ᠯᠢ ᠴᠢᠶᠠᠩ ᠪᠣᠯᠣᠨ ᠺᠧᠰᠲ᠋ᠠ ᠹᠧᠩᠳᠧᠯᠠᠶᠢ᠊ ᠆ ᠧᠨ ᠬᠠᠷᠢᠯᠴᠠᠨ ᠪᠠᠶᠠᠷ ᠤᠨ ᠴᠠᠭᠢᠯᠭᠠᠨ ᠴᠢᠮᠡᠭᠡ ᠶᠠᠪᠤᠭᠤᠯᠵᠠᠢ | ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 6 ᠤ ᠴᠠᠭᠢᠯᠭᠠᠨ ᠮᠡᠳᠡᠭᠡ 5 ᠰᠠᠷ᠎ᠠ ᠶᠢᠨ 6 ᠤ ᠡᠳᠦᠷ᠂ | ᠤᠯᠤᠰ ᠤᠨ ᠲᠡᠷᠢᠭᠦᠯᠡᠭᠴᠢ ᠰᠢ ᠶᠢᠨ ᠫᠢᠩ ᠪᠣᠯᠣᠨ ᠡᠸᠦ᠋ᠷᠦᠫᠡ ᠲᠢᠪ ᠤᠨ ᠬᠡᠷᠡᠭ ᠡᠷᠭᠢᠯᠡᠭᠴᠢᠳ ᠤᠨ ᠬᠤᠷᠠᠯ ᠤᠨ | ᠲᠡᠷᠢᠭᠦᠯᠡᠭᠴᠢ ᠺᠧᠰᠲ᠋ᠠ᠂ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠶᠢᠨ ᠵᠥᠪᠯᠡᠯ ᠤᠨ ᠲᠡᠷᠢᠭᠦᠯᠡᠭᠴᠢ | ᠹᠧᠩᠳᠧᠯᠠᠶᠢ᠊ ᠆ ᠧᠨ ᠬᠠᠷᠢᠯᠴᠠᠨ ᠪᠠᠶᠠᠷ ᠤᠨ ᠴᠠᠭᠢᠯᠭᠠᠨ ᠴᠢᠮᠡᠭᠡ ᠶᠠᠪᠤᠭᠤᠯᠵᠤ᠂ ᠳᠤᠮᠳᠠᠳᠤ ᠤᠯᠤᠰ ᠪᠣᠯᠣᠨ ᠡᠸᠦ᠋ᠷᠦᠫᠡ | ᠲᠢᠪ ᠤᠨ ᠤᠯᠤᠰ ᠤᠳ ᠤᠨ ᠬᠤᠯᠪᠤᠭ᠎ᠠ ᠶᠢᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠶᠢ | ᠬᠠᠯᠠᠭᠤᠨ ᠢᠶᠠᠷ ᠪᠡᠯᠭᠡᠯᠡᠪᠡ᠃ | ᠰᠢ ᠶᠢᠨ ᠫᠢᠩ᠂ ᠳᠤᠮᠳᠠᠳᠤ ᠤᠯᠤᠰ ᠪᠣᠯᠣᠨ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠪᠣᠯ ᠪᠦᠭᠦ | ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠮᠥᠨ᠂ ᠪᠠᠰᠠ ᠴᠤ ᠤᠯᠠᠨ ᠲᠦᠢᠯᠵᠢᠯᠳᠡ ᠶᠢ ᠠᠬᠢᠭᠤᠯᠬᠤ ᠬᠤᠶᠠᠷ ᠶᠡᠭᠡ | ᠬᠦᠴᠦᠨ ᠮᠥᠨ᠂ ᠳᠡᠯᠡᠬᠡᠶᠢᠵᠢᠯᠲᠡ ᠶᠢ ᠳᠡᠮᠵᠢᠬᠦ ᠬᠤᠶᠠᠷ ᠶᠡᠭᠡ ᠵᠠᠬ᠎ᠠ ᠳᠡᠯᠭᠡᠭᠦᠷ ᠮᠥᠨ᠂ ᠤᠯᠠᠨ ᠶᠠᠩᠵᠤᠲᠤ ᠴᠢᠨᠠᠷ ᠢ | ᠰᠠᠨᠠᠭᠠᠴᠢᠯᠠᠬᠤ ᠬᠤᠶᠠᠷ ᠶᠡᠭᠡ ᠪᠣᠯᠪᠠᠰᠤᠨ ᠮᠥᠨ᠃ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠲᠤᠷᠰᠢ᠂ | ᠬᠤᠶᠠᠷ ᠲᠠᠯ᠎ᠠ ᠶᠢᠨ ᠡᠯ᠎ᠡ ᠳᠠᠪᠬᠤᠷᠭ᠎ᠠ᠂ ᠡᠯ᠎ᠡ ᠬᠦᠷᠢᠶᠡᠨ ᠳᠠᠬᠢ ᠶᠠᠪᠤᠯᠴᠠᠭ᠎ᠠ ᠨᠢᠭᠲᠠᠷᠠᠵᠤ᠂ ᠶᠠᠷᠢᠯᠴᠠᠭ᠎ᠠ ᠬᠠᠮᠲᠤᠷᠠᠯᠴᠠᠭ᠎ᠠ | ᠡᠯᠪᠡᠭ ᠦᠷ᠎ᠡ ᠪᠦᠲᠦᠭᠡᠯ ᠣᠯᠵᠤ᠂ ᠰᠣᠶᠣᠯ ᠢᠷᠭᠡᠨᠰᠢᠯ ᠤᠨ ᠰᠣᠯᠢᠯᠴᠠᠭ᠎ᠠ ᠠᠮᠢᠳᠤᠯᠢᠭ ᠰᠠᠶᠢᠬᠠᠨ ᠶᠠᠪᠤᠭᠳᠠᠵᠤ᠂ ᠤᠯᠠᠨ | ᠲᠠᠯ᠎ᠠ ᠶᠢᠨ ᠵᠣᠬᠢᠴᠠᠭᠤᠯᠭ᠎ᠠ ᠭᠠᠷᠮᠠᠭᠠᠢ ᠦᠷ᠎ᠡ ᠪᠦᠲᠦᠮᠵᠢ ᠣᠯᠪᠠ᠃ ᠳᠤᠮᠳᠠᠳᠤ ᠡᠸᠦ᠋ᠷᠦᠫᠡ ᠶᠢᠨ ᠬᠠᠷᠢᠯᠴᠠᠭ᠎ᠠ ᠨᠢᠭᠡᠨᠲᠡ | ᠳᠡᠯᠡᠬᠡᠢ ᠳᠡᠭᠡᠷᠡᠬᠢ ᠬᠠᠮᠤᠭ ᠤᠨ ᠨᠥᠯᠥᠭᠡᠯᠡᠬᠦ ᠬᠦᠴᠦᠨ ᠲᠠᠢ ᠬᠤᠶᠠᠷ ᠲᠠᠯ᠎ᠠ ᠶᠢᠨ ᠬᠠᠷᠢᠯᠴᠠᠭ᠎ᠠ ᠶᠢᠨ ᠨᠢᠭᠡ ᠪᠣᠯᠵᠤ᠂ | ᠳᠤᠮᠳᠠᠳᠤ ᠡᠸᠦ᠋ᠷᠦᠫᠡ ᠶᠢᠨ ᠠᠷᠠᠳ ᠲᠦᠮᠡᠨ ᠤ ᠠᠵᠠ ᠵᠢᠷᠭᠠᠯ ᠢ ᠨᠡᠮᠡᠭᠳᠡᠭᠦᠯᠬᠦ᠂ ᠳᠡᠯᠡᠬᠡᠢ ᠶᠢᠨ ᠡᠩᠬᠡ ᠲᠠᠶᠢᠪᠤᠩ ᠪᠠ | ᠬᠥᠭᠵᠢᠯᠲᠡ ᠶᠢ ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠵᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠣᠳᠣᠬᠠᠨ ᠳᠤ ᠳᠡᠯᠡᠬᠡᠢ ᠶᠢᠷᠲᠢᠨᠴᠦ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠬᠤᠪᠢᠰᠤᠯᠲᠠ | ᠲᠦᠷᠭᠡᠳᠦᠨ ᠤᠯᠠᠷᠢᠵᠤ᠂ ᠬᠥᠮᠥᠨ ᠲᠥᠷᠥᠯᠬᠢᠲᠡᠨ ᠤ ᠨᠡᠶᠢᠭᠡᠮ ᠳᠠᠬᠢᠨᠲᠠ ᠵᠠᠩᠭᠢᠯᠠᠭ᠎ᠠ ᠶᠢᠨ ᠲᠣᠨᠣᠯᠵᠢᠨ ᠵᠠᠮ ᠳᠤ ᠣᠷᠣᠪᠠ᠃ | ᠡᠷᠡᠭᠦᠯ ᠲᠣᠭᠲᠠᠭᠤᠨ ᠳᠤᠮᠳᠠᠳᠤ ᠡᠸᠦ᠋ᠷᠦᠫᠡ ᠶᠢᠨ ᠬᠠᠷᠢᠯᠴᠠᠭ᠎ᠠ ᠨᠢ ᠬᠠᠷᠢᠯᠴᠠᠨ ᠠᠮᠵᠢᠯᠲᠠ ᠣᠯᠬᠤ ᠶᠢ ᠠᠬᠢᠭᠤᠯᠬᠤ ᠪᠠᠷ | ᠪᠠᠷᠠᠬᠤ ᠦᠭᠡᠢ ᠳᠡᠯᠡᠬᠡᠢ ᠳ᠋ᠠᠬᠢᠨ ᠢ ᠭᠡᠷᠡᠯᠳᠦᠭᠦᠯᠦᠨ ᠭᠡᠶᠢᠭᠦᠯᠦᠨ᠎ᠡ᠃ ᠪᠢ ᠳᠤᠮᠳᠠᠳᠤ ᠡᠸᠦ᠋ᠷᠦᠫᠡ ᠶᠢᠨ ᠬᠠᠷᠢᠯᠴᠠᠭᠠᠨ ᠤ | ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠷᠠᠲᠠᠶ᠎ᠠ ᠲᠡᠷᠢᠭᠦᠯᠡᠭᠴᠢ ᠺᠧᠰᠲ᠋ᠠ ᠪᠣᠯᠣᠨ ᠲᠡᠷᠢᠭᠦᠯᠡᠭᠴᠢ | ᠹᠧᠩᠳᠧᠯᠠᠶᠢ᠊ ᠆ ᠧᠨ ᠲᠠᠢ ᠬᠠᠮᠲᠤ ᠪᠠᠷ ᠴᠢᠷᠮᠠᠶᠢᠵᠤ᠂ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠪᠠᠷ | ᠠᠵᠠ ᠲᠣᠭᠢᠶᠠᠯ ᠪᠤᠯᠭᠠᠵᠤ᠂ ᠳᠤᠮᠳᠠᠳᠤ ᠡᠸᠦ᠋ᠷᠦᠫᠡ ᠶᠢᠨ ᠬᠠᠷᠢᠯᠴᠠᠭᠠᠨ ᠤ ᠬᠥᠭᠵᠢᠯᠲᠡ ᠶᠢᠨ ᠲᠤᠷᠰᠢᠯᠭ᠎ᠠ ᠶᠢ ᠳ᠋ᠦᠩᠨᠡᠵᠦ᠂ | ᠪᠠᠶᠢᠯᠳᠤᠬᠤ ᠪᠣᠳᠣᠯᠭ᠎ᠠ ᠶᠢᠨ ᠣᠯᠣᠯᠴᠠᠭ᠎ᠠ ᠪᠠᠨ ᠭᠦᠨᠵᠡᠭᠡᠶᠢᠷᠡᠭᠦᠯᠵᠦ᠂ ᠣᠶᠢᠯᠠᠭᠠᠯᠴᠠᠭ᠎ᠠ ᠢᠲᠡᠭᠡᠯᠴᠡᠭᠡ ᠪᠠᠨ ᠨᠡᠮᠡᠭᠳᠡᠭᠦᠯᠵᠦ᠂ | ᠬᠠᠨᠢᠲᠠᠨ ᠤ ᠪᠠᠶᠢᠷᠢ ᠲᠣᠭᠲᠠᠭᠠᠯᠲᠠ ᠪᠠᠨ ᠪᠠᠬᠢᠵᠢᠭᠦᠯᠵᠦ᠂ ᠬᠠᠷᠢᠯᠴᠠᠨ ᠨᠡᠭᠡᠭᠡᠯᠲᠡ ᠬᠢᠬᠦ ᠪᠠᠨ ᠥᠷᠭᠡᠳᠬᠡᠵᠦ᠂ | ᠵᠥᠷᠢᠯᠳᠦᠭᠡᠨ ᠢᠶᠠᠨ ᠲᠣᠬᠢᠲᠠᠢ ᠰᠢᠢᠳᠪᠦᠷᠢᠯᠡᠵᠦ᠂ ᠳᠤᠮᠳᠠᠳᠤ ᠡᠸᠦ᠋ᠷᠦᠫᠡ ᠶᠢᠨ ᠬᠠᠷᠢᠯᠴᠠᠭᠠᠨ ᠤ ᠨᠡᠩ ᠰᠠᠶᠢᠨ ᠰᠠᠶᠢᠬᠠᠨ | ᠢᠷᠡᠭᠡᠳᠦᠢ ᠶᠢ ᠴᠣᠭᠴᠠᠯᠠᠨ᠎ᠠ᠃ ᠳᠤᠮᠳᠠᠳᠤ ᠡᠸᠦ᠋ᠷᠦᠫᠡ ᠬᠤᠶᠠᠷ ᠲᠠᠯ᠎ᠠ ᠪᠠᠷ ᠢᠶᠠᠨ ᠤᠯᠠᠨ ᠲᠠᠯᠠᠲᠤ ᠦᠵᠡᠯ ᠢ ᠪᠠᠷᠢᠮᠲᠠᠯᠠᠵᠤ᠂ | ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠵᠤ᠂ ᠭᠠᠭᠴᠠ ᠲᠠᠯ᠎ᠠ ᠶᠢᠨ ᠡᠵᠡᠷᠬᠡᠭᠯᠡᠯ ᠢ ᠡᠰᠡᠷᠭᠦᠴᠡᠵᠦ᠂ ᠪᠦᠭᠦ | ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠭᠠᠷ ᠬᠤᠯᠪᠣᠨ ᠠᠷᠭᠠᠴᠠᠭᠠᠵᠤ᠂ ᠡᠷᠬᠡ ᠲᠡᠭᠰᠢ ᠡᠮᠬᠢ ᠵᠢᠷᠤᠮ ᠲᠠᠢ | ᠳᠡᠯᠡᠬᠡᠢ ᠶᠢᠨ ᠤᠯᠠᠨ ᠲᠦᠢᠯᠵᠢᠯᠳᠡ ᠪᠣᠯᠣᠨ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠵᠤ ᠠᠬᠤᠢ ᠶᠢᠨ | ᠳᠡᠯᠡᠬᠡᠶᠢᠵᠢᠯᠲᠡ ᠶᠢ ᠬᠠᠮᠲᠤ ᠪᠠᠷ ᠠᠬᠢᠭᠤᠯᠵᠤ᠂ ᠳᠡᠯᠡᠬᠡᠢ ᠶᠢᠨ ᠡᠩᠬᠡ ᠲᠠᠶᠢᠪᠤᠩ᠂ ᠲᠣᠭᠲᠠᠭᠤᠨ᠂ ᠬᠥᠭᠵᠢᠯ ᠴᠡᠴᠡᠭᠯᠡᠯ ᠳᠤ | ᠨᠡᠩ ᠶᠡᠭᠡ ᠬᠤᠪᠢ ᠨᠡᠮᠡᠷᠢ ᠦᠵᠡᠭᠦᠯᠦᠶ᠎ᠡ ᠭᠡᠵᠦ ᠴᠢᠬᠤᠯᠠᠴᠢᠯᠠᠪᠠ᠃ | ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠶᠢᠨ ᠤᠳᠤᠷᠢᠳᠬᠤ ᠬᠥᠮᠥᠰ᠂ ᠥᠩᠭᠡᠷᠡᠭᠰᠡᠨ 50 ᠵᠢᠯ ᠳᠤ | ᠳᠤᠮᠳᠠᠳᠤ ᠤᠯᠤᠰ ᠲᠡᠦᠬᠡᠨ ᠳᠡᠭᠡᠷᠡᠬᠢ ᠬᠠᠮᠤᠭ ᠤᠨ ᠲᠦᠷᠭᠡᠨ ᠦᠷᠭᠦᠯᠵᠢᠯᠡᠭᠰᠡᠨ ᠠᠵᠤ ᠠᠬᠤᠢ ᠶᠢᠨ ᠨᠡᠮᠡᠭᠳᠡᠯ ᠢ | ᠪᠡᠶᠡᠯᠡᠭᠦᠯᠪᠡ᠃ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠪᠣᠯᠣᠨ ᠳᠤᠮᠳᠠᠳᠤ ᠤᠯᠤᠰ ᠥᠷᠭᠡᠨ ᠳᠡᠯᠭᠡᠷ | ᠬᠠᠷᠢᠯᠴᠠᠭ᠎ᠠ ᠪᠠᠶᠢᠭᠤᠯᠵᠤ᠂ ᠬᠠᠷᠢᠯᠴᠠᠨ ᠬᠠᠮᠤᠭ ᠤᠨ ᠴᠢᠬᠤᠯᠠ ᠠᠷᠠᠯᠵᠢᠶᠠᠨ ᠤ ᠬᠠᠨᠢᠲᠠᠨ ᠪᠣᠯᠵᠤ᠂ ᠬᠤᠶᠠᠷ ᠲᠠᠯ᠎ᠠ ᠶᠢᠨ | ᠠᠷᠠᠳ ᠲᠦᠮᠡᠨ ᠤ ᠠᠵᠠ ᠵᠢᠷᠭᠠᠯ ᠪᠣᠯᠣᠨ ᠠᠵᠤ ᠠᠬᠤᠢ ᠶᠢᠨ ᠬᠥᠭᠵᠢᠯ ᠴᠡᠴᠡᠭᠯᠡᠯ ᠳᠤ ᠬᠤᠪᠢ ᠨᠡᠮᠡᠷᠢ ᠦᠵᠡᠭᠦᠯᠪᠡ᠃ | ᠣᠳᠣᠬᠠᠨ ᠤ ᠪᠦᠭᠦ ᠪᠥᠮᠪᠥᠷᠴᠡᠭ ᠤᠨ ᠲᠣᠬᠲᠠᠭᠠᠯᠲᠦ ᠪᠤᠰᠤ ᠴᠢᠨᠠᠷ ᠪᠣᠯᠣᠨ ᠭᠠᠵᠠᠷ ᠣᠷᠣᠨ ᠤ ᠤᠯᠤᠰ ᠲᠦᠷᠦ ᠶᠢᠨ | ᠬᠤᠪᠢᠷᠠᠯᠲᠠ ᠶᠢᠨ ᠠᠬᠤᠢ ᠪᠠᠶᠢᠳᠠᠯ ᠳᠣᠣᠷ᠎ᠠ᠂ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠳᠤᠷᠠᠲᠠᠶ᠎ᠠ ᠳᠤᠮᠳᠠᠳᠤ | ᠤᠯᠤᠰ ᠯᠤᠭ᠎ᠠ ᠬᠠᠨᠢᠲᠠᠨ ᠤ ᠬᠠᠷᠢᠯᠴᠠᠭ᠎ᠠ ᠪᠠᠨ ᠭᠦᠨᠵᠡᠭᠡᠶᠢᠷᠡᠭᠦᠯᠵᠦ᠂ ᠶᠠᠪᠤᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ | ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠤᠨ ᠵᠣᠷᠢᠯᠲᠠ ᠵᠠᠷᠴᠢᠮ ᠢ ᠬᠠᠮᠠᠭᠠᠯᠠᠵᠤ᠂ ᠭᠠᠷ | ᠬᠤᠯᠪᠣᠨ ᠬᠠᠮᠲᠤ ᠶᠢᠨ ᠥᠷᠢᠰᠦᠯᠳᠦᠭᠡᠨ ᠢ ᠠᠷᠭᠠᠴᠠᠭᠠᠵᠤ᠂ ᠳᠡᠯᠡᠬᠡᠢ ᠶᠢᠨ ᠡᠩᠬᠡ ᠲᠠᠶᠢᠪᠤᠩ᠂ ᠠᠮᠤᠷ ᠲᠦᠪᠰᠢᠨ᠂ ᠬᠥᠭᠵᠢᠯ | ᠴᠡᠴᠡᠭᠯᠡᠯ ᠪᠣᠯᠣᠨ ᠦᠷᠭᠦᠯᠵᠢᠯᠡᠬᠦ ᠬᠥᠭᠵᠢᠯᠲᠡ ᠶᠢ ᠠᠬᠢᠭᠤᠯᠤᠨ᠎ᠠ ᠭᠡᠵᠦ ᠢᠯᠡᠳᠬᠡᠪᠡ᠃ | ᠲᠤᠰ ᠡᠳᠦᠷ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠪᠣᠯᠣᠨ ᠺᠧᠰᠲ᠋ᠠ᠂ | ᠹᠧᠩᠳᠧᠯᠠᠶᠢ᠊ ᠆ ᠧᠨ ᠬᠠᠷᠢᠯᠴᠠᠨ ᠪᠠᠶᠠᠷ ᠤᠨ ᠴᠠᠭᠢᠯᠭᠠᠨ ᠴᠢᠮᠡᠭᠡ ᠶᠠᠪᠤᠭᠤᠯᠪᠠ᠃ ᠯᠢ ᠴᠢᠶᠠᠩ᠂ ᠳᠤᠮᠳᠠᠳᠤ ᠤᠯᠤᠰ | ᠳᠤᠷᠠᠲᠠᠶ᠎ᠠ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠲᠠᠢ ᠬᠠᠮᠲᠤ ᠪᠠᠷ ᠪᠦᠭᠦ ᠲᠠᠯ᠎ᠠ ᠶᠢᠨ ᠪᠠᠶᠢᠯᠳᠤᠬᠤ | ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ᠳᠤᠮᠳᠠᠳᠤ ᠡᠸᠦ᠋ᠷᠦᠫᠡ ᠶᠢᠨ | ᠬᠠᠷᠢᠯᠴᠠᠭᠠᠨ ᠤ ᠲᠣᠭᠲᠠᠭᠤᠨ ᠴᠢᠨᠠᠷ᠂ ᠪᠦᠲᠦᠭᠡᠯᠴᠢ ᠴᠢᠨᠠᠷ᠂ ᠬᠠᠷᠢᠯᠴᠠᠨ ᠬᠠᠷᠠᠭᠠᠯᠵᠠᠬᠤ ᠴᠢᠨᠠᠷ᠂ ᠪᠦᠭᠦ ᠪᠥᠮᠪᠥᠷᠴᠡᠭ ᠤᠨ | ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠳᠡᠯᠡᠬᠡᠢ ᠳ᠋ᠠᠬᠢᠨ ᠳᠤ ᠨᠡᠩ ᠤᠯᠠᠨ ᠲᠣᠭᠲᠠᠭᠤᠨ ᠴᠢᠨᠠᠷ ᠪᠠ ᠢᠳᠡᠪᠬᠢ | ᠬᠦᠴᠦᠨ ᠨᠡᠮᠡᠷᠢᠯᠡᠨ᠎ᠡ ᠭᠡᠵᠦ ᠢᠯᠡᠳᠬᠡᠪᠡ᠃ | ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠶᠢᠨ ᠤᠳᠤᠷᠢᠳᠬᠤ ᠬᠥᠮᠥᠰ᠂ ᠥᠩᠭᠡᠷᠡᠭᠰᠡᠨ 50 ᠵᠢᠯ ᠳᠤ | ᠡᠸᠦ᠋ᠷᠦᠫᠡ ᠳᠤᠮᠳᠠᠳᠤ ᠶᠢᠨ ᠬᠠᠷᠢᠯᠴᠠᠭ᠎ᠠ ᠲᠠᠰᠤᠷᠠᠯᠳᠡ ᠦᠭᠡᠢ ᠭᠦᠨᠵᠡᠭᠡᠶᠢᠷᠡᠨ ᠥᠷᠭᠡᠵᠢᠪᠡ᠃ ᠡᠸᠦ᠋ᠷᠦᠫᠡ ᠲᠢᠪ ᠤᠨ | ᠤᠯᠤᠰ ᠤᠳ ᠤᠨ ᠬᠤᠯᠪᠤᠭ᠎ᠠ ᠳᠤᠷᠠᠲᠠᠶ᠎ᠠ ᠳᠤᠮᠳᠠᠳᠤ ᠤᠯᠤᠰ ᠲᠠᠢ ᠬᠠᠮᠲᠤ ᠪᠠᠷ ᠠᠭᠤᠷ ᠠᠮᠢᠰᠬᠤᠯ ᠤᠨ ᠬᠤᠪᠢᠷᠠᠯᠲᠠ ᠵᠡᠷᠭᠡ | ᠪᠦᠭᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠬᠠᠮᠲᠤ ᠪᠠᠷ ᠠᠷᠭᠠᠴᠠᠭᠠᠵᠤ᠂ ᠤᠯᠠᠨ ᠲᠠᠯᠠᠲᠤ ᠦᠵᠡᠯ ᠪᠣᠯᠣᠨ | ᠲᠣᠭᠲᠠᠭᠤᠨ ᠳᠡᠯᠡᠬᠡᠢ ᠶᠢᠨ ᠡᠮᠬᠢ ᠳᠢᠭᠯᠢᠮ ᠢ ᠬᠠᠮᠠᠭᠠᠯᠠᠨ᠎ᠠ ᠭᠡᠵᠦ ᠢᠯᠡᠳᠬᠡᠪᠡ᠃ | |