯ ᠮᠠᠨ ᠤ ᠴᠠᠭᠳᠠᠭ᠎ᠠ ᠠᠷᠠᠳ ᠤᠨ ᠬᠠᠷᠢᠯᠴᠠᠬᠤ ᠺᠠᠷᠲ ᠮᠥᠨ᠂ ᠬᠦᠴᠢᠷᠳᠡᠯ ᠲᠠᠢ ᠪᠣᠯ  ᠤᠲᠠᠰᠤ ᠶᠠᠪᠣᠭᠤᠯᠵᠣ ᠪᠣᠯᠣᠨ᠎ᠠ ᠁︾      ᠬᠠᠪᠤᠷ ᠤᠨ ᠲᠠᠷᠢᠶᠠᠯᠠᠭ᠎ᠠ ᠶᠢᠨ ᠬᠤᠭᠤᠴᠠᠭᠠᠨ ᠳᠠᠬᠢ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠬᠡᠷᠡᠭ ᠪᠠᠶᠢᠨ ᠳᠠᠬᠢᠨ ᠡᠭᠦᠰᠬᠦ ᠪᠠᠶᠢᠳᠠᠯ ᠳᠤ ᠴᠢᠭᠯᠡᠭᠦᠯᠦᠨ᠂ ᠦᠬᠡᠷᠬᠤᠳᠳᠤᠭ ᠲᠣᠮᠢᠯᠠᠭᠰᠠᠨ ᠰᠠᠯᠪᠤᠷᠢ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠭᠤᠯᠭ᠎ᠠ ᠶᠢ ᠬᠠᠪᠤᠷ ᠤᠨ ᠲᠠᠷᠢᠶᠠᠯᠠᠭ᠎ᠠ ᠶᠢᠨ ᠦᠢᠯᠡᠴᠢᠯᠡᠭᠡ ᠳᠤ ᠠᠭᠤᠰᠤᠯᠴᠠᠭᠤᠯᠵᠤ᠂ ᠠᠷᠠᠳ ᠤᠨ ᠲᠤᠰᠠᠯᠠᠬᠤ ᠴᠠᠭᠳᠠᠭ᠎ᠠ ᠶᠢ ᠵᠣᠬᠢᠶᠠᠨ ᠪᠠᠶᠢᠭᠤᠯᠤᠨ ᠲᠠᠷᠢᠶᠠᠨ ᠭᠠᠵᠠᠷ ᠲᠤ ᠭᠦᠨᠵᠡᠭᠡᠶᠢᠷᠡᠭᠦᠯᠵᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠤᠬᠠᠶ ᠶᠢᠨ ᠲᠠᠯᠠᠪᠤᠷ ᠤᠨ ᠬᠡᠷᠡᠭ ᠤᠨ ᠲᠠᠶᠢᠯᠤᠮᠵᠢ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠲᠠᠷᠢᠶᠠᠯᠠᠩ ᠳᠤ ᠬᠤᠯᠪᠣᠭᠳᠠᠬᠤ ᠠᠮᠤᠷ ᠲᠦᠪᠰᠢᠨ ᠤ ᠮᠡᠳᠡᠯᠭᠡ ᠳᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠥᠷᠨᠢᠭᠦᠯᠵᠦ᠂ ᠲᠠᠷᠢᠶᠠᠴᠢᠨ ᠨᠠᠶᠢᠵᠠ ᠨᠠᠷ ᠤᠨ ᠬᠠᠤᠯᠢ ᠴᠠᠭᠠᠵᠠ ᠶᠢᠨ ᠬᠡᠪ ᠪᠣᠯᠪᠠᠰᠤᠷᠠᠯ ᠬᠢᠭᠡᠳ ᠥᠪᠡᠷ ᠢ ᠪᠠᠨ ᠰᠡᠷᠭᠡᠶᠢᠯᠡᠬᠦ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠵᠦ᠂ ᠠᠮᠤᠷ ᠲᠦᠪᠰᠢᠨ᠂ ᠬᠠᠪᠤᠷ ᠤᠨ ᠲᠠᠷᠢᠶᠠᠯᠠᠭ᠎ᠠ ᠶᠢ ᠰᠠᠭᠠᠲᠠᠭᠠᠬᠤ ᠥᠬᠡᠶ ᠪᠠᠶᠢᠬᠤ ᠶᠢ ᠪᠡᠶᠡᠯᠡᠭᠦᠯᠵᠦ᠂ ᠠᠮᠤᠷ ᠲᠦᠪᠰᠢᠨ ᠤ ᠳᠠᠯᠳᠠ ᠬᠡᠮ ᠢ ᠡᠬᠢ ᠡᠭᠦᠰᠦᠯ ᠠᠴᠠ ᠨᠢ ᠠᠷᠢᠯᠭᠠᠵᠤ᠂ ᠲᠠᠷᠢᠶᠠᠯᠠᠬᠤ ᠣᠷᠣᠨ ᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠦᠢᠯᠡᠳᠪᠦᠷᠢᠯᠡᠯ ᠤᠨ ᠠᠮᠤᠷ ᠲᠦᠪᠰᠢᠨ ᠤ ᠭᠠᠷᠠᠮ ᠢ ᠪᠣᠶ ᠪᠣᠯᠭᠠᠪᠠ᠃︽ᠣᠳᠣ ᠪᠣᠯ ᠬᠠᠪᠤᠷ ᠤᠨ ᠲᠠᠷᠢᠶᠠᠯᠠᠭ᠎ᠠ ᠶᠢᠨ ᠴᠠᠭ ᠮᠥᠨ᠂ ᠠᠷᠠᠳ ᠤᠨ ᠴᠠᠭᠳᠠᠭ᠎ᠠ ᠲᠣᠰᠬᠤᠨ ᠳᠤ ᠢᠷᠡᠵᠦ ᠪᠢᠳᠡᠨ  ᠳᠤ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠬᠢᠵᠦ᠂ ᠪᠢᠳᠡᠨ ᠳᠤ ᠠᠮᠤ ᠪᠤᠳᠠᠭ᠎ᠠ ᠬᠢᠮᠢ ᠶᠢᠨ ᠪᠤᠷᠳᠤᠭᠤᠷ ᠤᠨ ᠦᠨᠡᠨ ᠬᠤᠳᠠᠯ ᠢ ᠢᠯᠭᠠᠨ ᠲᠣᠳᠣᠯᠠᠬᠤ ᠶᠢᠨ ᠬᠠᠮᠲᠤ ᠪᠠᠰᠠ ᠤᠯᠠᠨ ᠲᠦᠮᠡᠨ ᠳᠤ ᠲᠠᠷᠢᠶᠠᠨ ᠡᠮ ᠤᠨ ᠯᠣᠩᠬᠤ ᠶᠢ ᠳᠤᠷ᠎ᠠ ᠪᠠᠷ ᠢᠶᠠᠨ ᠬᠠᠶᠠᠵᠤ ᠪᠣᠯᠬᠤ ᠦᠭᠡᠢ ᠭᠡᠵᠦ ᠰᠠᠨᠠᠭᠤᠯᠵᠤ᠂ ᠮᠠᠨ ᠤ ᠬᠠᠤᠯᠢ ᠴᠠᠭᠠᠵᠠ ᠶᠢᠨ ᠤᠬᠠᠮᠰᠠᠷ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ ᠪᠠᠰᠠ ᠣᠷᠴᠢᠨ ᠲᠣᠭᠤᠷᠢᠨ ᠢ ᠬᠠᠮᠠᠭᠠᠯᠠᠪᠠ᠃︾ ᠭᠡᠵᠦ ᠦᠬᠡᠷᠬᠤᠳᠳᠤᠭ ᠪᠠᠯᠭᠠᠰᠤᠨ ᠤ ᠠᠷᠠᠳ ᠮᠧᠩ ᠯᠢ ᠶᠢᠩ ᠪᠠᠶᠠᠷᠲᠠᠢ ᠪᠠᠷ ᠬᠡᠯᠡᠪᠡ᠃      ᠦᠢᠯᠡᠴᠢᠯᠡᠭᠡ ᠶᠢ ᠰᠢᠯᠢᠳᠡᠭᠵᠢᠭᠦᠯᠵᠦ᠂ ᠬᠠᠪᠤᠷ ᠤᠨ ᠲᠠᠷᠢᠶᠠᠯᠠᠭ᠎ᠠ ᠶᠢᠨ ᠡᠳ᠋ ᠪᠣᠳᠠᠰ ᠲᠤ ︽ᠵᠠᠮ ᠳᠡᠪᠢᠰᠬᠦ︾      ︽ᠲᠠ ᠰᠠᠢᠨ ᠤᠤ᠂ ᠪᠢᠳᠡ ᠲᠠᠨ ᠤ ᠲᠡᠷᠭᠡᠨ ᠤ ᠠᠷᠤ ᠳᠤ ᠭᠡᠷᠡᠯ ᠣᠶᠢᠯᠭᠠᠬᠤ ᠬᠠᠭᠤᠳᠠᠰᠤ ᠨᠠᠭᠠᠶ᠎ᠠ︾ ᠭᠡᠪᠡ       ᠬᠠᠪᠤᠷ ᠤᠨ ᠲᠠᠷᠢᠶᠠᠯᠠᠭ᠎ᠠ ᠶᠢᠨ ᠬᠤᠭᠤᠴᠠᠭᠠᠨ ᠳᠤ᠂ ᠬᠥᠳᠡᠭᠡ ᠲᠣᠰᠬᠤᠨ ᠤ ᠵᠠᠮ ᠬᠠᠷᠢᠯᠴᠠᠭᠠᠨ ᠤ ᠠᠮᠤᠷ ᠲᠦᠪᠰᠢᠨ ᠲᠦᠢᠯ ᠤᠨ ᠴᠢᠬᠤᠯᠠ ᠶᠤᠮ᠃ ᠦᠬᠡᠷᠬᠤᠳᠳᠤᠭ ᠲᠣᠮᠢᠯᠠᠭᠰᠠᠨ ᠰᠠᠯᠪᠤᠷᠢ ᠵᠠᠮ ᠬᠠᠷᠢᠯᠴᠠᠭᠠᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠣᠰᠬᠤᠨ ᠤ ᠠᠷᠠᠳ ᠤᠨ ᠶᠠᠪᠤᠵᠤ ᠰᠠᠭᠤᠬᠤ ᠣᠨᠴᠠᠯᠢᠭ ᠲᠤ ᠴᠢᠭᠯᠡᠭᠦᠯᠦᠨ᠂ ᠬᠦᠴᠦᠲᠡᠢ ᠠᠷᠭ᠎ᠠ ᠬᠡᠮᠵᠢᠶ᠎ᠡ ᠠᠪᠴᠤ᠂ ᠠᠷᠠᠳ ᠤᠨ ᠲᠤᠰᠠᠯᠠᠬᠤ ᠴᠠᠭᠳᠠᠭ᠎ᠠ ᠶᠢ ᠵᠣᠬᠢᠶᠠᠨ ᠪᠠᠶᠢᠭᠤᠯᠤᠨ ᠲᠠᠷᠢᠶᠠᠯᠠᠩ ᠳᠤ ᠬᠡᠷᠡᠭᠯᠡᠬᠦ ᠲᠡᠷᠭᠡ᠂ ᠭᠤᠷᠪᠠᠨ ᠬᠦᠷᠳᠦᠲᠦ ᠮᠣᠲ᠋ᠣᠷ ᠲᠡᠷᠭᠡ ᠪᠠ ᠴᠠᠬᠢᠯᠭᠠᠨ ᠬᠥᠳᠡᠯᠭᠡᠭᠦᠷᠲᠦ ᠲᠡᠷᠭᠡ ᠵᠡᠷᠭᠡ ᠭᠤᠣᠯᠳᠠᠯᠭ᠎ᠠ ᠲᠠᠢ ᠲᠡᠷᠭᠡ ᠬᠥᠰᠬᠡ ᠶᠢ ᠴᠢᠩᠭ᠎ᠠ ᠪᠠᠶᠢᠴᠠᠭᠠᠵᠤ᠂ ᠬᠠᠤᠯᠢ ᠶᠢ ᠵᠥᠷᠢᠴᠡᠨ ᠬᠥᠮᠦᠨ ᠠᠴᠢᠶᠠᠯᠠᠬᠤ ᠂ ᠬᠥᠮᠦᠨ ᠪᠠ ᠪᠠᠷᠠᠭ᠎ᠠ ᠶᠢ ᠬᠤᠯᠢᠯᠳᠤᠭᠤᠯᠤᠨ ᠰᠠᠪᠠᠯᠠᠬᠤ᠂ ᠬᠡᠷᠡᠭᠯᠡᠭᠡᠨ ᠠᠴᠠ ᠭᠠᠷᠭᠠᠭᠰᠠᠨ ᠲᠡᠷᠭᠡ ᠬᠥᠰᠬᠡ ᠶᠢ ᠵᠠᠮ  ᠳᠤ ᠭᠠᠷᠭᠠᠬᠤ ᠵᠡᠷᠭᠡ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠵᠦ᠂ ᠠᠮᠤᠷ ᠲᠦᠪᠰᠢᠨ ᠤ ᠳᠠᠯᠳᠠ ᠬᠡᠮ ᠢ ᠴᠠᠭ ᠲᠤᠬᠠᠶ ᠳᠤ ᠨᠢ ᠠᠷᠢᠯᠭᠠᠨ᠂ ᠬᠠᠪᠤᠷ ᠤᠨ ᠲᠠᠷᠢᠶᠠᠯᠠᠭ᠎ᠠ  ᠶᠢᠨ ᠬᠤᠭᠤᠴᠠᠭᠠᠨ ᠳᠠᠬᠢ ᠵᠠᠮ ᠬᠠᠷᠢᠯᠴᠠᠭᠠᠨ ᠤ ᠠᠮᠤᠷ ᠲᠦᠪᠰᠢᠨ ᠰᠠᠭᠠᠳ ᠦᠭᠡᠢ ᠨᠡᠪᠲᠡᠷᠡᠬᠦ ᠶᠢ ᠦᠨᠡᠨ ᠬᠦ ᠪᠠᠲᠤᠯᠠᠪᠠ᠃ᠬᠠᠪᠤᠷ ᠤᠨ ᠲᠠᠷᠢᠶᠠᠯᠠᠭ᠎ᠠ ᠶᠢᠨ ︽ᠴᠠᠭᠳᠠᠭ᠎ᠠ︾ ᠶᠢᠨ ᠦᠩᠭᠡ ᠳᠦᠷᠢ ᠪᠠᠷ ᠲᠠᠷᠢᠶᠠᠨ ᠭᠠᠵᠠᠷ ᠤᠨ ᠠᠶᠠᠯᠠᠯ ᠬᠠᠮᠠᠭᠠᠯᠠᠪᠠ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽ᠲᠠᠷᠢᠶᠠᠨ ᠭᠠᠵᠠᠷ ᠤᠨ ᠴᠠᠭᠳᠠᠭᠠᠨ ᠤ ᠶᠠᠪᠤᠳᠠᠯ︾ ᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠠᠮᠤᠷ ᠲᠦᠪᠰᠢᠨ ᠢ ᠠᠯᠬᠤᠮ ᠠᠯᠬᠤᠮ ᠢᠶᠠᠷ ᠬᠡᠮᠵᠢᠵᠦ᠂ ᠪᠠᠲᠤ ᠰᠠᠬᠢᠬᠤ ᠪᠠᠷ ᠡᠭᠦᠷᠭᠡᠯᠡᠯ ᠢᠶᠠᠨ ᠲᠠᠶᠢᠯᠪᠤᠷᠢᠯᠠᠨ᠎ᠠ᠃ ᠲᠡᠳᠡ ᠦᠨᠡᠨ ᠪᠣᠳᠠᠲᠠᠢ ᠠᠷᠭ᠎ᠠ ᠬᠡᠯᠪᠡᠷᠢ ᠪᠠᠷ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠢ ᠬᠠᠮᠠᠭᠠᠯᠠᠵᠤ᠂ ᠦᠨᠳᠦᠰᠦᠨ ᠱᠠᠲᠤᠨ ᠤ ᠵᠠᠰᠠᠯᠲᠠ ᠶᠢᠨ ᠠᠵᠢᠯ ᠢ ︽ᠡᠴᠦᠰ ᠤᠨ ᠨᠢᠭᠡ ᠺᠢᠯᠣᠮᠧᠲᠷ︾ ᠬᠦᠷᠲᠡᠯ᠎ᠡ ᠦᠷᠭᠦᠯᠵᠢᠯᠡᠭᠦᠯᠪᠡ᠃    
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号