ᠬᠥᠮᠦᠯᠢᠭ ᠦᠵᠡᠯ ᠳᠤ ᠭᠠᠷ ᠭᠠᠷ ᠢᠶᠠᠨ ᠬᠤᠯᠪᠣᠯᠴᠠᠨ᠂ ᠠᠮᠢ ᠨᠠᠰᠤ ᠶᠢ ᠬᠠᠶᠢᠷᠠᠯᠠᠶ᠎ᠠ | ᠪᠦᠬᠦ ᠬᠤᠰᠢᠭᠤᠨ ᠤ ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠢ᠂ ᠡᠯ᠎ᠡ ᠠᠷᠠᠳ ᠤᠨ ᠪᠦᠯᠬᠦᠮ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠬᠤᠰᠢᠭᠤᠨ ᠳᠤ | ᠰᠠᠭᠤᠭ᠎ᠠ ᠡᠯ᠎ᠡ ᠨᠢᠭᠡᠴᠢ᠂ ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ ᠵᠢᠴᠢ ᠥᠷᠭᠡᠨ ᠣᠯᠠᠨ ᠬᠠᠶᠢᠷ᠎ᠠ ᠬᠠᠯᠠᠮᠵᠢ ᠶᠢᠨ | ᠬᠥᠮᠦᠰ ᠲᠤ᠄ | ᠶᠡᠷᠦᠩᠬᠡᠶ ᠱᠦᠵᠢ ᠰᠢ ᠶᠢᠨ ᠫᠢᠩ᠄ ︽ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠪᠣᠯ ᠨᠢᠭᠡ ᠵᠦᠢᠯ ᠤᠨ ᠵᠣᠷᠢᠭ | ᠰᠠᠨᠠᠭ᠎ᠠ ᠪᠣᠯᠬᠤ ᠪᠠᠷ ᠪᠠᠷᠠᠬᠤ ᠥᠬᠡᠶ᠂ ᠨᠠᠩ ᠴᠤ ᠲᠤᠭ ᠲᠡᠮᠳᠡᠭ ᠮᠥᠨ᠂ ᠤᠯᠤᠰ ᠤᠨ ᠬᠢᠯᠢ᠂ ᠠᠷᠠᠰᠤᠲᠠᠨ᠂ | ᠢᠲᠡᠭᠡᠯ ᠪᠢᠰᠢᠷᠡᠯ ᠢ ᠳᠠᠪᠠᠵᠤ᠂ ᠳᠡᠯᠡᠬᠡᠶ ᠶᠢᠨ ᠬᠡᠪᠴᠢᠶᠡᠨ ᠳᠣᠲᠣᠷᠠᠬᠢ ᠬᠥᠮᠦᠯᠢᠭ ᠦᠵᠡᠯ ᠤᠨ ᠬᠥᠳᠡᠯᠭᠡᠭᠡᠨ ᠢ | ᠬᠥᠲᠥᠯᠥᠨ ᠳᠠᠭᠠᠭᠤᠯᠵᠤ ᠪᠠᠶᠢᠳᠠᠭ᠃ ᠬᠥᠮᠦᠯᠢᠭ ᠦᠵᠡᠯ ᠤᠨ ᠦᠢᠯᠡᠰ ᠪᠣᠯ ᠪᠦᠬᠦ ᠬᠥᠮᠦᠨ ᠲᠥᠷᠥᠯᠬᠢᠲᠡᠨ ᠤ | ᠬᠠᠮᠲᠤ ᠶᠢᠨ ᠦᠢᠯᠡᠰ ᠮᠥᠨ᠂ ᠤᠯᠠᠭᠠᠨ ᠵᠠᠭᠠᠯᠮᠠᠶᠢᠳᠠᠨ ᠤ ᠵᠣᠷᠢᠭ ᠰᠠᠨᠠᠭ᠎ᠠ ᠶᠢᠨ ᠲᠠᠰᠤᠷᠠᠯᠲᠠ ᠦᠭᠡᠢ ᠪᠠᠳᠠᠷᠠᠭᠤᠯᠤᠨ | ᠳᠡᠯᠭᠡᠷᠡᠬᠦ ᠶᠢ ᠢᠲᠡᠭᠡᠵᠦ ᠪᠠᠶᠢᠨ᠎ᠠ︾ ᠭᠡᠵᠦ ᠵᠢᠭᠠᠨ ᠭᠠᠷᠭᠠᠪᠠ᠃ ︽ᠬᠦᠮᠦᠯᠢᠭ ᠦᠵᠡᠯ ᠪᠣᠯ ᠠᠳᠠᠯᠢ ᠪᠤᠰᠤ | ᠪᠣᠯᠪᠠᠰᠤᠨ ᠢ ᠨᠢᠭᠲᠠᠷᠠᠭᠤᠯᠬᠤ ᠶᠢᠨ ᠬᠠᠮᠤᠭ ᠤᠨ ᠶᠡᠭᠡ ᠬᠠᠮᠲᠤ ᠶᠢᠨ ᠲᠠᠨᠢᠯᠲᠠ ᠮᠥᠨ᠃ ᠳᠤᠮᠳᠠᠳᠤ ᠶᠢᠨ | ᠤᠯᠠᠮᠵᠢᠯᠠᠯᠲᠤ ᠰᠣᠶᠣᠯ ᠳᠤ ᠠᠭᠤᠯᠤᠭᠳᠠᠵᠤ ᠪᠠᠶᠢᠭ᠎ᠠ ︿ᠡᠨᠡᠷᠢᠩᠭᠦᠶ ᠬᠦᠮᠦᠰ ᠪᠣᠰᠣᠳ ᠢ ᠬᠠᠶᠢᠷᠠᠯᠠᠳᠠᠭ﹀ ︿ | ᠥᠪᠡᠷ ᠲᠤ ᠪᠠᠨ ᠳᠤᠷ᠎ᠠ ᠦᠭᠡᠶᠢᠴᠡᠵᠦ ᠪᠠᠶᠢᠭ᠎ᠠ ᠪᠠᠨ ᠪᠣᠰᠣᠳ ᠲᠤ ᠪᠢᠲᠡᠭᠡᠢ ᠳᠠᠭᠠᠭᠠᠯᠭᠠᠪᠤᠷᠢᠯᠠ﹀ ᠵᠡᠷᠭᠡ ᠦᠵᠡᠯ | ᠰᠠᠨᠠᠭ᠎ᠠ ᠶᠢ ᠣᠯᠠᠨ ᠤᠯᠤᠰ ᠤᠨ ᠤᠯᠠᠭᠠᠨ ᠵᠠᠭᠠᠯᠮᠠᠶᠢᠲᠠᠨ ᠤ ᠬᠥᠳᠡᠯᠭᠡᠭᠡᠨ ᠤ ᠵᠣᠷᠢᠯᠲᠠ ᠯᠤᠭ᠎ᠠ ᠠᠭᠤᠰᠬᠠᠨ | ᠨᠡᠪᠲᠡᠷᠡᠯᠴᠡᠭᠦᠯᠪᠡ᠃︾ | 78 ᠳ᠋ᠤᠭᠠᠷ ︽5 · 8 ᠳᠡᠯᠡᠬᠡᠶ ᠶᠢᠨ ᠤᠯᠠᠭᠠᠨ ᠵᠠᠭᠠᠯᠮᠠᠶᠢᠲᠠᠨ ᠤ ᠡᠳᠦᠷ︾ ᠪᠠ ︽5 · 8 ᠤ ᠬᠥᠮᠦᠯᠢᠭ | ᠦᠵᠡᠯ ᠤᠨ ᠨᠡᠶᠢᠲᠡ ᠶᠢᠨ ᠠᠰᠠᠷᠠᠮᠵᠢ ᠶᠢᠨ ᠡᠳᠦᠷ︾ ᠬᠦᠷᠴᠦ ᠢᠷᠡᠬᠦ ᠲᠠᠰᠢᠷᠠᠮ ᠢᠶᠠᠷ᠂ ᠶᠡᠷᠦᠩᠬᠡᠶ ᠱᠦᠵᠢ ᠰᠢ ᠶᠢᠨ | ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠵᠤ᠂ ︽ᠬᠥᠮᠦᠯᠢᠭ | ᠦᠵᠡᠯ᠂ ᠲᠦᠭᠡᠮᠡᠯ ᠬᠠᠶᠢᠷ᠎ᠠ᠂ ᠬᠤᠪᠢ ᠨᠡᠮᠡᠷᠢ ᠦᠵᠡᠭᠦᠯᠬᠦ︾ ᠤᠯᠠᠭᠠᠨ ᠵᠠᠭᠠᠯᠮᠠᠶᠢᠲᠠᠨ ᠤ ᠵᠣᠷᠢᠭ ᠰᠠᠨᠠᠭ᠎ᠠ ᠶᠢ | ᠶᠡᠭᠡ ᠪᠠᠷ ᠪᠠᠳᠠᠷᠠᠭᠤᠯᠬᠤ ᠶᠢᠨ ᠲᠥᠯᠥᠭᠡ᠂ ᠪᠥᠬᠦ ᠨᠡᠶᠢᠭᠡᠮ ᠳᠤ ︽ᠬᠥᠮᠦᠨ ᠪᠦᠬᠦᠨ ᠮᠢᠨᠦ ᠲᠥᠯᠥᠭᠡ᠂ ᠪᠢ ᠬᠥᠮᠦᠨ | ᠪᠦᠬᠦᠨ ᠤ ᠲᠥᠯᠥᠭᠡ︾ ᠭᠡᠬᠦ ᠰᠠᠶᠢᠨ ᠰᠠᠶᠢᠬᠠᠨ ᠨᠡᠶᠢᠭᠡᠮ ᠤᠨ ᠬᠡᠪ ᠰᠤᠷᠲᠠᠯ ᠢ ᠥᠷᠭᠡᠨ ᠢᠶᠠᠷ ᠰᠠᠨᠠᠭᠠᠴᠢᠯᠠᠵᠤ᠂ | ᠳᠤᠮᠳᠠᠳᠤ ᠤᠯᠤᠰ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠳᠤᠮᠳᠠᠳᠤ ᠤᠯᠤᠰ ᠤᠨ ᠤᠯᠠᠭᠠᠨ ᠵᠠᠭᠠᠯᠮᠠᠶᠢᠲᠠᠨ ᠤ | ᠰᠠᠭᠤᠷᠢ ᠮᠥᠩᠭᠦᠨ ᠤ ᠨᠡᠶᠢᠭᠡᠮᠯᠢᠭ᠂ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ | ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠰᠠᠭᠤᠷᠢ ᠮᠥᠩᠭᠦᠨ ᠤ ᠨᠡᠶᠢᠭᠡᠮᠯᠢᠭ ᠠᠴᠠ ᠬᠥᠮᠦᠯᠢᠭ | ᠦᠵᠡᠯ ᠤᠨ ᠣᠯᠠᠨ ᠵᠦᠢᠯ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠥᠷᠨᠢᠭᠦᠯᠵᠦ᠂ ᠨᠠᠩ ᠣᠯᠠᠨ ᠨᠡᠶᠢᠭᠡᠮ | ᠤᠨ ᠬᠦᠴᠦᠨ ᠢ ᠨᠢᠭᠲᠠᠷᠠᠭᠤᠯᠤᠨ ᠤᠯᠠᠭᠠᠨ ᠵᠠᠭᠠᠯᠮᠠᠶᠢᠲᠠᠨ ᠤ ᠬᠥᠮᠦᠯᠢᠭ ᠨᠡᠶᠢᠲᠡ ᠶᠢᠨ ᠠᠰᠠᠷᠠᠮᠵᠢ ᠶᠢᠨ ᠦᠢᠯᠡᠰ ᠲᠤ | ᠢᠳᠡᠪᠬᠢᠲᠡᠶ ᠣᠷᠣᠯᠴᠠᠭᠤᠯᠬᠤ ᠪᠠ ᠳᠡᠮᠵᠢᠵᠦ᠂ ᠬᠦᠴᠢᠷᠳᠡᠯᠲᠡᠶ ᠬᠠᠮᠲᠤᠯᠢᠭ᠂ ᠬᠠᠮᠤᠭ ᠤᠨ ᠠᠮᠠᠷᠬᠠᠨ ᠬᠤᠬᠢᠷᠠᠯ | ᠠᠮᠰᠠᠬᠤ ᠬᠠᠮᠲᠤᠯᠢᠭ ᠲᠤ ᠵᠣᠭᠤᠰ ᠮᠥᠩᠭᠦ ᠴᠤᠭᠯᠠᠭᠤᠯᠵᠤ᠂ ᠲᠡᠳᠡᠨ ᠤ ᠠᠮᠢᠳᠤᠷᠠᠯ ᠤᠨ ᠪᠠᠶᠢᠳᠠᠯ ᠪᠠ ᠡᠷᠡᠭᠦᠯ | ᠮᠡᠨᠳᠦ ᠶᠢᠨ ᠨᠥᠬᠦᠴᠡᠯ ᠢ ᠰᠠᠶᠢᠵᠢᠷᠠᠭᠤᠯᠬᠤ ᠳᠤ ᠬᠦᠴᠦᠨ ᠨᠡᠮᠡᠷᠢᠯᠡᠬᠦ ᠶᠢᠨ ᠲᠥᠯᠥᠭᠡ ᠶᠤᠮ᠃ | ᠪᠤᠭᠤᠲᠤ ᠬᠤᠲᠠ ᠶᠢᠨ ᠤᠯᠠᠭᠠᠨ ᠵᠠᠭᠠᠯᠮᠠᠢᠳᠠᠨ ᠤ ᠨᠡᠶᠢᠭᠡᠮᠯᠢᠭ ᠮᠠᠨ ᠤ ᠬᠤᠲᠠ ᠶᠢᠨ ᠪᠣᠳᠠᠲᠤ ᠪᠠᠶᠢᠳᠠᠯ ᠢ | ᠦᠨᠳᠦᠰᠦᠯᠡᠨ᠂ ᠳᠤᠮᠳᠠᠳᠤ ᠤᠯᠤᠰ ᠤᠨ ᠤᠯᠠᠭᠠᠨ ᠵᠠᠭᠠᠯᠮᠠᠢᠳᠠᠨ ᠤ ᠰᠠᠭᠤᠷᠢ ᠮᠥᠩᠭᠦᠨ ᠤ ᠨᠡᠢᠭᠡᠮᠯᠢᠭ ᠤᠨ ︽ | ᠬᠠᠮᠲᠤ ᠪᠠᠷ ᠶᠠᠪᠤᠬᠤ︾ ᠬᠠᠨᠳᠢᠪ ᠤᠨ ᠠᠯᠬᠤᠮ ᠤᠨ ᠠᠷᠭ᠎ᠠ ᠪᠠᠷ ᠪᠡᠯᠡ ᠴᠤᠭᠯᠠᠭᠤᠯᠬᠤ ᠨᠡᠶᠢᠲᠡ ᠶᠢᠨ | ᠠᠰᠠᠷᠠᠮᠵᠢ ᠶᠢᠨ ᠲᠥᠷᠥᠯ ᠵᠦᠢᠯ — ︽ᠬᠠᠯᠠᠭᠤᠨ ᠳᠤᠯᠠᠭᠠᠨ ᠭᠡᠷ ᠪᠦᠯᠢ ᠶᠢᠨ ᠬᠠᠶᠢᠷᠴᠠᠭ︾ ᠢ ᠥᠷᠭᠡᠨ ᠢᠶᠠᠷ | ᠵᠣᠬᠢᠶᠠᠨ ᠪᠠᠶᠢᠭᠤᠯᠤᠨ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠢᠳᠠᠨ ᠤ ᠰᠠᠭᠤᠷᠢ | ᠮᠥᠩᠭᠦᠨ ᠤ ᠨᠡᠶᠢᠭᠡᠮᠯᠢᠭ ᠤᠨ ᠪᠡᠯᠡ ᠴᠤᠭᠯᠠᠭᠤᠯᠬᠤ ᠲᠥᠷᠥᠯ ᠵᠦᠢᠯ — ︽ᠥᠪᠥᠷ ᠮᠣᠩᠭᠤᠯ ᠤᠨ ᠪᠠᠴᠢᠮ | ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠥᠷᠲᠡᠭᠡ︾᠂ ︽ᠥᠪᠥᠷ ᠮᠣᠩᠭᠤᠯ ᠤᠨ AED ᠮᠠᠰᠢᠨ ︵ᠠᠦ᠋ᠲ᠋ᠣ᠋ | ᠪᠡᠶ᠎ᠡ ᠶᠢᠨ ᠭᠠᠳᠠᠨ᠎ᠠ ᠴᠡᠴᠡᠷᠡᠬᠦ ᠶᠢ ᠠᠷᠢᠯᠭᠠᠬᠤ ᠮᠠᠰᠢᠨ︶︾ ᠢ ᠥᠷᠨᠢᠭᠦᠯᠵᠦ᠂ ᠪᠤᠭᠤᠲᠤ ᠬᠤᠲᠠ ᠶᠢᠨ ᠤᠯᠠᠭᠠᠨ | ᠵᠠᠭᠠᠯᠮᠠᠢᠳᠠᠨ ᠤ ᠨᠡᠶᠢᠭᠡᠮᠯᠢᠭ ᠤᠨ ᠪᠡᠯᠡ ᠴᠤᠭᠯᠠᠭᠤᠯᠬᠤ ᠲᠥᠷᠥᠯ ᠵᠦᠢᠯ — ︽ᠭᠡᠷ ᠪᠣᠯᠭᠠᠨ ᠴᠥᠮ ᠪᠠᠴᠢᠮ | ᠠᠪᠤᠷᠠᠭᠴᠢ ᠪᠠᠶᠢᠬᠤ︾᠂ ︽︿ᠪᠣᠭᠤᠳᠣ ᠬᠤᠲᠠ ᠶᠢᠨ ᠤᠯᠠᠭᠠᠨ﹀ ᠳᠤᠯᠠᠭᠠᠨ ᠭᠡᠷ ᠤᠨ ᠬᠠᠶᠢᠷᠴᠠᠭ︾ ᠲᠠᠢ᠃ | ᠳᠡᠭᠡᠷ᠎ᠡ ᠳᠤᠷᠠᠳᠤᠭᠰᠠᠨ ᠨᠡᠶᠢᠲᠡ ᠶᠢᠨ ᠠᠰᠠᠷᠠᠮᠵᠢ ᠶᠢᠨ ᠵᠦᠢᠯᠡᠰ ᠢ ᠵᠠᠯᠭᠠᠭ᠎ᠠ ᠪᠠᠷ ᠨᠡᠶᠢᠲᠡᠯᠡᠬᠦ ᠶᠢᠨ ᠬᠠᠮᠲᠤ ᠵᠣᠬᠢᠶᠠᠨ | ᠪᠠᠶᠢᠭᠤᠯᠵᠤ ᠬᠡᠷᠡᠭᠵᠢᠭᠦᠯᠦᠨ᠎ᠡ᠃ ᠳᠤᠮᠳᠠᠳᠤ ᠤᠯᠤᠰ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠳᠤᠮᠳᠠᠳᠤ | ᠤᠯᠤᠰ ᠤᠨ ᠤᠯᠠᠭᠠᠨ ᠵᠠᠭᠠᠯᠮᠠᠶᠢᠲᠠᠨ ᠤ ᠰᠠᠭᠤᠷᠢ ᠮᠥᠩᠭᠦᠨ ᠤ ᠨᠡᠶᠢᠭᠡᠮᠯᠢᠭ ᠤᠨ ᠱᠠᠭᠠᠷᠳᠠᠯᠭ᠎ᠠ ᠶᠢ ᠦᠨᠳᠦᠰᠦᠯᠡᠨ᠂ | 4 ᠳ᠋ᠦ᠋ᠭᠡᠷ ᠰᠠᠷ᠎ᠠ ᠶᠢᠨ 21 ᠤ ᠡᠳᠦᠷ ᠠᠴᠠ 5 ᠳ᠋ᠤᠭᠠᠷ ᠰᠠᠷ᠎ᠠ ᠶᠢᠨ 20 ᠤ ᠡᠳᠦᠷ ᠪᠣᠯᠲᠠᠯᠠᠬᠢ ᠬᠤᠭᠤᠴᠠᠭᠠᠨ ᠳᠤ᠂ | ︽ᠬᠠᠮᠲᠤ ᠪᠠᠷ ᠶᠠᠪᠤᠬᠤ︾ ᠬᠠᠨᠳᠢᠪ ᠤᠨ ᠠᠯᠬᠤᠮ ᠢᠶᠠᠷ ᠪᠡᠯᠡ ᠮᠥᠩᠭᠦ ᠴᠤᠭᠯᠠᠭᠤᠯᠬᠤ ᠨᠡᠶᠢᠲᠡ ᠶᠢᠨ ᠠᠰᠠᠷᠠᠮᠵᠢ ᠶᠢᠨ | ᠲᠥᠷᠥᠯ ᠵᠦᠢᠯ — ︽ᠭᠡᠷ ᠪᠦᠯᠢ ᠶᠢᠨ ᠬᠠᠶᠢᠷᠴᠠᠭ︾ ᠢ ᠤᠷᠢᠳᠠᠪᠠᠷ ᠥᠷᠨᠢᠭᠦᠯᠦᠨ᠎ᠡ᠃ ᠪᠣᠳᠠᠲᠠᠶ ᠪᠠᠶᠢᠳᠠᠯ ᠨᠢ | ᠳᠣᠤᠷᠠᠬᠢ ᠮᠡᠲᠦ᠄ | ᠲᠣᠰ ᠲᠥᠷᠥᠯ ᠵᠦᠢᠯ ᠪᠣᠯ ᠳᠤᠮᠳᠠᠳᠤ ᠤᠯᠤᠰ ᠤᠨ ᠤᠯᠠᠭᠠᠨ ᠵᠠᠭᠠᠯᠮᠠᠶᠢᠲᠠᠨ ᠤ ᠰᠠᠭᠤᠷᠢ ᠮᠥᠩᠭᠦᠨ ᠤ | ᠨᠡᠶᠢᠭᠡᠮᠯᠢᠭ ᠠᠴᠠ ᠡᠭᠦᠰᠭᠡᠨ ᠪᠠᠶᠢᠭᠤᠯᠵᠤ᠂ ᠲᠧᠩ ᠰᠢᠶᠦ᠋ᠨ ᠨᠡᠶᠢᠲᠡ ᠶᠢᠨ ᠠᠰᠠᠷᠠᠮᠵᠢ ᠶᠢᠨ ᠲᠠᠪᠴᠠᠩ ᠳᠡᠭᠡᠷ᠎ᠡ | ᠭᠠᠷᠴᠤ᠂ ᠭᠤᠤᠯᠳᠠᠭᠤ ᠴᠠᠭᠠᠨ ᠰᠠᠷ᠎ᠠ ᠶᠢᠨ ᠬᠤᠭᠤᠴᠠᠭᠠᠨ ᠳᠤ ᠬᠦᠴᠢᠷᠳᠡᠯ ᠳᠤ ᠲᠤᠯᠭᠠᠷᠠᠭᠰᠠᠨ ᠬᠡᠷ ᠪᠦᠯᠢ᠂ | ᠥᠨᠥᠴᠢᠨ ᠪᠡᠯᠪᠡᠰᠦᠨ ᠨᠠᠰᠤᠲᠠᠨ ᠵᠡᠷᠭᠡ ᠪᠠᠭᠤᠷᠠᠶ ᠶᠢ ᠬᠠᠪᠰᠤᠷᠤᠨ ᠲᠣᠬᠤᠨᠢᠭᠤᠯᠵᠤ᠂ ᠲᠡᠳᠡᠨ ᠳᠤ ᠨᠠᠷᠢᠨ ᠨᠢᠮᠪᠠᠶ | ᠪᠡᠯᠡᠳᠬᠡᠭᠰᠡᠨ ︽ᠬᠡᠷ ᠪᠦᠯᠢ ᠶᠢᠨ ᠬᠠᠶᠢᠷᠴᠠᠭ︾ ᠬᠦᠷᠭᠡᠵᠦ᠂ ᠲᠡᠳᠡᠨ ᠳᠤ ᠪᠣᠳᠠᠰ ᠤᠨ ᠬᠠᠪᠰᠤᠷᠤᠯᠭ᠎ᠠ ᠳᠡᠮᠵᠢᠯᠭᠡ | ᠪᠠ ᠣᠶᠤᠨ ᠰᠠᠨᠠᠭᠠᠨ ᠤ ᠲᠠᠶᠢᠳᠬᠤᠷᠠᠭᠤᠯᠤᠯ ᠣᠯᠭᠤᠵᠠᠢ᠃ ᠡᠨᠡ ᠨᠢ ᠲᠡᠳᠡᠨ ᠢ ᠪᠠᠶᠠᠷ ᠤᠨ ᠡᠳᠦᠷ ᠲᠤ | ᠢᠨᠢᠶᠡᠮᠰᠦᠭᠯᠡᠵᠦ᠂ ᠨᠠᠮ ᠪᠠ ᠵᠠᠰᠠᠭ ᠤᠨ ᠣᠷᠳᠣᠨ ᠵᠢᠴᠢ ᠨᠡᠶᠢᠭᠡᠮ ᠤᠨ ᠶᠡᠭᠡ ᠭᠡᠷ ᠪᠦᠯᠢ ᠶᠢᠨ ᠬᠠᠯᠠᠭᠤᠨ ᠳᠤᠯᠠᠭᠠᠨ | ᠪᠠ ᠲᠥᠷᠥᠯ ᠰᠠᠳᠤᠨ ᠤ ᠬᠠᠶᠢᠷ᠎ᠠ ᠰᠡᠳᠬᠢᠯᠭᠡ ᠶᠢ ᠦᠨᠡᠨ ᠰᠡᠳᠬᠢᠯ ᠠᠴᠠ ᠪᠠᠨ ᠣᠶᠢᠯᠠᠭᠠᠭᠤᠯᠬᠤ ᠪᠠᠷ ᠪᠠᠷᠠᠬᠤ ᠦᠭᠡᠢ | ᠂ ᠨᠡᠩ ᠤᠯᠠᠨ ᠬᠥᠮᠦᠰ ᠢ ᠲᠠᠶᠢᠴᠢᠯᠠᠨ ᠪᠠᠭᠤᠷᠠᠶᠢᠴᠤᠤᠯ ᠢ ᠠᠩᠬᠠᠷᠤᠨ ᠬᠠᠯᠠᠮᠵᠢᠯᠠᠵᠤ᠂ ᠳᠤᠮᠳᠠᠳᠤ ᠶᠢᠨ | ᠤᠯᠠᠮᠵᠢᠯᠠᠯᠲᠤ ᠰᠠᠶᠢᠬᠠᠨ ᠰᠤᠷᠲᠠᠯ ᠢ ᠰᠢᠨ᠎ᠡ ᠴᠠᠭ ᠦᠶ᠎ᠡ ᠳᠤ ᠪᠠᠳᠠᠷᠠᠭᠤᠯᠬᠤ ᠪᠠ ᠤᠯᠠᠮᠵᠢᠯᠠᠨ ᠵᠠᠯᠭᠠᠮᠵᠢᠯᠠᠭᠤᠯᠬᠤ | ᠪᠣᠯᠤᠨ᠎ᠠ᠃ | ᠲᠣᠰ ᠲᠥᠷᠥᠯ ᠵᠦᠢᠯ ᠢ ︽ᠬᠠᠮᠳᠣ ᠪᠠᠷ ᠶᠠᠪᠤᠭᠤᠯᠬᠤ︾ ᠬᠠᠨᠳᠢᠪ ᠤᠨ ᠠᠯᠬᠤᠮ ᠢ ᠳᠠᠶᠢᠴᠢᠯᠠᠨ ᠬᠠᠨᠳᠢᠪᠯᠠᠬᠤ | ᠂ ᠰᠦᠯᠵᠢᠶᠡᠨ ᠳᠡᠭᠡᠷ᠎ᠡ ᠵᠣᠭᠤᠰ ᠬᠠᠨᠳᠢᠪᠯᠠᠨ ᠬᠦᠷᠭᠡᠬᠦ ᠬᠤᠶᠠᠷ ᠵᠦᠢᠯ ᠤᠨ ᠠᠷᠭ᠎ᠠ ᠬᠡᠯᠪᠡᠷᠢ ᠬᠤᠪᠢᠶᠠᠨ᠎ᠠ᠂ | ᠡᠭᠦᠨ ᠳᠤ ︽ᠬᠠᠮᠲᠣ ᠪᠠᠷ ᠶᠠᠪᠤᠭᠤᠯᠬᠤ︾ ᠬᠠᠨᠳᠢᠪᠯᠠᠨ ᠬᠦᠷᠭᠡᠬᠦ ᠠᠷᠭ᠎ᠠ ᠮᠠᠶ᠋ᠢᠭ ᠨᠢ᠂ ᠲᠠ ᠵᠦᠪᠬᠡᠨ 4 ᠳ᠋ᠦ᠋ᠭᠡᠷ | ᠰᠠᠷ᠎ᠠ ᠶᠢᠨ 21 ᠤ ᠡᠳᠦᠷ ᠤᠨ 0 ᠴᠠᠭ ᠠᠴᠠ 5 ᠳ᠋ᠤᠭᠠᠷ ᠰᠠᠷ᠎ᠠ ᠶᠢᠨ 20 ᠤ ᠡᠳᠦᠷ ᠤᠨ 24 ᠴᠠᠭ ᠤᠨ | ᠬᠤᠭᠤᠴᠠᠭᠠᠨ ᠳᠤ᠂ ᠸᠢᠴᠠᠲ ᠤᠨ ᠬᠥᠳᠡᠯᠭᠡᠭᠡᠨ ᠢ ᠨᠡᠭᠡᠭᠡᠵᠦ᠂ ᠡᠳᠦᠷ ᠪᠦᠷᠢ 5800 ᠭᠠᠷᠤᠢ ᠠᠯᠬᠤᠮ ᠠᠯᠬᠤᠪᠠᠯ᠂ | ᠲᠧᠩ ᠰᠢᠶᠦ᠋ᠨ ᠤ ᠨᠡᠶᠢᠲᠡ ᠶᠢᠨ ᠠᠰᠠᠷᠠᠮᠵᠢ ᠶᠢᠨ ᠲᠠᠪᠴᠠᠩ ᠤᠨ ᠳᠡᠮᠵᠢᠯᠭᠡ ᠶᠢᠨ 0.5 ᠲᠥᠭᠦᠷᠢᠭ ᠠᠴᠠ ᠳᠣᠣᠷ᠎ᠠ | ᠦᠭᠡᠢ ᠬᠠᠨᠳᠢᠪᠯᠠᠨ ᠲᠤᠰᠠᠯᠠᠬᠤ ᠵᠣᠭᠤᠰ ᠣᠯᠵᠣ᠂ ᠪᠥᠬᠦ ᠤᠯᠤᠰ ᠲᠤ ᠨᠡᠶᠢᠲᠡ 200 ᠲᠦᠮᠡᠨ ᠲᠥᠭᠦᠷᠢᠭ ᠤᠨ | ᠬᠦᠴᠦᠨ ᠨᠡᠮᠡᠷᠢᠯᠡᠵᠦ᠂ ᠤᠷᠢᠳᠠᠪᠠᠷ ᠣᠴᠢᠪᠠᠯ ᠤᠷᠢᠳᠠᠪᠠᠷ ᠣᠯᠤᠨ᠎ᠠ᠃ ︽ᠬᠠᠮᠲᠣ ᠪᠠᠷ ᠶᠠᠪᠤᠬᠤ︾ ᠨᠡᠶᠢᠲᠡ ᠶᠢᠨ | ᠠᠰᠠᠷᠠᠮᠵᠢ ᠶᠢᠨ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠵᠤ ᠪᠠᠰᠠ | ᠬᠠᠶᠢᠷ᠎ᠠ ᠬᠠᠯᠠᠮᠵᠢ ᠶᠢᠨ ᠨᠢᠭᠦᠯᠡᠰᠦᠩᠭᠦᠢ ᠶᠢᠨ ᠬᠠᠨᠳᠢᠪᠯᠠᠬᠤ ᠠᠵᠢᠯᠯᠠᠭ᠎ᠠ ᠬᠢᠵᠦ ᠪᠣᠯᠬᠤ ᠮᠥᠷᠲᠡᠭᠡᠨ ᠪᠠᠰᠠ ᠬᠦᠴᠢᠷᠳᠡᠯ | ᠳᠤ ᠲᠤᠯᠭᠠᠷᠠᠭᠰᠠᠨ ᠭᠡᠷ ᠪᠦᠯᠢ᠂ ᠥᠨᠥᠴᠢᠨ ᠪᠡᠯᠪᠡᠰᠦᠨ ᠨᠠᠰᠤᠲᠠᠨ ᠵᠡᠷᠭᠡ ᠪᠠᠭᠤᠷᠠᠶᠢᠴᠤᠤᠯ ᠢ ᠬᠠᠪᠰᠤᠷᠤᠨ | ᠲᠡᠳᠬᠦᠵᠦ ᠠᠪᠤᠷᠠᠨ ᠲᠤᠰᠠᠯᠠᠨ᠎ᠠ᠃ | ᠠᠳᠡ᠂ ᠪᠢᠳᠡ᠄ ᠪᠦᠬᠦ ᠬᠤᠰᠢᠭᠤᠨ ᠤ ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ | ᠠᠵᠢᠯ ᠦᠢᠯᠡᠰ ᠤᠨ ᠨᠢᠭᠡᠴᠢ᠂ ᠡᠯ᠎ᠡ ᠠᠷᠠᠳ ᠤᠨ ᠪᠦᠯᠬᠦᠮ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ | ᠬᠤᠰᠢᠭᠤᠨ ᠳᠤ ᠰᠠᠭᠤᠭ᠎ᠠ ᠡᠯ᠎ᠡ ᠨᠢᠭᠡᠴᠢ᠂ ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ ᠵᠢᠴᠢ ᠥᠷᠭᠡᠨ ᠣᠯᠠᠨ | ᠬᠠᠶᠢᠷ᠎ᠠ ᠬᠠᠯᠠᠮᠵᠢ ᠶᠢᠨ ᠬᠥᠮᠦᠰ ᠤᠯᠠᠭᠠᠨ ᠵᠠᠭᠠᠯᠮᠠᠶᠢᠲᠠᠨ ᠤ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠳᠤ | ᠢᠳᠡᠪᠬᠢᠲᠡᠢ ᠣᠷᠣᠯᠴᠠᠬᠤ ᠶᠢ ᠴᠢᠩ ᠰᠡᠳᠬᠢᠯ ᠠᠴᠠ ᠪᠠᠨ ᠤᠷᠢᠶᠠᠯᠠᠪᠠ᠃ ᠬᠠᠶᠢᠷ᠎ᠠ ᠬᠠᠯᠠᠮᠵᠢ ᠶᠢᠨ ᠬᠠᠨᠳᠢᠪ ᠨᠢᠭᠡᠪᠦᠷᠢ | ᠂ ᠤᠳᠠᠭ᠎ᠠ ᠪᠦᠷᠢ ᠳᠠᠮᠵᠢᠭᠤᠯᠤᠨ ᠲᠠᠷᠬᠠᠭᠠᠬᠤ ᠪᠣᠯ ᠴᠥᠮ ᠲᠠᠨ ᠤ ᠬᠠᠶᠢᠷ᠎ᠠ ᠬᠠᠯᠠᠮᠵᠢ ᠶᠢᠨ ᠳᠠᠮᠵᠢᠭᠤᠯᠭ᠎ᠠ ᠮᠥᠨ᠂ | ᠴᠥᠮ ᠨᠢᠭᠡᠨ ᠬᠦᠴᠦᠷᠬᠡᠭ ᠶᠡᠭᠡ ᠬᠦᠴᠦᠨ ᠪᠣᠯᠵᠣ᠂ ᠬᠠᠪᠰᠤᠷᠬᠤ ᠴᠢᠬᠤᠯᠠᠲᠠᠶ ᠬᠥᠮᠦᠰ ᠲᠤ ᠬᠠᠶᠢᠷ᠎ᠠ ᠬᠠᠯᠠᠮᠵᠢ ᠪᠠ | ᠬᠦᠰᠡᠯ ᠡᠷᠡᠮᠡᠯᠵᠡᠯ ᠬᠦᠷᠭᠡᠵᠦ ᠪᠠᠶᠢᠨ᠎ᠠ᠃ | ᠪᠢᠳᠡ ᠭᠠᠷ ᠭᠠᠷ ᠢᠶᠠᠨ ᠬᠤᠯᠪᠣᠯᠴᠠᠨ ᠬᠠᠮᠲᠤ ᠪᠠᠷ ᠨᠡᠶᠢᠲᠡ ᠶᠢᠨ ᠠᠰᠠᠷᠠᠮᠵᠢ ᠶᠢᠨ ᠦᠢᠯᠡᠰ ᠢ ᠬᠢᠵᠦ᠂ | ᠳᠠᠷᠬᠠᠨ ᠮᠤᠤᠮᠢᠩᠭᠠᠨ ᠤ ᠬᠥᠮᠦᠯᠢᠭ ᠦᠵᠡᠯ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠬᠦᠴᠦ ᠨᠡᠮᠡᠷᠢᠯᠡᠶ᠎ᠡ︕ | ᠬᠠᠷᠢᠯᠴᠠᠬᠤ ᠬᠥᠮᠦᠨ᠄ ᠵᠣᠣ ᠾᠧᠩ | ᠬᠠᠷᠢᠯᠴᠠᠬᠤ ᠤᠲᠠᠰᠤ᠄ 0472 - 6172668᠂ 15049324997 |