ᠮᠠᠨᠳᠤᠯ ᠪᠠᠯᠭᠠᠰᠤ᠄ ︽ᠨᠢᠭᠡᠳᠦᠯᠲᠡᠢ ᠲᠡᠵᠢᠭᠡᠵᠦ ᠬᠠᠮᠲᠤ ᠪᠠᠷ ᠪᠠᠶᠠᠵᠢᠬᠤ︾ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠬᠠᠭᠤᠳᠠᠰᠤ ᠶᠢ ᠵᠢᠷᠤᠭᠯᠠᠨ᠎ᠠ
ᠨᠡᠶᠢᠲᠡᠯᠡᠭᠰᠡᠨ ᠴᠠᠭ᠄
2025/5/8
      ᠲᠠᠷᠬᠠᠨ ᠮᠤᠤᠮᠢᠩᠭᠠᠨ ᠤ ᠲᠠᠯ᠎ᠠ ᠨᠤᠲᠤᠭ ᠲᠤ ᠮᠠᠨᠳᠤᠯ ᠪᠠᠯᠭᠠᠰᠤ ᠶᠠᠭ ︽ᠨᠢᠭᠡᠳᠦᠯᠲᠡᠢ ᠲᠡᠵᠢᠭᠡᠵᠦ ᠬᠠᠮᠲᠤ ᠪᠠᠷ ᠪᠠᠶᠠᠵᠢᠬᠤ︾ ᠮᠣᠳᠧᠯ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠢᠷᠠᠭᠤ ᠭᠠᠶᠢᠬᠠᠮᠰᠢᠭᠲᠤ ᠬᠠᠭᠤᠳᠠᠰᠤ ᠶᠢ ᠪᠢᠴᠢᠭᠯᠡᠵᠦ ᠪᠠᠶᠢᠨ᠎ᠠ᠃ ᠥᠩᠭᠡᠷᠡᠭᠰᠡᠨ ᠳᠤ ᠠᠳᠡᠬᠢ ᠮᠠᠯ ᠠᠵᠤ ᠠᠬᠤᠶ ᠮᠠᠰᠢ ᠣᠯᠠᠨ ᠬᠦᠴᠢᠷᠳᠡᠯ ᠳᠤ ᠲᠤᠯᠭᠠᠷᠠᠵᠤ᠂ ᠨᠤᠲᠤᠭ ᠪᠡᠯᠴᠢᠭᠡᠷ ᠮᠠᠭᠤᠲᠠᠬᠤ᠂ ᠲᠡᠵᠢᠭᠡᠨ ᠦᠷᠡᠵᠢᠭᠦᠯᠬᠦ ᠶᠢ ᠰᠠᠯᠭᠠᠬᠤ ᠪᠠ ᠵᠠᠬ᠎ᠠ ᠳᠡᠯᠭᠡᠭᠦᠷ ᠤᠨ ᠠᠶᠤᠯ ᠲᠦᠭᠰᠢᠭᠦᠷᠢ ᠶᠡᠭᠡ ᠵᠡᠷᠭᠡ ᠠᠰᠠᠭᠤᠳᠠᠯ ᠨᠢ ᠲᠤᠬᠠᠶ ᠶᠢᠨ ᠭᠠᠵᠠᠷ ᠤᠨ ᠠᠵᠤ ᠠᠬᠤᠶ ᠶᠢᠨ ᠬᠥᠭᠵᠢᠯᠲᠡ ᠶᠢ ᠬᠢᠵᠠᠭᠠᠷᠯᠠᠵᠤ ᠪᠠᠶᠢᠨ᠎ᠠ᠃ ᠣᠳᠣᠬᠠᠨ ᠳᠤ᠂ ᠮᠠᠨᠳᠤᠯ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ  ᠤᠨ ᠣᠷᠳᠣᠨ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠮᠠᠯᠴᠢᠳ ᠢ ᠳᠠᠭᠠᠭᠤᠯᠤᠨ ᠠᠮᠢ ᠠᠬᠤᠶ ᠬᠢᠭᠡᠳ ᠪᠠᠶᠠᠵᠢᠯ ᠤᠨ ᠬᠤᠤᠰ ᠠᠮᠵᠢᠯᠲᠠ ᠤᠯᠬᠤ ᠦᠷᠭᠦᠯᠵᠢᠯᠡᠬᠦ ᠬᠥᠭᠵᠢᠯᠲᠡ ᠶᠢᠨ ᠵᠠᠮ ᠢᠶᠠᠷ ᠵᠠᠮᠨᠠᠭᠰᠠᠨ ᠪᠠᠶᠢᠨ᠎ᠠ᠃      ᠨᠢᠭᠡ᠂ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠵᠤ᠂ ᠬᠥᠭᠵᠢᠯᠲᠡ ᠶᠢᠨ ᠬᠠᠮᠲᠤᠷᠠᠯ ᠤᠨ ᠬᠦᠴᠦᠨ ᠢ ᠨᠢᠭᠲᠠᠷᠠᠭᠤᠯᠤᠨ᠎ᠠ      ︽ᠨᠢᠭᠡᠳᠦᠯᠲᠡᠶ ᠬᠠᠮᠢᠶᠠᠷᠴᠤ ᠬᠠᠮᠲᠤ ᠪᠠᠷ ᠪᠠᠶᠠᠵᠢᠬᠤ︾ ᠮᠣᠳᠧᠯ ᠪᠣᠯ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠪᠠ ᠬᠠᠮᠵᠢᠯᠴᠠᠨ ᠬᠥᠭᠵᠢᠭᠦᠯᠬᠦ ᠠᠮᠢᠳᠤᠯᠢᠭ ᠦᠢᠯᠡᠳᠦᠯᠭᠡ ᠮᠥᠨ᠃ ᠮᠠᠨᠳᠤᠯ ᠪᠠᠯᠭᠠᠰᠤ ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠵᠤ ︽ᠨᠢᠭᠡᠳᠦᠯᠲᠡᠢ ᠲᠡᠵᠢᠭᠡᠵᠦ ᠬᠠᠮᠲᠤ ᠪᠠᠷ ᠪᠠᠶᠠᠵᠢᠬᠤ︾ ᠲᠦᠷᠦᠯ ᠵᠦᠢᠯ ᠢ ᠬᠡᠷᠡᠭᠵᠢᠭᠦᠯᠪᠡ᠃ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠠᠭᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ ᠂ ᠡᠯ᠎ᠡ ᠲᠠᠯ᠎ᠠ ᠶᠢᠨ ᠡᠬᠢ ᠪᠠᠶᠠᠯᠢᠭ ᠢ ᠢᠳᠡᠪᠬᠢᠲᠡᠢ ᠵᠣᠬᠢᠴᠠᠭᠤᠯᠵᠤ᠂ ᠬᠠᠮᠲᠤᠷᠠᠯᠴᠠᠵᠤ ᠬᠠᠮᠲᠦ ᠪᠠᠷ ᠠᠰᠢᠭ ᠬᠦᠷᠳᠡᠬᠦ ᠲᠠᠪᠴᠠᠩ ᠢ ᠪᠠᠶᠢᠭᠤᠯᠪᠠ᠃ ᠤᠯᠤᠰ ᠤᠨ ᠥᠮᠴᠢᠯᠡᠯᠲᠦ ᠺᠣᠮᠫᠠᠨᠢ ᠨᠢ ᠪᠡᠯᠡ ᠮᠥᠩᠭᠦ ᠶᠢᠨ ᠪᠣᠳᠠᠲᠤ ᠬᠦᠴᠦᠨ ᠪᠣᠯᠤᠨ ᠵᠢᠷᠤᠮᠵᠢᠭᠰᠠᠨ ᠬᠠᠮᠢᠶᠠᠷᠤᠯᠲᠠ ᠶᠢᠨ ᠲᠤᠷᠰᠢᠯᠭ᠎ᠠ ᠪᠠᠷ ᠢᠶᠠᠨ ᠲᠥᠷᠥᠯ ᠵᠦᠢᠯ ᠳᠤ ᠪᠠᠲᠤ ᠪᠠᠬᠢ ᠪᠡᠯᠡ ᠮᠥᠩᠭᠦ ᠶᠢᠨ ᠪᠠᠲᠤᠯᠠᠭ᠎ᠠ ᠪᠣᠯᠤᠨ ᠰᠢᠨᠵᠢᠯᠡᠬᠦ ᠤᠬᠠᠭᠠᠨᠴᠢ ᠬᠠᠮᠢᠶᠠᠷᠤᠯᠲᠠ ᠶᠢᠨ ᠵᠢᠯᠣᠭᠤᠳᠤᠯᠭ᠎ᠠ ᠬᠠᠩᠭᠠᠬᠤ ᠬᠡᠷᠡᠭᠲᠡᠶ᠃ ᠬᠤᠷᠰᠢᠶ᠎ᠠ ᠨᠢ ᠮᠠᠯᠴᠢᠨ ᠪᠠ ᠵᠠᠬ᠎ᠠ ᠳᠡᠯᠭᠡᠭᠦᠷ ᠢ ᠬᠤᠯᠪᠣᠭᠰᠠᠨ ᠬᠥᠭᠦᠷᠭᠡ ᠪᠣᠯᠵᠤ᠂ ᠬᠤᠷᠠᠭ᠎ᠠ ᠶᠢ ᠪᠤᠶᠢᠵᠢᠭᠤᠯᠬᠤ᠂ ᠪᠣᠷᠣᠯᠠᠭᠤᠯᠬᠤ ᠶᠢ ᠬᠠᠷᠢᠭᠤᠴᠠᠵᠤ᠂ ᠲᠠᠷᠠᠬᠠᠶ ᠪᠤᠲᠠᠷᠬᠠᠶ ᠲᠡᠵᠢᠭᠡᠨ ᠦᠷᠡᠵᠢᠭᠦᠯᠬᠦ ᠶᠢ ᠬᠡᠪᠴᠢᠶᠡᠵᠢᠭᠦᠯᠦᠭᠰᠡᠨ᠂ ᠡᠷᠴᠢᠮᠵᠢᠭᠦᠯᠦᠭᠰᠡᠨ ᠲᠡᠵᠢᠭᠡᠨ ᠦᠷᠡᠵᠢᠭᠦᠯᠬᠦ ᠪᠣᠯᠭᠠᠨ ᠬᠤᠪᠢᠷᠠᠭᠤᠯᠬᠤ ᠶᠢ ᠪᠡᠶᠡᠯᠡᠭᠦᠯᠪᠡ᠃ ᠣᠳᠣᠬᠠᠨ ᠪᠣᠯᠲᠠᠯ᠎ᠠ᠂ 663 ᠬᠤᠷᠠᠭ᠎ᠠ ᠬᠤᠳᠠᠯᠳᠤᠨ ᠠᠪᠬᠤ ᠶᠢ ᠪᠡᠶᠡᠯᠡᠭᠦᠯᠵᠦ᠂ ᠡᠷᠭᠢᠨ ᠲᠣᠭᠤᠷᠢᠨ ᠤ ᠮᠠᠯᠴᠢᠳ ᠢ ᠳᠠᠶᠢᠴᠢᠯᠠᠨ 4.18 ᠲᠦᠮᠡᠨ ᠲᠥᠭᠦᠷᠢᠭ ᠤᠨ ᠣᠷᠣᠯᠭ᠎ᠠ ᠨᠡᠮᠡᠭᠳᠡᠭᠦᠯᠪᠡ᠃      ᠬᠤᠶᠠᠷ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠬᠦᠴᠦᠨ ᠨᠡᠮᠡᠷᠢᠯᠡᠵᠦ᠂ ᠲᠡᠵᠢᠭᠡᠨ ᠦᠷᠡᠵᠢᠭᠦᠯᠬᠦ ᠬᠢᠷᠢ ᠲᠦᠪᠰᠢᠨ ᠢ ᠳᠡᠭᠡᠭᠰᠢᠯᠡᠭᠦᠯᠦᠨ᠎ᠡ      ᠰᠢᠨᠵᠢᠯᠡᠬᠦ ᠤᠬᠠᠬᠠᠨ ᠲᠧᠭᠨᠢᠭ ᠮᠡᠷᠭᠡᠵᠢᠯ ᠪᠤᠯ ᠮᠠᠯ ᠠᠵᠤ ᠠᠬᠤᠶ ᠶᠢᠨ ᠬᠥᠭᠵᠢᠯᠲᠡ ᠶᠢ ᠠᠬᠢᠭᠤᠯᠠᠬᠤ ᠴᠢᠬᠤᠯᠠ ᠬᠥᠳᠡᠯᠭᠡᠬᠦ ᠬᠦᠴᠦᠨ ᠮᠥᠨ᠃ ᠮᠠᠨᠳᠤᠯ ᠪᠠᠯᠭᠠᠰᠤ ︽ᠨᠢᠭᠡᠳᠦᠯᠲᠡᠢ ᠲᠡᠵᠢᠭᠡᠵᠦ ᠬᠠᠮᠲᠤ ᠪᠠᠷ ᠪᠠᠶᠠᠵᠢᠬᠤ︾ ᠶᠠᠪᠤᠴᠠ ᠳᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠷᠡᠭᠯᠡᠯᠲᠡ ᠪᠠ ᠰᠢᠨ᠎ᠡ ᠶᠢ ᠡᠭᠦᠳᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠪᠠ᠃ ᠨᠢᠭᠡ ᠳᠤ᠂ ᠤᠳᠤᠷᠢᠳᠬᠤ ᠪᠠᠭ ᠪᠠ ᠭᠠᠴᠠᠭᠠᠨ ᠤ ︽ᠬᠤᠶᠠᠷ ᠵᠥᠪᠯᠡᠯ︾ ᠤᠨ ᠠᠮᠢᠳᠤ ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ ᠲᠤ ᠬᠦᠷᠴᠦ ᠠᠦ᠋ᠲ᠋ᠣᠴᠢᠯᠠᠭᠰᠠᠨ ᠲᠡᠵᠢᠭᠡᠯ ᠡᠪᠡᠰᠦ ᠪᠣᠷᠳᠤᠭ᠎ᠠ ᠡᠳ᠋ᠰᠢᠭᠦᠯᠬᠦ ᠲᠥᠬᠦᠭᠡᠷᠦᠮᠵᠢ ᠪᠠ ᠲᠡᠷᠢᠭᠦᠨ ᠤ ᠬᠠᠰᠢᠶᠠᠯᠠᠨ ᠲᠡᠵᠢᠭᠡᠬᠦ ᠲᠥᠬᠦᠭᠡᠷᠦᠮᠵᠢ ᠶᠢ ᠰᠢᠨᠵᠢᠯᠡᠨ ᠪᠠᠶᠢᠴᠠᠭᠠᠪᠠ᠃ ᠬᠤᠶᠠᠷ ᠲᠤ᠂ ᠠᠯᠠᠰᠢᠨ ᠬᠤᠨᠢᠨ ᠤ ᠭᠠᠷ ᠢᠶᠠᠷ ᠦᠷ᠎ᠡ ᠲᠣᠭᠲᠠᠭᠠᠬᠤ᠂ ᠠᠳᠠᠯᠢ ᠬᠤᠭᠤᠴᠠᠭᠠᠨ ᠳᠤ ᠣᠷᠤᠭ᠎ᠠ ᠣᠷᠣᠬᠤ ᠵᠡᠷᠭᠡ ᠲᠡᠷᠢᠭᠦᠨ ᠤ ᠮᠡᠷᠭᠡᠵᠢᠯ ᠢ ᠬᠡᠷᠡᠭᠯᠡᠵᠦ᠂ ᠦᠢᠯᠡᠳᠪᠦᠷᠢᠯᠡᠯ ᠤᠨ ᠦᠶᠡᠯᠡᠯ ᠤᠨ ᠬᠤᠭᠤᠴᠠᠭ᠎ᠠ ᠶᠢ ᠪᠣᠭᠤᠨᠢᠰᠬᠠᠵᠤ᠂ ᠲᠡᠵᠢᠭᠡᠨ ᠦᠷᠡᠵᠢᠭᠦᠯᠬᠦ ᠥᠪᠡᠷ ᠤᠨ ᠥᠷᠲᠡᠭ ᠢ ᠪᠠᠭᠤᠷᠠᠭᠤᠯᠤᠨ᠂ ᠠᠯᠠᠰᠢᠨ ᠬᠤᠨᠢ ᠶᠢ ᠥᠨᠳᠥᠷ ᠪᠦᠲᠦᠮᠵᠢᠲᠡᠶ ᠪᠠᠷ ᠦᠢᠯᠡᠳᠪᠦᠷᠢᠯᠡᠬᠦ ᠶᠢ ᠪᠡᠶᠡᠯᠡᠭᠦᠯᠵᠦ᠂ ᠡᠨᠡ ᠵᠢᠯ ᠠᠯᠠᠰᠢᠨ ᠬᠤᠨᠢᠨ ᠤ ᠠᠳᠠᠯᠢ ᠬᠤᠭᠤᠴᠠᠭᠠᠨ ᠳᠤ ᠣᠷᠤᠭ᠎ᠠ ᠣᠷᠣᠬᠤ ᠲᠤᠭ᠎ᠠ ᠬᠡᠮᠵᠢᠶ᠎ᠡ ᠶᠢ 500 ᠣᠷᠴᠢᠮ ᠳᠤ ᠬᠦᠷᠦᠭᠦᠯᠬᠦ ᠪᠠᠷ ᠵᠢᠱᠢᠵᠦ ᠪᠠᠶᠢᠨ᠎ᠠ᠃ ᠭᠤᠷᠪᠠ ᠳᠤ᠂ ᠮᠠᠯᠴᠢᠳ ᠲᠤ ᠮᠡᠷᠭᠡᠵᠢᠯ ᠤᠨ ᠪᠣᠯᠪᠠᠰᠤᠷᠠᠯ ᠬᠦᠷᠲᠡᠭᠡᠬᠦ ᠶᠢ ᠴᠢᠩᠭᠠᠳᠬᠠᠵᠤ᠂ ᠲᠤᠰᠬᠠᠶ ᠮᠡᠷᠭᠡᠵᠢᠯ ᠤᠨ ᠠᠵᠢᠯᠲᠠᠨ ᠢ ᠤᠷᠢᠵᠤ ᠭᠠᠴᠠᠭ᠎ᠠ ᠲᠣᠰᠬᠤᠨ ᠳᠤ ᠭᠦᠨᠵᠡᠭᠡᠶᠢᠷᠡᠭᠦᠯᠦᠨ᠂ ᠲᠡᠵᠢᠭᠡᠨ ᠦᠷᠡᠵᠢᠭᠦᠯᠬᠦ ᠮᠡᠷᠭᠡᠵᠢᠯ ᠤᠨ ᠲᠠᠶᠢᠯᠤᠮᠵᠢ ᠪᠠ ᠲᠤᠬᠠᠶ ᠶᠢᠨ ᠲᠠᠯᠠᠪᠤᠷ ᠤᠨ ᠵᠢᠯᠣᠭᠤᠳᠣᠯᠭ᠎ᠠ ᠬᠢᠵᠦ᠂ ᠮᠠᠯᠴᠢᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠪᠠ ᠲᠡᠵᠢᠭᠡᠨ ᠦᠷᠡᠵᠢᠭᠦᠯᠬᠦ ᠤᠷ᠎ᠠ ᠴᠢᠳᠠᠪᠤᠷᠢ ᠶᠢ ᠳᠡᠭᠡᠭᠰᠢᠯᠡᠭᠦᠯᠦᠨ᠎ᠡ᠃ ᠮᠠᠯᠴᠢᠳ ᠪᠣᠯᠪᠠᠰᠤᠷᠠᠯ ᠳᠤ ᠣᠷᠣᠯᠴᠠᠭᠰᠠᠨ ᠤ ᠳᠠᠷᠠᠭ᠎ᠠ᠂ ᠰᠢᠨᠵᠢᠯᠡᠬᠦ ᠤᠬᠠᠭᠠᠨᠴᠢ ᠲᠡᠵᠢᠭᠡᠨ ᠦᠷᠡᠵᠢᠭᠦᠯᠬᠦ ᠠᠷᠭ᠎ᠠ ᠶᠢ ᠡᠵᠡᠮᠰᠢᠵᠦ᠄ ︽ᠥᠩᠭᠡᠷᠡᠭᠰᠡᠨ ᠳᠤ ᠦᠬᠡᠷ ᠬᠤᠨᠢ ᠲᠡᠵᠢᠭᠡᠬᠦ ᠳᠤ ᠵᠦᠪᠬᠡᠨ ᠲᠤᠷᠰᠢᠯᠭ᠎ᠠ ᠳᠤ ᠲᠦᠰᠢᠭᠯᠡᠵᠦ ᠪᠠᠶᠢᠵᠠᠶ᠂ ᠤᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ  ᠳᠡᠮᠵᠢᠯᠭᠡ ᠦᠵᠡᠭᠦᠯᠵᠦ᠂ ᠲᠡᠵᠢᠭᠡᠬᠦ ᠳᠤ ᠠᠭᠤᠵᠢᠭᠤ ᠲᠠᠯᠪᠢᠭᠤ ᠪᠣᠯᠵᠤ᠂ ᠦᠷ᠎ᠡ ᠠᠰᠢᠭ ᠨᠢ ᠴᠦ ᠰᠠᠶᠢᠨ ᠪᠣᠯᠵᠠᠢ︾ ᠭᠡᠵᠦ ᠰᠡᠳᠬᠢᠯ ᠳᠣᠭᠳᠣᠯᠤᠨ ᠬᠡᠯᠡᠪᠡ᠃      ᠭᠤᠷᠪᠠ᠂ ᠠᠵᠤ ᠦᠢᠯᠡᠰ ᠳᠡᠰ ᠳᠡᠪᠰᠢᠵᠦ᠂ ᠨᠡᠷᠡᠲᠦ ᠲᠡᠮᠳᠡᠭᠲᠦ ᠶᠢᠨ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠨ᠎ᠡ      ᠮᠠᠨᠳᠤᠯ ᠪᠠᠯᠭᠠᠰᠤ ︽ᠨᠢᠭᠡᠳᠦᠯᠲᠡᠢ ᠲᠡᠵᠢᠭᠡᠵᠦ ᠬᠠᠮᠲᠤ ᠪᠠᠷ ᠪᠠᠶᠠᠵᠢᠬᠤ︾ ᠠᠶᠠᠨ ᠵᠠᠮ ᠳᠤ᠂ ᠬᠤᠨᠢᠨ ᠤ ᠨᠡᠮᠡᠯᠲᠡ ᠦᠷᠳᠡᠭ ᠤᠨ ᠳᠠᠯᠳᠠ ᠬᠦᠴᠦᠨ ᠢ ᠭᠦᠨᠵᠡᠭᠡᠢ ᠠᠭᠤᠳᠠᠯᠵᠤ᠂ ᠴᠢᠨᠠᠷ ᠰᠠᠶᠢᠲᠠᠢ ᠲᠡᠵᠢᠭᠡᠨ ᠦᠷᠡᠵᠢᠭᠦᠯᠬᠦ᠂ ᠨᠠᠷᠢᠯᠢᠭ ᠡᠳ᠋ᠰᠢᠭᠦᠯᠬᠦ᠂ ᠲᠦᠷᠦᠯ ᠲᠡᠮᠳᠡᠭ ᠢ ᠴᠣᠭᠴᠠᠯᠠᠬᠤ ᠪᠠ ᠤᠯᠠᠨ ᠡᠰᠢᠴᠢᠯᠡᠭᠰᠡᠨ ᠡᠵᠡᠩᠨᠡᠨ ᠪᠣᠷᠣᠯᠠᠭᠤᠯᠤᠯᠲᠠ ᠶᠢ ᠬᠠᠮᠤᠷᠤᠭᠰᠠᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠦᠷᠳᠡᠭ ᠨᠡᠮᠡᠭᠳᠡᠭᠦᠯᠬᠦ ᠰᠢᠰᠲ᠋ᠧᠮ ᠢ ᠨᠠᠷᠢᠨ ᠨᠢᠮᠪᠠᠢ ᠪᠠᠶᠢᠭᠤᠯᠪᠠ᠃ ᠲᠡᠵᠢᠭᠡᠨ ᠦᠷᠡᠵᠢᠭᠦᠯᠬᠦ ᠡᠬᠢ ᠰᠤᠷᠪᠤᠯᠵᠢ ᠳᠤ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠭᠦᠯᠬᠦ ᠣᠨᠣᠯ ᠢ ᠪᠠᠷᠢᠮᠲᠠᠯᠠᠵᠤ᠂ ᠬᠤᠨᠢᠨ ᠰᠦᠷᠦᠭ ᠲᠤ ᠪᠠᠶᠢᠭᠠᠯᠢ ᠶᠢᠨ ᠴᠡᠪᠡᠷ ᠣᠷᠭᠠᠨᠢᠭ ᠪᠡᠯᠴᠢᠭᠡᠷ᠂ ᠰᠢᠮ᠎ᠡ ᠲᠡᠵᠢᠭᠡᠯ ᠢ ᠲᠡᠩᠴᠡᠭᠦᠷᠢᠲᠡᠶ ᠲᠡᠵᠢᠭᠡᠯ ᠪᠣᠷᠳᠤᠭ᠎ᠠ ᠬᠠᠩᠭᠠᠬᠤ ᠬᠡᠷᠡᠭᠲᠡᠶ᠃ ᠡᠭᠦᠨ ᠤ ᠬᠠᠮᠲᠤ ᠬᠢᠵᠢᠭ ᠰᠡᠷᠭᠡᠶᠢᠯᠡᠭᠴᠢ ᠲᠣᠭᠲᠠᠮᠠᠯ ᠬᠤᠭᠤᠴᠠᠭ᠎ᠠ ᠲᠠᠢ ᠪᠠᠷ ᠲᠣᠭᠤᠷᠢᠨ ᠪᠠᠶᠢᠴᠠᠭᠠᠵᠤ᠂ ᠰᠢᠨᠵᠢᠯᠡᠬᠦ ᠤᠬᠠᠭᠠᠨᠴᠢ ᠪᠠᠷ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠠᠪᠴᠤ᠂ ᠬᠤᠨᠢᠨ ᠤ ᠡᠷᠡᠭᠦᠯ ᠢᠶᠠᠷ ᠦᠰᠦᠨ ᠪᠤᠶᠢᠵᠢᠬᠤ ᠶᠢ ᠪᠥᠬᠦ ᠲᠠᠯ᠎ᠠ ᠪᠠᠷ ᠪᠠᠲᠤᠯᠠᠪᠠ᠃ ᠡᠳ᠋ᠰᠢᠭᠦᠯᠬᠦ ᠶᠠᠪᠤᠴᠠ ᠳᠤ᠂ ᠬᠤᠨᠢᠨ ᠮᠢᠬᠠᠨ ᠤ ᠪᠦᠲᠦᠭᠡᠭᠳᠡᠬᠦᠨ ᠢ ᠨᠠᠷᠢᠯᠢᠭᠵᠢᠭᠤᠯᠤᠨ ᠡᠳ᠋ᠰᠢᠭᠦᠯᠬᠦ ᠶᠢᠨ ᠲᠣᠭᠤᠷᠢᠨ ᠳᠤ᠂ ᠡᠷᠪᠡᠬᠡᠶ ᠶᠢᠨ ᠬᠠᠪᠢᠷᠭ᠎ᠠ᠂ ᠢᠮᠠᠭ᠎ᠠ ᠶᠢᠨ ᠬᠠᠪᠢᠷᠭ᠎ᠠ᠂ ᠬᠤᠨᠢᠨ ᠮᠢᠬᠠᠨ ᠤ ᠬᠡᠯᠬᠢᠶ᠎ᠡ ᠵᠡᠷᠭᠡ ᠣᠯᠠᠨ ᠡᠰᠢᠵᠢᠭᠰᠡᠨ ᠪᠦᠲᠦᠭᠡᠭᠳᠡᠬᠦᠨ ᠢ ᠨᠡᠭᠡᠭᠡᠨ ᠬᠥᠭᠵᠢᠭᠦᠯᠵᠦ᠂ ᠠᠳᠠᠯᠢ ᠪᠤᠰᠤ ᠬᠡᠷᠡᠭᠯᠡᠭᠴᠢᠳ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠭᠰᠠᠨ ᠪᠠᠶᠢᠨ᠎ᠠ᠃ ᠨᠠᠷᠠᠲᠤ ᠲᠡᠮᠳᠡᠭᠲᠦ ᠶᠢᠨ ᠡᠵᠡᠩᠨᠡᠨ ᠪᠣᠷᠣᠯᠠᠭᠤᠯᠬᠤ ᠲᠠᠯ᠎ᠠ ᠪᠠᠷ᠂ ᠪᠣᠬᠢᠷᠲᠤᠯ ᠥᠬᠡᠶ ᠢᠳᠡᠭᠡᠨ ᠤ ᠭᠡᠷᠡᠴᠢᠯᠡᠯ ᠢ ᠴᠢᠩᠭᠠᠳᠬᠠᠵᠤ᠂ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠠᠯ᠎ᠠ ᠨᠤᠲᠤᠭ ᠤᠨ ᠬᠤᠨᠢ︾ ᠪᠠᠷ ᠭᠤᠤᠯ ᠪᠣᠯᠭᠠᠨ᠂ ᠡᠯ᠎ᠡ ᠲᠥᠷᠥᠯ ᠤᠨ ᠢᠳᠡᠭᠡᠨ ᠤ ᠦᠵᠡᠰᠬᠦᠯᠡᠩ ᠳᠤ ᠣᠷᠣᠯᠴᠠᠬᠤ᠂ ᠰᠣᠶᠣᠯ ᠤᠨ ᠪᠠᠶᠠᠷ ᠳᠤᠷᠠᠰᠬᠠᠯ ᠤᠨ ᠠᠵᠢᠯᠯᠠᠭ᠎ᠠ ᠡᠷᠭᠢᠯᠡᠬᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠳᠡᠯᠭᠡᠷᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠠᠷᠠᠲᠤ ᠲᠡᠮᠳᠡᠭᠲᠦ ᠶᠢᠨ ᠠᠯᠳᠠᠷᠰᠢᠯ ᠪᠠ ᠢᠷᠠᠭᠤ ᠠᠯᠳᠠᠷ ᠤᠨ ᠬᠡᠮᠵᠢᠶ᠎ᠡ ᠶᠢ ᠳᠡᠭᠡᠭᠰᠢᠯᠡᠭᠦᠯᠵᠦ᠂ ᠮᠠᠨᠳᠤᠯ ᠪᠠᠯᠭᠠᠰᠤᠨ ᠤ ᠬᠤᠨᠢᠨ ᠮᠢᠬᠠᠨ ᠤ ᠪᠦᠲᠦᠭᠡᠭᠳᠡᠬᠦᠨ ᠢ ᠲᠠᠯ᠎ᠠ ᠨᠤᠲᠤᠭ ᠠᠴᠠ ᠭᠠᠷᠭᠠᠨ᠎ᠠ᠃      ᠳᠥᠷᠪᠡ᠂ ᠠᠷᠠᠳ ᠤᠨ ᠰᠠᠨᠠᠭ᠎ᠠ ᠶᠢ ᠰᠣᠨᠣᠰᠴᠤ᠂ ᠬᠥᠭᠵᠢᠯᠲᠡ ᠶᠢᠨ ᠠᠷᠭ᠎ᠠ ᠪᠣᠳᠣᠯᠭ᠎ᠠ ᠶᠢ ᠰᠢᠯᠢᠳᠡᠭᠵᠢᠭᠦᠯᠦᠨ᠎ᠡ      ᠮᠠᠨᠳᠤᠯ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ︽ᠲᠥᠯᠥᠭᠡᠯᠡᠭᠴᠢᠳ ᠤᠨ ᠬᠦᠯᠢᠶᠡᠨ ᠠᠪᠬᠤ ᠡᠳᠦᠷ︾ ᠤᠨ ᠠᠵᠢᠯᠯᠠᠭ᠎ᠠ ᠶᠢᠨ ᠬᠤᠭᠤᠴᠠᠭᠠᠨ ᠳᠤ᠂ ᠲᠤᠰᠬᠠᠶᠢᠯᠠᠨ ︽ᠨᠢᠭᠡᠳᠦᠯᠲᠡᠢ ᠲᠡᠵᠢᠭᠡᠵᠦ ᠬᠠᠮᠲᠤ ᠪᠠᠷ ᠪᠠᠶᠠᠵᠢᠬᠤ︾ ᠪᠠᠷ ᠭᠤᠣᠯ ᠰᠡᠳᠦᠪ ᠪᠣᠯᠭᠠᠭᠰᠠᠨ ᠲᠥᠯᠥᠭᠡᠯᠡᠭᠴᠢ ᠰᠣᠩᠭᠤᠭᠤᠯᠢ ᠶᠢᠨ ᠠᠷᠠᠳ ᠢ ᠬᠦᠯᠢᠶᠡᠨ ᠠᠪᠬᠤ ᠠᠵᠢᠯᠯᠠᠭ᠎ᠠ ᠶᠢ ᠥᠷᠨᠢᠭᠦᠯᠪᠡ᠃ ᠲᠥᠯᠥᠭᠡᠯᠡᠭᠴᠢᠳ ᠮᠠᠯᠵᠢᠬᠤ ᠡᠷᠦᠬᠡ ᠪᠠᠷ ᠭᠦᠨᠵᠡᠭᠡᠶᠢᠷᠡᠵᠦ᠂ ᠲᠡᠳᠡᠨ ᠤ ᠮᠠᠯ ᠠᠵᠤ ᠠᠬᠤᠢ ᠶᠢᠨ ᠬᠥᠭᠵᠢᠯᠲᠡ ᠶᠢᠨ ᠲᠤᠬᠠᠢ ᠦᠵᠡᠯᠲᠡ ᠶᠢ ᠥᠷᠭᠡᠨ ᠢᠶᠠᠷ ᠰᠣᠨᠣᠰᠪᠠ᠃ ᠴᠤᠭᠯᠠᠭᠤᠯᠵᠤ ᠣᠯᠤᠭᠰᠠᠨ ᠰᠠᠨᠠᠯ ᠢ ᠡᠮᠬᠢᠳᠬᠡᠨ ᠬᠤᠷᠢᠶᠠᠩᠭᠤᠶᠢᠯᠠᠵᠤ᠂ ᠡᠭᠦᠯᠳᠡᠷ ᠢ ᠰᠠᠶᠢᠵᠢᠷᠠᠭᠤᠯᠬᠤ᠂ ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠶᠢᠨ ᠠᠷᠭ᠎ᠠ ᠵᠠᠮ ᠢ ᠥᠷᠭᠡᠳᠬᠡᠬᠦ ᠵᠢᠴᠢ ᠨᠢᠭᠡᠳᠦᠯᠲᠡᠢ ᠠᠷᠠᠴᠢᠯᠠᠬᠤ ᠮᠣᠳᠧᠯ ᠢ ᠰᠢᠯᠢᠳᠡᠭᠵᠢᠭᠦᠯᠬᠦ ᠵᠡᠷᠭᠡ ᠲᠠᠯ᠎ᠠ ᠪᠠᠷ ᠠᠯᠢ ᠤᠯᠠᠨ ᠪᠦᠲᠦᠭᠡᠯᠴᠢ ᠴᠢᠨᠠᠷᠲᠠᠢ ᠰᠠᠨᠠᠭᠤᠯᠭ᠎ᠠ ᠳᠤᠷᠠᠳᠴᠠᠢ᠃ ᠡᠲᠡᠭᠡᠷ ᠰᠠᠨᠠᠭᠤᠯᠭ᠎ᠠ ᠨᠢ ᠮᠠᠨᠳᠤᠯ ᠪᠠᠯᠭᠠᠰᠤᠨ ᠤ ᠤᠨᠴᠠᠯᠢᠬᠳᠤ ᠮᠠᠯ ᠠᠵᠤ ᠠᠬᠤᠶ ᠶᠢᠨ ︽ᠨᠢᠭᠡᠳᠦᠯᠲᠡᠶ ᠬᠠᠮᠢᠶᠠᠷᠴᠤ ᠬᠠᠮᠲᠤ ᠪᠠᠷ ᠪᠠᠶᠠᠵᠢᠬᠤ︾ ᠮᠣᠳᠧᠯ ᠢ ᠯᠠᠪᠳᠠᠭᠤᠨ ᠢᠶᠠᠷ ᠠᠬᠢᠭᠤᠯᠬᠤ ᠳᠤ ᠬᠦᠴᠦᠲᠡᠶ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃      ᠲᠠᠪᠤ᠂ ᠠᠮᠢ ᠠᠬᠤᠶ ᠶᠢ ᠲᠡᠷᠢᠭᠦᠨ ᠳᠤ ᠲᠠᠯᠪᠢᠵᠤ᠂ ᠪᠣᠬᠢᠷᠲᠤᠯ ᠦᠭᠡᠶ ᠬᠥᠭᠵᠢᠯᠲᠡ ᠶᠢ ᠪᠡᠶᠡᠯᠡᠭᠦᠯᠦᠨ᠎ᠡ      ︽ᠨᠢᠭᠡᠳᠦᠯᠲᠡᠶ ᠲᠡᠵᠢᠭᠡᠵᠦ ᠬᠠᠮᠲᠤ ᠪᠠᠷ ᠪᠠᠶᠠᠵᠢᠬᠤ︾ ᠮᠣᠳᠧᠯ ᠢ ᠳᠡᠯᠭᠡᠷᠡᠭᠦᠯᠬᠦ ᠨᠢ ᠮᠠᠯᠴᠢᠳ ᠢ ᠬᠠᠪᠰᠤᠷᠤᠨ ᠲᠡᠵᠢᠭᠡᠨ ᠦᠷᠡᠵᠢᠭᠦᠯᠬᠦ ᠪᠦᠲᠦᠴᠡ ᠳᠤ ᠲᠣᠬᠢᠷᠠᠭᠤᠯᠤᠯᠲᠠ ᠬᠢᠯᠭᠡᠵᠦ᠂ ᠮᠠᠯᠴᠢᠳ ᠲᠡᠵᠢᠭᠡᠨ ᠦᠷᠡᠵᠢᠭᠦᠯᠬᠦ ᠬᠡᠪᠴᠢᠶ᠎ᠡ  ᠪᠠᠨ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠪᠠᠷ ᠳᠠᠮᠵᠢᠭᠤᠯᠤᠨ᠂ ᠮᠠᠯ ᠤᠨ ᠡᠭᠦᠯᠳᠡᠷ ᠢ ᠰᠢᠯᠢᠳᠡᠭᠵᠢᠭᠦᠯᠵᠦ᠂ ᠨᠤᠲᠤᠭ ᠪᠡᠯᠴᠢᠭᠡᠷ ᠤᠨ ᠳᠠᠭᠠᠭᠠᠴᠠ ᠶᠢ ᠪᠦᠲᠦᠮᠵᠢᠲᠡᠶ ᠪᠠᠭᠠᠰᠬᠠᠪᠠ᠃ ᠨᠤᠲᠤᠭ ᠪᠡᠯᠴᠢᠭᠡᠷ ᠰᠡᠯᠭᠦᠨ ᠠᠮᠢᠵᠢᠷᠠᠵᠤ᠂ ᠤᠷᠭᠤᠮᠠᠯ ᠤᠨ ᠬᠤᠴᠢᠯᠭ᠎ᠠ ᠢᠯᠡᠳᠲᠡ ᠳᠡᠭᠡᠭᠰᠢᠯᠡᠨ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠠᠯᠬᠤᠮ ᠠᠯᠬᠤᠮ ᠢᠶᠠᠷ ᠰᠡᠷᠭᠦᠵᠤ᠂ ᠨᠤᠲᠤᠭ ᠪᠡᠯᠴᠢᠭᠡᠷ ᠤᠨ ᠠᠮᠢ ᠠᠬᠤᠶ ᠠᠮᠢᠵᠢᠷᠠᠯ ᠤᠨ ᠬᠦᠴᠦᠨ ᠢᠶᠠᠷ ᠪᠢᠯᠬᠠᠨ᠎ᠠ᠃ ᠡᠭᠦᠨ ᠤ ᠬᠠᠮᠲᠤ᠂ ᠮᠠᠯᠴᠢᠳ ᠤᠨ ᠣᠷᠣᠯᠭ᠎ᠠ ᠲᠣᠭᠲᠠᠭᠤᠨ ᠢᠶᠠᠷ ᠳᠡᠭᠡᠭᠰᠢᠯᠡᠵᠦ᠂ ︽ᠠᠮᠢ ᠠᠬᠤᠶ ᠶᠢᠨ ᠬᠠᠮᠠᠭᠠᠯᠠᠯᠲᠠ ︾ ᠬᠢᠭᠡᠳ ︽ᠠᠵᠤ ᠠᠬᠤᠶ ᠶᠢᠨ ᠬᠥᠭᠵᠢᠯᠲᠡ︾ ᠶᠢᠨ ᠬᠤᠤᠰ ᠠᠮᠵᠢᠯᠲᠠ ᠶᠢ ᠪᠡᠶᠡᠯᠡᠭᠦᠯᠪᠡ᠃ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠡᠨᠡ ᠬᠦ ᠦᠢᠯᠡᠳᠦᠯᠭᠡ ᠨᠢ ᠮᠠᠯ ᠠᠵᠤ ᠠᠬᠤᠢ ᠶᠢᠨ ᠬᠥᠭᠵᠢᠯᠲᠡ ᠳᠤ ᠪᠠᠲᠤ ᠪᠠᠬᠢ ᠰᠠᠭᠤᠷᠢ ᠶᠢ ᠬᠠᠩᠭᠠᠭᠰᠠᠨ ᠪᠥᠭᠡᠳ ᠠᠮᠢ ᠠᠬᠤᠢ ᠶᠢᠨ ᠵᠢᠭᠤᠯᠴᠢᠯᠠᠯ ᠵᠡᠷᠭᠡ ᠠᠵᠤ ᠦᠢᠯᠡᠰ ᠢ ᠬᠥᠭᠵᠢᠭᠦᠯᠬᠦ ᠳᠤ ᠠᠰᠢᠭᠲᠠᠢ ᠨᠥᠬᠦᠴᠡᠯ ᠢ ᠪᠦᠷᠢᠯᠳᠦᠭᠦᠯᠵᠦ ᠥᠭᠴᠡᠢ᠃      ᠮᠠᠨᠳᠤᠯ ᠪᠠᠯᠭᠠᠰᠤᠨ ᠤ ︽ᠨᠢᠭᠡᠳᠦᠯᠲᠡᠢ ᠲᠡᠵᠢᠭᠡᠵᠦ ᠬᠠᠮᠲᠤ ᠪᠠᠷ ᠪᠠᠶᠠᠵᠢᠬᠤ︾ ᠮᠣᠳᠧᠯ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠲᠠᠯ᠎ᠠ ᠨᠤᠲᠤᠭ ᠤᠨ ᠠᠮᠢᠳᠤᠯᠢᠭ ᠦᠢᠯᠡᠳᠦᠯᠭᠡ ᠪᠣᠯᠤᠨ᠎ᠠ᠃ ᠲᠡᠷᠡ ᠨᠢ ᠲᠤᠬᠠᠶ ᠶᠢᠨ ᠭᠠᠵᠠᠷ ᠤᠨ ᠮᠠᠯᠴᠢᠳ ᠲᠤ ᠡᠯᠪᠡᠭ ᠪᠠᠶᠠᠯᠢᠭ ᠠᠵᠤ ᠠᠬᠤᠶ ᠶᠢᠨ ᠠᠰᠢᠭ ᠬᠦᠷᠲᠡᠭᠡᠬᠦ ᠮᠥᠷᠲᠡᠭᠡᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠪᠠ ᠦᠷᠭᠦᠯᠵᠢᠯᠡᠬᠦ ᠬᠥᠭᠵᠢᠯᠲᠡ ᠳᠤ ᠠᠰᠢᠭᠲᠠᠶ ᠯᠠᠪᠯᠠᠯᠲᠠ ᠬᠠᠩᠭᠠᠭᠰᠠᠨ ᠪᠠᠶᠢᠨ᠎ᠠ᠃ ᠢᠷᠡᠭᠡᠳᠦᠢ ᠳᠤ᠂ ᠮᠠᠨᠳᠤᠯ ᠪᠠᠯᠭᠠᠰᠤ ᠦᠷᠭᠦᠯᠵᠢᠯᠡᠨ ︽ᠨᠢᠭᠡᠳᠦᠯᠲᠡᠢ ᠲᠡᠵᠢᠭᠡᠵᠦ ᠬᠠᠮᠲᠤ ᠪᠠᠷ ᠪᠠᠶᠠᠵᠢᠬᠤ︾  ᠮᠣᠳᠧᠯ ᠢ ᠭᠦᠨᠵᠡᠭᠡᠶᠢᠷᠡᠭᠦᠯᠵᠦ᠂ ᠲᠠᠰᠤᠷᠠᠯᠲᠠ ᠦᠭᠡᠢ ᠰᠦᠪᠡᠭᠴᠢᠯᠡᠨ ᠰᠢᠨ᠎ᠡ ᠶᠢ ᠡᠭᠦᠳᠴᠦ᠂ ᠨᠡᠩ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠬᠠᠭᠤᠳᠠᠰᠤ ᠶᠢ ᠴᠢᠷᠮᠠᠶᠢᠨ ᠵᠢᠷᠤᠭᠯᠠᠨ᠎ᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号