5 ᠰᠠᠷ᠎ᠠ ᠶᠢᠨ 6 ᠤ ᠡᠳᠦᠷ ᠠᠴᠠ 8 ᠤ ᠡᠳᠦᠷ ᠪᠣᠯᠲᠠᠯ᠎ᠠ᠂ ᠣᠬᠤᠷ ᠹᠢᠯᠢᠮ ︽ᠮᠣᠷᠢᠨ ᠬᠤᠭᠤᠷ︾ ᠨᠢ | ᠪᠤᠭᠤᠲᠤ ᠬᠤᠲᠠ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ ᠭᠤᠷᠪᠠᠨ ᠡᠳᠦᠷ ᠤᠨ ᠰᠡᠭᠦᠳᠡᠷᠯᠡᠬᠦ | ᠠᠵᠢᠯ ᠢ ᠳᠠᠭᠤᠰᠬᠠᠵᠤ᠂ ᠰᠢᠩᠭᠡᠭᠡᠨ ᠦᠢᠯᠡᠳᠬᠦ ᠠᠵᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠪᠡ᠃ | ᠲᠤᠰ ᠣᠬᠤᠷ ᠹᠢᠯᠢᠮ ᠳᠤ ᠦᠨᠳᠦᠰᠦᠲᠡᠨ ᠪᠣᠯᠣᠨ ᠨᠠᠰᠤ ᠵᠢᠯ ᠤᠨ ᠵᠥᠷᠢᠶ᠎ᠡ ᠶᠢ ᠳᠤᠰᠬᠠᠭᠰᠠᠨ ᠰᠡᠳᠬᠢᠯ | ᠬᠥᠳᠡᠯᠭᠡᠮ᠎ᠡ ᠦᠯᠢᠭᠡᠷ ᠢ ᠶᠠᠷᠢᠵᠠᠶ᠃ ᠣᠬᠤᠷ ᠹᠢᠯᠢᠮ ᠨᠢ ᠨᠠᠷᠢᠯᠢᠭ ᠰᠠᠶᠢᠬᠠᠨ ᠦᠢᠯᠡ ᠶᠠᠪᠤᠳᠠᠯ ᠢᠶᠠᠷ ᠳᠠᠮᠵᠢᠭᠤᠯᠤᠨ᠂ | ᠡᠪᠦᠭᠡ ᠣᠮᠪᠣᠯᠤ ᠶᠢᠨ ᠬᠤᠭᠤᠷᠣᠨᠳᠣᠬᠢ ᠵᠥᠷᠢᠴᠡᠯ ᠠᠴᠠ ᠬᠠᠷᠢᠯᠴᠠᠨ ᠣᠶᠢᠯᠠᠭᠠᠬᠤ ᠬᠦᠷᠲᠡᠯᠡᠬᠢ ᠶᠠᠪᠤᠴᠠ ᠶᠢ | ᠠᠮᠢᠳᠤᠯᠢᠭ ᠢᠶᠠᠷ ᠢᠯᠡᠷᠡᠭᠦᠯᠵᠦ᠂ ᠲᠥᠷᠥᠯ ᠰᠠᠳᠤᠨ ᠤ ᠬᠤᠭᠤᠷᠤᠨᠳᠤᠬᠢ ᠬᠠᠶᠢᠷ᠎ᠠ ᠬᠠᠯᠠᠮᠵᠢ ᠶᠢ ᠭᠦᠨᠵᠡᠭᠡᠶ | ᠲᠠᠶᠢᠯᠪᠤᠷᠢᠯᠠᠪᠠ᠂ ᠡᠭᠦᠨ ᠳᠤ ᠡᠪᠦᠭᠡ ᠶᠢᠨ ︽ᠤᠯᠤᠰ ᠤᠨ ᠬᠡᠤᠬᠡᠳ︾ ᠭᠡᠬᠦ ᠣᠨᠴᠠᠭᠠᠶ ᠪᠡᠶ᠎ᠡ ᠶᠢᠨ ᠭᠠᠷᠤᠯ ᠨᠢ ᠪᠠᠰᠠ | ᠣᠬᠤᠷ ᠹᠢᠯᠢᠮ ᠳᠤ ᠴᠠᠭ ᠦᠶ᠎ᠡ ᠶᠢᠨ ᠠᠬᠤᠶ ᠪᠠᠶᠢᠳᠠᠯ ᠤᠨ ᠳᠣᠤᠷᠠᠬᠢ ᠥᠪᠡᠷᠮᠢᠴᠡ ᠬᠠᠶᠢᠷ᠎ᠠ ᠰᠡᠳᠬᠢᠯᠭᠡ ᠶᠢ | ᠨᠡᠮᠡᠷᠢᠯᠡᠭᠰᠡᠨ ᠪᠠᠶᠢᠨ᠎ᠠ᠃ | ︽ᠡᠨᠡᠬᠦ ᠣᠬᠤᠷ ᠹᠢᠯᠢᠮ ᠪᠣᠯ ᠮᠢᠨᠦ ᠪᠡᠭᠡᠵᠢᠩ ᠤᠨ ᠺᠢᠨᠤ᠋ ᠶᠢᠨ ᠳᠡᠭᠡᠳᠦ ᠰᠤᠷᠭᠠᠭᠤᠯᠢ ᠳᠠᠬᠢ ᠨᠢᠭᠡᠨ ᠲᠡᠭᠦᠰᠬᠦ | ᠪᠦᠲᠦᠭᠡᠯ ᠮᠥᠨ᠂ ᠰᠤᠷᠭᠠᠭᠤᠯᠢ ᠳᠤ ᠮᠠᠰᠢ ᠣᠯᠠᠨ ᠺᠢᠨᠤ᠋ ᠨᠢ ᠰᠡᠭᠦᠯᠴᠢ ᠶᠢᠨ ᠬᠤᠭᠤᠴᠠᠭᠠᠨ ᠳᠤ ᠱᠠᠩᠨᠠᠯ | ᠰᠢᠯᠭᠠᠷᠠᠭᠤᠯᠬᠤ ᠳᠤ ᠣᠷᠣᠯᠴᠠᠬᠤ ᠪᠤᠯᠤᠨ᠎ᠠ᠂ ᠪᠢ ᠪᠠᠰᠠ ᠡᠨᠡ ᠳᠣᠬᠢᠶᠠᠯ ᠢ ᠠᠰᠢᠭᠯᠠᠨ ᠥᠪᠥᠷ ᠮᠣᠩᠭᠤᠯ ᠢᠶᠠᠨ | ᠤᠬᠠᠭᠤᠯᠤᠨ᠎ᠠ ᠭᠡᠵᠦ ᠪᠣᠳᠣᠵᠤ ᠪᠠᠶᠢᠨ᠎ᠠ᠃ ᠡᠮᠦᠨ᠎ᠡ ᠬᠤᠭᠤᠴᠠᠭᠠᠨ ᠤ ᠦᠵᠡᠮᠵᠢ ᠰᠣᠩᠭᠤᠬᠤ ᠶᠠᠪᠤᠴᠠ ᠳᠤ ᠪᠢ ᠴᠦ | ᠮᠦᠨ ᠮᠠᠰᠢ ᠣᠯᠠᠨ ᠭᠠᠵᠠᠷ ᠲᠤ ᠣᠴᠢᠵᠤ ᠥᠩᠭᠡᠷᠡᠭᠰᠡᠨ᠂ ᠭᠡᠪᠡᠴᠦ ᠪᠢ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠳᠤ ᠢᠷᠡᠬᠦ ᠦᠶ᠎ᠡ ᠳᠤ ᠬᠠᠮᠤᠭ ᠲᠡᠷᠢᠭᠦᠨ ᠳᠤ ᠠᠳᠡᠬᠢ ᠲᠠᠯ᠎ᠠ ᠨᠤᠲᠤᠭ ᠤᠨ ᠦᠵᠡᠮᠵᠢ ᠨᠢ ᠣᠬᠤᠷ | ᠹᠢᠯᠢᠮ ᠳᠤ ᠣᠨᠴᠠᠭᠠᠢ ᠳᠣᠬᠢᠷᠠᠵᠤ᠂ ᠲᠠᠯ᠎ᠠ ᠨᠤᠲᠤᠭ ᠤᠨ ᠰᠦᠷᠯᠢᠭ ᠰᠠᠶᠢᠬᠠᠨ ᠦᠵᠡᠮᠵᠢ ᠶᠢ ᠭᠥᠢᠴᠡᠳ | ᠢᠯᠡᠷᠡᠭᠦᠯᠵᠡᠢ︾ ᠭᠡᠵᠦ ᠺᠢᠨᠣ᠋ ᠤᠳᠤᠷᠢᠳᠤᠭᠴᠢ ᠵᠢᠶᠠᠩ ᠯᠢᠶᠠᠩ ᠯᠢᠶᠠᠩ ᠬᠡᠯᠡᠪᠡ᠃ | ᠲᠣᠰ ᠣᠬᠤᠷ ᠹᠢᠯᠢᠮ ᠶᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠤᠭᠤᠲᠤ ᠬᠤᠲᠠ ᠶᠢᠨ ᠴᠢᠩᠱᠠᠨ | ᠲᠣᠭᠤᠷᠢᠭ ᠤᠨ ᠬᠤᠷᠢᠶᠠᠨ ᠤ ᠤᠬᠠᠭᠤᠯᠬᠤ ᠬᠡᠯᠲᠡᠰ᠂ᠳᠤᠮᠳᠠᠳᠤ ᠤᠯᠤᠰ ᠤᠨ ᠡᠪ ᠬᠠᠮᠲᠤ ᠨᠠᠮ ᠤᠨ ᠪᠤᠭᠤᠲᠤ | ᠬᠤᠲᠠ ᠵᠢᠨᠲ᠋ᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠤᠷᠢᠶᠠᠨ ᠤ ᠤᠬᠠᠭᠤᠯᠬᠤ ᠬᠡᠯᠲᠡᠰ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠨᠠᠮ ᠤᠨ ᠬᠤᠷᠢᠶᠠᠨ ᠤ | ᠨᠢᠭᠡᠳᠦᠮᠡᠯ ᠹᠷᠣᠨᠲ ᠤᠨ ᠬᠡᠯᠲᠡᠰ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠤᠭᠤᠲᠤ ᠬᠤᠲᠠ ᠶᠢᠨ ᠳᠠᠷᠬᠠᠨ | ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠴᠢᠩᠱᠠᠨ | ᠲᠣᠭᠤᠷᠢᠭ ᠤᠨ ᠤᠳᠬ᠎ᠠ ᠤᠷᠠᠯᠢᠭ ᠤᠨ ᠬᠢᠨ ᠤ ᠬᠤᠯᠪᠣᠭᠠᠲᠤ ᠬᠤᠷᠠᠯ᠂ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠣᠭᠠᠲᠤ ᠬᠤᠷᠠᠯ ᠠᠴᠠ ᠬᠠᠮᠲᠤ ᠪᠠᠷ ᠦᠢᠯᠡᠳᠴᠡᠢ᠃ ᠥᠪᠥᠷ | ᠮᠣᠩᠭᠤᠯ ᠤᠨ ᠺᠢᠨᠣ᠋ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠥᠪᠥᠷ ᠮᠣᠩᠭᠤᠯ ᠤᠨ ᠺᠢᠨᠣ᠋` | ᠶᠢᠨ ᠨᠡᠶᠢᠭᠡᠮᠯᠢᠭ ᠤᠨ ᠳᠡᠮᠵᠢᠯᠭᠡ ᠪᠠᠷ᠂ ᠪᠡᠭᠡᠵᠢᠩ ᠤᠨ ᠺᠢᠨᠣ᠋ ᠶᠢᠨ ᠳᠡᠭᠡᠳᠦ ᠰᠤᠷᠭᠠᠭᠤᠯᠢ ᠶᠢᠨ ᠤᠳᠤᠷᠢᠳᠤᠭᠠᠴᠢ ᠶᠢᠨ | ᠰᠠᠯᠪᠤᠷᠢ ᠶᠢᠨ ᠵᠢᠯᠤᠭᠤᠳᠤᠯᠭ᠎ᠠ ᠪᠠᠷ᠂ ᠥᠪᠥᠷ ᠮᠣᠩᠭᠤᠯ ᠤᠨ ᠵᠢᠤᠢ ᠬᠤᠩ ᠶᠤᠸᠠᠨ ᠺᠢᠨᠣ᠋ ᠶᠢᠨ ᠦᠢᠯᠡᠰ ᠤᠨ | ᠬᠢᠵᠠᠭᠠᠷᠲᠤ ᠺᠣᠮᠫᠠᠨᠢ ᠠᠴᠠ ᠦᠢᠯᠡᠳᠥᠭᠰᠡᠨ ᠨᠢᠭᠡᠨ ᠤᠯᠠᠨ ᠲᠠᠯ᠎ᠠ ᠶᠢᠨ ᠬᠦᠴᠦᠨ ᠢ ᠨᠢᠭᠲᠠᠷᠠᠭᠤᠯᠤᠭᠰᠨ ᠤᠷᠠᠯᠢᠭ ᠤᠨ | ᠦᠷᠳᠡᠭ ᠪᠣᠯᠤᠨ ᠬᠠᠶᠢᠷ᠎ᠠ ᠰᠡᠳᠬᠢᠯᠭᠡ ᠶᠢᠨ ᠦᠨ᠎ᠡ ᠴᠠᠨ᠎ᠠ ᠲᠠᠢ ᠪᠦᠲᠦᠭᠡᠯ ᠪᠣᠯᠤᠨ᠎ᠠ᠃ | ᠣᠬᠤᠷ ᠹᠢᠯᠢᠮ ᠳᠠᠬᠢ ᠡᠪᠦᠭᠡ ᠪᠣᠯᠣᠷ ᠢ ᠳᠣᠭᠯᠠᠭᠰᠠᠨ ᠨᠢ ᠤᠯᠤᠰ ᠤᠨ ᠨᠢᠭᠡᠳᠦᠭᠡᠷ ᠳᠡᠰ ᠤᠨ ᠲᠣᠭᠯᠠᠭᠴᠢ | ᠪᠠᠶᠠᠠᠶᠢᠷᠦᠭᠡᠯ ᠰᠤᠷᠪᠤᠯᠵᠢᠯᠠᠭ᠎ᠠ ᠶᠢ ᠬᠦᠯᠢᠶᠡᠬᠦ ᠳᠡᠭᠡᠨ ᠰᠡᠳᠬᠢᠯ ᠳᠣᠭᠳᠣᠯᠤᠨ ᠶᠠᠷᠢᠭᠰᠠᠨ ᠨᠢ᠄ ︽ᠣᠬᠤᠷ ᠹᠢᠯᠢᠮ ᠳᠤ | ᠪᠢ ᠪᠣᠯ ᠨᠢᠭᠡᠨ ᠮᠣᠷᠢᠨ ᠬᠤᠭᠤᠷ ᠤᠨ ᠤᠯᠠᠮᠵᠢᠯᠠᠭᠴᠢ ᠶᠢᠨ ᠪᠡᠶ᠎ᠡ ᠭᠠᠷᠤᠯ ᠲᠠᠢ᠂ ᠭᠤᠣᠯᠳᠠᠭᠤ ᠣᠮᠪᠤᠯᠤ ᠲᠠᠢ ᠪᠠᠨ | ᠮᠣᠷᠢᠨ ᠬᠤᠭᠤᠷ ᠤᠨ ᠤᠯᠠᠮᠵᠢᠯᠠᠯ ᠤᠨ ᠳᠣᠬᠠᠢ ᠦᠯᠢᠭᠡᠷ ᠢ ᠳᠣᠭᠯᠠᠪᠠ᠃ ᠳᠠᠷᠬᠠᠨ ᠮᠤᠤᠮᠢᠩᠭᠠᠨ ᠬᠤᠯᠪᠤᠭᠠᠳᠤ | ᠬᠤᠰᠢᠭᠤᠨ ᠳᠤ ᠠᠩᠬᠠᠳᠤᠭᠠᠷ ᠤᠳᠠᠭ᠎ᠠ ᠢᠷᠡᠵᠥ ᠪᠠᠶᠢᠬᠤ ᠪᠢᠰᠢ᠂ ᠬᠤᠷᠢᠨ ᠵᠢᠯ ᠤᠨ ᠡᠮᠦᠨ᠎ᠡ ᠠᠳᠡ ᠢᠷᠡᠵᠥ | ᠲᠧᠯᠸᠢᠰ ᠵᠦᠴᠦᠭᠡ ᠰᠡᠭᠦᠳᠡᠷᠯᠡᠵᠦ ᠥᠩᠭᠡᠷᠡᠭᠰᠡᠨ ᠶᠤᠮ᠂ ᠡᠶᠢᠮᠦ ᠤᠯᠠᠨ ᠵᠢᠯ ᠤᠨ ᠲᠤᠷᠰᠢ ᠳᠤ ᠳᠠᠷᠬᠠᠨ | ᠮᠤᠤᠮᠢᠩᠭᠠᠨ ᠬᠤᠯᠪᠣᠭᠠᠲᠤ ᠬᠤᠰᠢᠭᠤᠨ ᠤ ᠬᠤᠪᠢᠷᠠᠯᠲᠠ ᠶᠡᠭᠡ ᠪᠠᠶᠢᠨ᠎ᠠ᠂ ᠠᠳᠡ ᠢᠷᠡᠵᠥ ᠺᠢᠨᠤ᠋ | ᠳᠣᠭᠯᠠᠭᠰᠠᠨ ᠳᠤ ᠪᠠᠨ ᠮᠠᠰᠢ ᠪᠠᠶᠠᠷᠯᠠᠵᠤ ᠪᠠᠶᠢᠨ᠎ᠠ︾ ᠭᠡᠵᠡᠢ᠃ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠡᠦᠬᠡ ᠰᠣᠶᠣᠯ ᠤᠨ ᠰᠠᠭᠤᠷᠢ ᠭᠦᠨ ᠵᠤᠵᠠᠭᠠᠨ᠂ | ᠬᠤᠪᠢᠰᠬᠠᠯ ᠤᠨ ᠰᠣᠶᠣᠯ᠂ ᠲᠠᠯ᠎ᠠ ᠨᠤᠲᠤᠭ ᠤᠨ ᠰᠣᠶᠣᠯ᠂ ᠲᠠᠷᠢᠶᠠᠯᠠᠬᠤ ᠰᠣᠶᠣᠯ ᠵᠡᠷᠭᠡ ᠤᠮᠠᠷᠠᠲᠤ ᠬᠢᠯᠢ ᠶᠢᠨ | ᠰᠣᠶᠣᠯ ᠤᠨ ᠣᠷᠣᠨ ᠪᠦᠰᠡ ᠶᠢᠨ ᠡᠯᠧᠮᠧᠨ᠋ᠲ ᠠᠳᠡ ᠴᠤᠭᠯᠠᠷᠠᠨ ᠠᠭᠤᠰᠤᠯᠴᠠᠵᠠᠢ᠃ ᠣᠶᠢᠷ᠎ᠠ ᠶᠢᠨ ᠵᠢᠯ ᠠᠴᠠ ᠨᠠᠰᠢ᠂ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠭᠠᠵᠠᠷ ᠣᠷᠣᠨ ᠤ ᠰᠣᠶᠣᠯ ᠤᠨ ᠡᠬᠢ ᠪᠠᠶᠠᠯᠢᠭ ᠢ ᠠᠭᠤᠳᠠᠯᠤᠨ | ᠤᠯᠠᠮᠵᠢᠯᠠᠵᠤ᠂ ᠰᠢᠨ᠎ᠡ ᠶᠢ ᠡᠭᠦᠳᠬᠦ ᠪᠠᠷ ᠳᠠᠮᠵᠢᠭᠤᠯᠤᠨ ᠤᠮᠠᠷᠠᠲᠤ ᠬᠢᠯᠢ ᠶᠢᠨ ᠰᠣᠶᠣᠯ ᠢ ᠤᠯᠠᠮᠵᠢᠯᠠᠨ ᠬᠥᠭᠵᠢᠭᠦᠯᠵᠦ | ᠪᠠᠶᠢᠨ᠎ᠠ᠃ ᠲᠤᠰ ᠣᠬᠤᠷ ᠹᠢᠯᠢᠮ ᠨᠢ ︽ᠤᠯᠤᠰ ᠤᠨ ᠬᠡᠦᠬᠡᠳ︾ ᠭᠡᠬᠦ ᠡᠨᠡ ᠬᠦ ᠴᠠᠭ ᠦᠶ᠎ᠡ ᠶᠢᠨ ᠳᠤᠷᠠᠰᠤᠮᠵᠢ | ᠠᠴᠢᠶᠠᠯᠠᠵᠤ ᠪᠠᠶᠢᠭ᠎ᠠ ᠣᠨᠴᠠᠭᠠᠶ ᠨᠢᠭᠡ ᠪᠥᠯᠥᠭ ᠬᠥᠮᠥᠰ᠂ ᠮᠣᠩᠭᠤᠯ ᠦᠨᠳᠦᠰᠦᠲᠡᠨ ᠤ ᠤᠯᠠᠮᠵᠢᠯᠠᠯᠲᠤ | ᠤᠷᠠᠯᠢᠭ ᠤᠨ ᠲᠡᠮᠳᠡᠭ ᠪᠣᠯᠬᠤ ᠮᠣᠷᠢᠨ ᠬᠤᠭᠤᠷ᠂ ᠪᠥᠬᠡ ᠪᠠᠷᠢᠯᠳᠤᠬᠤ ᠵᠡᠷᠭᠡ ᠲᠠᠢ ᠤᠷᠠᠨ ᠢᠶᠠᠷ ᠤᠶᠠᠯᠳᠤᠵᠤ᠂ | ᠨᠠᠷᠢᠨ ᠨᠢᠭᠲᠠ ᠪᠢᠴᠢᠯᠭᠡ ᠪᠠᠷ ᠦᠨᠳᠦᠰᠦᠲᠡᠨ ᠤ ᠬᠠᠶᠢᠷ᠎ᠠ ᠰᠡᠳᠬᠢᠯᠭᠡ ᠶᠢᠨ ᠵᠢᠷᠤᠭ ᠢ ᠵᠢᠷᠤᠭᠯᠠᠵᠤ᠂ ︽ | ᠦᠨᠳᠦᠰᠦᠲᠡᠨ ᠨᠦᠭᠦᠳ ᠪᠦᠯᠬᠦᠮᠳᠡᠨ ᠨᠢᠭᠡ ᠭᠡᠷ ᠪᠦᠯᠢ ᠮᠡᠲᠦ ᠳᠣᠲᠣᠨᠣ︾ ᠪᠠᠶᠢᠬᠤ ᠲᠡᠦᠬᠡ ᠶᠢᠨ ᠤᠯᠠᠮᠵᠢᠯᠠᠯ ᠢ | ᠢᠯᠡᠷᠡᠭᠦᠯᠦᠭᠰᠡᠨ ᠪᠥᠭᠡᠳ ᠪᠠᠰᠠ ᠤᠳᠤ ᠦᠶ᠎ᠡ ᠶᠢᠨ ᠭᠤᠸ᠎ᠠ ᠲᠠᠭᠠᠰᠢᠶᠠᠯ ᠢᠶᠠᠷ ᠤᠮᠠᠷᠠᠲᠤ ᠬᠢᠯᠢ ᠶᠢᠨ ᠰᠣᠶᠣᠯ ᠤᠨ | ᠴᠠᠭ ᠦᠶ᠎ᠡ ᠶᠢᠨ ᠠᠭᠤᠯᠤᠭᠳᠠᠬᠤᠨ ᠢ ᠲᠠᠬᠢᠨ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠳᠤ ᠠᠮᠢᠳᠤᠯᠢᠭ ᠲᠠᠶᠢᠯᠪᠤᠷᠢ ᠨᠡᠮᠡᠷᠢᠯᠡᠭᠰᠡᠨ ᠪᠠᠶᠢᠨ᠎ᠠ᠃ | |