6 ᠰᠠᠷ᠎ᠠ ᠶᠢᠨ 2 ᠤᠨ ᠡᠳᠦᠷ ︽ᠠᠷᠪᠠᠨ ᠬᠤᠶᠠᠷ ᠵᠢᠯ ᠤᠨ  < ᠲᠡᠭᠷᠢᠯᠢᠭ  ᠨᠣᠬᠠᠢ ᠲᠠᠢ ᠲᠡᠮᠡᠴᠡᠭᠰᠡᠨ ᠨᠢ >︾ ᠪᠢᠯᠧᠲ ᠬᠤᠳᠠᠯᠳᠤᠨ ᠠᠪᠬᠤ ᠵᠠᠮ < ᠲᠡᠭᠷᠢᠯᠢᠭ  ᠨᠣᠬᠠᠢ ᠲᠠᠢ ᠲᠡᠮᠡᠴᠡᠭᠰᠡᠨ ᠨᠢ >ᠨᠢᠭᠡᠨᠲᠡ ᠡᠬᠢᠯᠡᠪᠡ
ᠨᠡᠶᠢᠲᠡᠯᠡᠭᠰᠡᠨ ᠴᠠᠭ᠄
2025/6/1
      ᠡᠨᠡ ᠤᠳᠠᠭᠠᠨ ᠤ ᠲᠣᠭᠯᠠᠯᠲᠠ ᠶᠢᠨ ᠶᠡᠭᠡ ᠨᠠᠶᠢᠷ ᠢ ᠲᠠ ᠨᠠᠷ ᠬᠦᠰᠡᠵᠦ ᠪᠠᠶᠢᠨ᠎ᠠ ᠤᠤ︖      ᠤᠳᠤ ᠪᠢᠯᠧᠲ ᠬᠤᠳᠠᠯᠳᠤᠨ ᠠᠪᠬᠤ ᠵᠠᠮ ᠨᠢᠭᠡᠨᠳᠡ ᠨᠡᠭᠡᠭᠡᠭᠳᠡᠵᠠᠢ ~      ᠲᠦᠷᠭᠡᠨ ᠬᠤᠳᠠᠯᠳᠤᠵᠤ ᠠᠪᠤᠭᠠᠷᠠᠢ︕      ᠪᠢᠯᠧᠲ ᠪᠤᠯᠢᠶᠠᠬᠤ ᠵᠠᠮ      ᠪᠢᠯᠧᠲ ᠬᠤᠳᠠᠯᠳᠤᠬᠤ ᠮᠡᠳᠡᠭᠡ ᠵᠠᠩᠭᠢ      ᠲᠣᠭᠯᠠᠯᠲᠠ ᠶᠢᠨ ᠪᠢᠯᠧᠲ : 68 ᠲᠥᠭᠦᠷᠢᠭ / ᠬᠥᠮᠦᠨ      ᠬᠠᠮᠲᠤ ᠪᠠᠷ ᠪᠢᠯᠧᠲ ᠬᠤᠳᠠᠯᠳᠤᠨ ᠠᠪᠬᠤ᠄ 48 ᠲᠥᠭᠦᠷᠢᠭ / ᠬᠥᠮᠦᠨ ︵10 ᠬᠥᠮᠦᠨ  ᠪᠤᠶᠤ ᠲᠡᠭᠦᠨ ᠠᠴᠠ ᠳᠡᠭᠡᠭᠰᠢ︶      ᠲᠠᠨᠢᠯᠴᠠᠭᠤᠯᠬᠤ ᠵᠢᠭᠠᠯᠳᠠ ᠲᠤᠭ᠎ᠠ᠄ ★★★★★      ᠪᠢᠯᠧᠲ ᠠᠪᠬᠤ  ᠬᠠᠯᠠᠮᠰᠢᠯᠠᠯ ᠤᠲᠠᠰᠤ᠄ ᠵᠠᠩ ᠪᠠᠭᠰᠢ 15147274673      ᠲᠤᠭᠯᠠᠯᠳᠠ ᠠᠴᠠ ᠡᠮᠦᠨ᠎ᠡ ᠲᠠᠯᠠᠪᠠᠶ ᠳᠤ  ᠤᠷᠤᠵᠤ᠂ ᠥᠪᠡᠷ ᠤᠨ ᠰᠠᠨᠠᠭ᠎ᠠ ᠪᠠᠷ ᠢᠶᠠᠨ  ᠰᠠᠭᠤᠭᠠᠷᠠᠢ᠃      * ᠲᠤᠰ ᠲᠠᠯᠠᠪᠠᠢ ᠶᠢᠨ ᠲᠣᠭᠯᠠᠯᠲᠠ 1.2 ᠮᠧᠲᠷ ᠠᠴᠠ ᠳᠣᠷᠣᠭᠰᠢ ᠬᠡᠦᠬᠡᠳ ᠤᠨ ᠪᠢᠯᠧᠲ ᠢᠶᠠᠷ ᠲᠠᠯᠠᠪᠠᠢ ᠳᠤ ᠣᠷᠣᠨ᠎ᠠ᠃      ᠲᠣᠭᠯᠠᠬᠤ ᠴᠠᠭ      6 ᠰᠠᠷ᠎ᠠ ᠶᠢᠨ 2 ᠤᠨ ᠡᠳᠦᠷ ︵ᠭᠠᠷᠠᠭ ᠤᠨ ᠨᠢᠭᠡᠨ︶ 19᠄ 30      ᠲᠣᠭᠯᠠᠯᠲᠠ ᠭᠠᠷᠭᠠᠬᠤ ᠭᠠᠵᠠᠷ      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠲᠤᠬᠠᠭᠠᠯᠭ᠎ᠠ ᠪᠠᠯᠭᠠᠰᠤᠨ ᠤ ᠲᠣᠭᠯᠠᠯᠲᠠ ᠶᠢᠨ ᠲᠥᠪ      ᠥᠪᠥᠷ  ᠮᠤᠩᠭᠤᠯ ᠤᠨ ᠥᠪᠡᠷᠲᠡᠭᠡᠨ ᠵᠠᠰᠠᠬᠤ ᠣᠷᠣᠨ ᠶᠢᠨ ᠪᠤᠭᠤᠲᠤ ᠬᠤᠲᠠ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠯᠠᠭᠠᠨᠴᠠᠪ ᠵᠠᠮ ᠤᠨ ᠳᠠᠷᠬᠠᠨ ᠮᠤᠤᠮᠢᠩᠭᠠᠨ ᠬᠤᠯᠪᠣᠭᠠᠲᠤ  ᠬᠤᠰᠢᠭᠤᠨ ᠤ  ᠵᠢᠮᠢᠰᠳᠠᠢ ᠣᠯᠠᠨ ᠤᠯᠤᠰ ᠤᠨ ᠪᠠᠭᠤᠳᠠᠯ ᠤᠨ ᠵᠡᠭᠦᠨ ᠡᠮᠦᠨ᠎ᠡ ᠲᠠᠯ᠎ᠠ  ᠠᠴᠠ 220 ᠮᠧᠲᠷ ᠲᠤ ᠪᠤᠢ      ᠵᠦᠴᠦᠭᠡ ᠶᠢᠨ ᠪᠠᠶᠢᠳᠠᠯ ᠤᠨ ᠲᠠᠨᠢᠯᠴᠠᠭᠤᠯᠭ᠎ᠠ᠄      ᠬᠡᠦᠬᠡᠳ ᠤᠨ ᠵᠦᠴᠦᠭᠡ ︽ᠠᠷᠪᠠᠨ ᠬᠤᠶᠠᠷ ᠵᠢᠯ ᠤᠨ ︿ᠲᠡᠭᠷᠢᠯᠢᠭ ᠨᠣᠬᠠᠢ ᠲᠠᠢ ᠲᠡᠮᠡᠴᠡᠭᠰᠡᠨ ᠨᠢ﹀︾ ᠪᠣᠯ ᠳᠤᠮᠳᠠᠳᠤ ᠶᠢᠨ ᠤᠯᠠᠮᠵᠢᠯᠠᠯᠲᠤ ᠰᠣᠶᠣᠯ ᠬᠢᠭᠡᠳ ᠣᠳᠣ ᠦᠶ᠎ᠡ ᠶᠢᠨ ᠤᠷᠠᠯᠢᠭ ᠢ ᠢᠯᠡᠷᠡᠭᠦᠯᠦᠭᠰᠡᠨ ᠬᠡᠦᠬᠡᠳ ᠤᠨ ᠳᠠᠭᠤᠤ ᠬᠥᠭᠵᠢᠮ ᠤᠨ ᠵᠦᠴᠦᠭᠡ ᠪᠣᠯᠤᠨ᠎ᠠ᠃ ᠦᠯᠢᠭᠡᠷ ᠨᠢ ᠨᠠᠮ ᠰᠡᠯᠡᠭᠦᠨ ᠬᠥᠳᠡᠭᠡ ᠲᠣᠰᠬᠤᠨ ᠳᠤ ᠡᠭᠦᠰᠴᠦ᠂ ᠨᠢᠭᠡ ᠪᠦᠯᠦᠭ ᠪᠢᠴᠢᠬᠠᠨ ᠨᠠᠶᠢᠵᠠ ᠨᠠᠷ ᠤᠨ ᠠᠷᠪᠠᠨ ᠬᠤᠶᠠᠷ ᠵᠢᠯ ᠤᠨ ᠬᠠᠴᠢᠨ ᠰᠣᠨᠢᠨ ᠦᠷ᠎ᠡ ᠵᠢᠮᠢᠰ ᠢ ᠢᠯᠡᠷᠡᠭᠦᠯᠦᠭᠰᠡᠨ ᠤ ᠳᠠᠷᠠᠭ᠎ᠠ᠂  ᠳᠣᠲᠣᠭᠠᠳᠤ ᠰᠡᠳᠬᠢᠯ ᠤᠨ  ᠬᠤᠪᠳᠤᠭ ᠰᠢᠨᠤᠬᠠᠢ ᠪᠠᠨ ᠭᠡᠷᠬᠢᠨ ᠵᠠᠬᠢᠷᠴᠤ᠂ ᠡᠴᠦᠰ ᠲᠡᠭᠡᠨ ᠪᠦᠯᠬᠦᠮᠳᠡᠨ ᠨᠢᠭᠡᠳᠴᠦ᠂ ᠦᠵᠡᠰᠬᠦᠯᠡᠩᠲᠦ ᠰᠠᠶᠢᠬᠠᠨ ᠰᠠᠷᠠᠨ ᠤ ᠭᠠᠶ ᠭᠠᠮᠰᠢᠭ ᠢ ᠬᠡᠷᠬᠢᠨ  ᠬᠤᠷᠢᠭᠯᠠᠭᠰᠠᠨ ᠤ ᠲᠤᠬᠠᠶ ᠶᠠᠷᠢᠪᠠ᠃ ᠡᠨᠡ ᠵᠦᠴᠦᠭᠡ ᠨᠢ ᠬᠡᠦᠬᠡᠳ ᠤᠨ ᠰᠡᠳᠭᠢᠨ ᠪᠣᠳᠣᠬᠤ ᠴᠢᠳᠠᠪᠤᠷᠢ ᠶᠢ ᠬᠥᠭᠵᠢᠭᠡᠬᠦ ᠪᠠᠷ ᠪᠠᠷᠠᠬᠤ ᠦᠭᠡᠢ᠂ ᠨᠡᠩ  ᠴᠤ  ᠬᠥᠮᠦᠵᠢᠯ  ᠢ ᠪᠠᠶᠠᠷ ᠴᠡᠩᠭᠡᠯ ᠳᠤ ᠠᠭᠤᠯᠬᠤ ᠬᠡᠯᠪᠡᠷᠢ ᠪᠠᠷ ᠳᠠᠮᠵᠢᠭᠤᠯᠤᠨ ᠵᠥᠪ ᠡᠨᠧᠷᠭᠢ ᠶᠢ ᠳᠠᠮᠵᠢᠭᠤᠯᠵᠤ᠂ ᠬᠡᠦᠬᠡᠳ ᠤᠳ ᠤᠨ ᠵᠣᠷᠢᠭᠲᠠᠢ ᠪᠠᠷ ᠬᠦᠴᠢᠷ ᠪᠡᠷᠭᠡᠰᠢᠶᠡᠯ  ᠲᠤ  ᠬᠠᠨᠳᠤᠵᠤ᠂ ᠨᠥᠬᠦᠷᠯᠡᠯ ᠢᠶᠠᠨ ᠨᠠᠨᠳᠢᠩᠨᠠᠨ᠂ ᠬᠠᠷᠢᠭᠤᠴᠠᠯᠭ᠎ᠠ ᠪᠠᠨ ᠵᠣᠷᠢᠭᠲᠠᠢ ᠡᠭᠦᠷᠭᠡᠯᠡᠬᠦ ᠶᠢ ᠵᠤᠷᠢᠭᠵᠢᠭᠤᠯᠤᠭᠰᠠᠨ ᠪᠠᠶᠢᠨ᠎ᠠ ᠃      ᠵᠦᠴᠦᠭᠡ ᠦᠵᠡᠬᠦ ᠳᠤ ᠮᠡᠳᠡᠬᠦ ᠴᠢᠬᠤᠯᠠᠲᠠᠶ ᠵᠦᠢᠯᠡᠰ᠄      1. ᠪᠢᠯᠧᠲ ᠨᠢ ᠦᠨᠡᠲᠦ ᠲᠡᠮᠳᠡᠭᠲᠦ᠂ ᠡᠩ ᠤᠨ ᠪᠤᠰᠤ ᠲᠠᠸᠠᠷ᠂ ᠲᠡᠬᠦᠨ ᠤ ᠠᠴᠢᠶᠠᠯᠠᠭᠰᠠᠨ ᠰᠣᠶᠣᠯ ᠤᠨ ᠦᠢᠯᠡᠴᠢᠯᠡᠭᠡ ᠨᠢ ᠬᠤᠭᠤᠴᠠᠭᠠᠲᠤ ᠴᠢᠨᠠᠷ᠂ ᠬᠤᠪᠣᠷ ᠴᠤᠬᠠᠭ ᠴᠢᠨᠠᠷ ᠵᠡᠷᠭᠡ ᠣᠨᠴᠠᠯᠢᠭ ᠲᠠᠢ ᠪᠠᠶᠢᠵᠤ᠂ ᠡᠭᠦᠳᠡᠨ ᠪᠢᠯᠧᠲ ᠢ ᠬᠤᠳᠠᠯᠳᠤᠵᠤ ᠠᠪᠤᠪᠠᠯ ᠪᠤᠴᠠᠭᠠᠬᠤ ᠪᠤᠶᠤ ᠰᠤᠯᠢᠵᠤ  ᠪᠤᠯᠬᠤ ᠦᠭᠡᠢ᠃      2. ᠲᠤᠭ᠂ ᠬᠥᠨᠳᠡᠯᠡᠨ ᠪᠢᠴᠢᠭᠡᠰᠦ᠂ ᠲᠤᠰᠬᠠᠯᠲᠠ ᠶᠢᠨ ᠲᠥᠬᠦᠭᠡᠷᠦᠮᠵᠢ᠂ ᠠᠭᠠᠷ ᠠᠶᠠᠯᠠᠯ ᠤᠨ ᠰᠡᠭᠦᠳᠡᠷᠯᠡᠬᠦ ᠮᠠᠰᠢᠨ᠂ ᠲᠤᠰᠬᠠᠶ ᠮᠡᠷᠭᠡᠵᠢᠯ ᠤᠨ ᠳᠦᠷᠰᠦ ᠰᠢᠩᠭᠡᠭᠡᠬᠦ ᠲᠣᠨᠤᠭ ᠲᠥᠬᠦᠭᠡᠷᠦᠮᠵᠢ᠂ ᠡᠩᠬᠦᠷᠡᠢ ᠠᠮᠢᠲᠠᠨ ︵ᠵᠠᠮᠴᠢᠯᠠᠭᠴᠢ ᠨᠣᠬᠠᠶ ᠪᠠᠭᠲᠠᠬᠤ ᠦᠭᠡᠶ︶᠂ ᠰᠫᠢᠷᠲ ᠠᠭᠤᠯᠤᠭᠰᠠᠨ ᠲᠥᠷᠥᠯ ᠤᠨ ᠤᠮᠳᠠᠭᠠᠨ ᠢ ᠲᠠᠯᠠᠪᠠᠢ ᠳᠤ  ᠠᠪᠴᠤ ᠤᠷᠤᠵᠤ ᠪᠣᠯᠬᠤ ᠦᠭᠡᠢ᠃      3. ᠬᠦᠢᠲᠡᠨ ᠬᠤᠸᠠᠷ ᠫᠤᠤᠵᠢᠩ᠂ ᠰᠤᠯᠠ ᠰᠠᠪᠠᠯᠠᠭᠰᠠᠨ ᠡᠮ ᠤᠨ ᠵᠦᠢᠯ᠂  ᠨᠤᠴᠤᠭᠠᠭᠤᠷ᠂  ᠴᠠᠭᠠᠵᠠᠯᠠᠭᠰᠠᠨ ᠡᠮ ᠤᠨ ᠵᠦᠢᠯ᠂ ᠫᠤᠤ ᠵᠡᠪᠰᠡᠭ ᠰᠤᠮᠤ ᠳᠠᠷᠢ᠂ ᠵᠠᠬᠢᠷᠤᠨ  ᠬᠠᠮᠢᠶᠠᠷᠤᠭᠰᠠᠨ ᠢᠷᠲᠦ ᠪᠠᠭᠠᠵᠢ ᠪᠠ ᠨᠣᠴᠣᠮᠠᠲᠠᠭᠠᠶ ᠪᠤᠳᠠᠰ ᠲᠡᠯᠪᠡᠷᠡᠮᠡᠳᠡᠭᠡᠢ ᠪᠤᠳᠠᠰ ᠵᠡᠷᠭᠡ ᠠᠶᠤᠯᠲᠠᠶ ᠪᠣᠳᠠᠰ ᠢ ᠲᠠᠯᠠᠪᠠᠶ ᠳᠤ ᠠᠪᠴᠤ ᠣᠷᠣᠬᠤ ᠶᠢ ᠴᠢᠩᠭ᠎ᠠ ᠴᠠᠭᠠᠵᠠᠯᠠᠨ᠎ᠠ︔ ᠬᠡᠷᠪᠡ ᠣᠨᠴᠠᠭᠠᠶ ᠪᠠᠶᠢᠳᠠᠯ ᠲᠣᠬᠢᠶᠠᠯᠳᠤᠪᠠᠯ ᠠᠶᠤᠯᠭᠦᠶ ᠶᠢᠨ ᠪᠠᠶᠢᠴᠠᠭᠠᠯᠲᠠ ᠶᠢ ᠬᠦᠯᠢᠶᠡᠭᠡᠷᠡᠢ᠃      4᠂ ᠬᠡᠷᠪᠡ ᠡᠰᠡᠷᠭᠦᠴᠡᠰᠢ ᠦᠭᠡᠢ ᠬᠦᠴᠦᠨ ᠵᠡᠷᠭᠡ ᠪᠠᠶᠢᠳᠠᠯ ᠲᠣᠬᠢᠶᠠᠯᠳᠤᠪᠠᠯ ᠲᠣᠭᠯᠠᠯᠲᠠ ᠶᠢ ᠬᠤᠶᠢᠰᠢᠯᠠᠭᠤᠯᠬᠤ ᠪᠤᠶᠤ ᠬᠦᠴᠦᠨ ᠦᠭᠡᠢ  ᠪᠤᠯᠭᠠᠵᠤ ᠵᠥᠪᠬᠡᠨ ᠡᠭᠦᠳᠡᠨ ᠪᠢᠯᠧᠲ ᠤᠨ ᠵᠣᠭᠤᠰ ᠢ  ᠪᠤᠴᠠᠭᠠᠨ ᠦᠭᠴᠦ᠂ ᠲᠣᠭᠯᠠᠯᠲᠠ ᠰᠣᠨᠢᠷᠬᠠᠬᠤ ᠠᠴᠠ ᠪᠣᠯᠤᠭᠰᠠᠨ ᠪᠤᠰᠤᠳ ᠵᠠᠷᠤᠳᠠᠯ ᠢ ᠪᠢᠯᠧᠲ ᠬᠤᠳᠠᠯᠳᠤᠨ ᠠᠪᠬᠤ ᠦᠵᠡᠭᠴᠢᠳ ᠥᠪᠡᠰᠦᠪᠡᠨ ᠡᠭᠦᠷᠭᠡᠯᠡᠨ᠎ᠡ᠃      5. ᠪᠢᠯᠧᠲ ᠬᠤᠳᠠᠯᠳᠤᠨ ᠠᠪᠴᠤ ᠲᠠᠯᠠᠪᠠᠢ ᠳᠤ ᠣᠷᠣᠭᠰᠠᠳ ᠢ ᠭᠤᠣᠯᠯᠠᠨ ᠡᠷᠬᠢᠯᠡᠭᠰᠡᠳ ᠲᠤᠬᠠᠶ ᠶᠢᠨ ᠲᠠᠯᠠᠪᠠᠢ ᠳᠤ ᠰᠡᠭᠦᠳᠡᠷᠯᠡᠨ ᠠᠪᠬᠤ ᠪᠠ ᠳᠦᠷᠰᠦ ᠰᠢᠩᠭᠡᠭᠡᠯᠲᠡ ᠶᠢᠨ ᠦᠢᠯᠡᠳᠬᠦᠨ ᠢ ᠳᠠᠭᠠᠯᠳᠤᠭᠤᠯᠤᠨ ᠲᠠᠷᠬᠠᠭᠠᠬᠤ ᠶᠢ  ᠵᠦᠪᠰᠢᠶᠡᠷᠡᠭᠰᠡᠨ ᠢᠶᠠᠷ ᠦᠵᠡᠨ᠎ᠡ᠃      6. ᠲᠠᠨ ᠤ ᠤᠷᠤᠭᠰᠢᠲᠠᠶ ᠰᠠᠶᠢᠨ ᠰᠠᠶᠢᠬᠠᠨ ᠲᠤᠭᠯᠠᠯᠳᠠ ᠶᠢᠨ ᠲᠦᠷᠦᠭᠳᠡᠯ ᠢ ᠪᠠᠲᠤᠯᠠᠬᠤ ᠶᠢᠨ ᠲᠥᠯᠥᠭᠡ᠂ ᠪᠢᠯᠧᠲ ᠬᠤᠳᠠᠯᠳᠤᠨ ᠠᠪᠬᠤ ᠠᠴᠠ ᠡᠮᠦᠨ᠎ᠡ ᠡᠷᠬᠡᠪᠰᠢ ︽ᠪᠢᠯᠧᠲ ᠬᠤᠳᠠᠯᠳᠤᠨ ᠠᠪᠬᠤ ᠳᠤ ᠮᠡᠳᠡᠬᠦ ᠴᠢᠬᠤᠯᠠᠲᠠᠶ︾ ᠶᠢ ᠨᠠᠷᠢᠨ ᠨᠢᠮᠪᠠᠶ ᠤᠩᠰᠢᠬᠤ ᠬᠡᠷᠡᠭᠲᠡᠶ᠃      7᠂ ᠡᠭᠦᠳᠡᠨ ᠪᠢᠯᠧᠲ  ᠢ ᠡᠵᠡᠮᠰᠢᠵᠤ ᠪᠠᠶᠢᠭ᠎ᠠ ᠪᠤᠶᠤ ᠬᠡᠷᠡᠭᠯᠡᠵᠦ ᠪᠠᠶᠢᠭ᠎ᠠ  ᠶᠠᠮᠠᠷᠪᠠ ᠦᠵᠡᠭᠴᠢᠳ ᠢ ᠨᠢᠭᠡᠨᠲᠡ ᠤᠩᠰᠢᠵᠤ ᠣᠶᠢᠯᠠᠭᠠᠭᠰᠠᠨ ᠪᠥᠭᠡᠳ ᠳᠡᠭᠡᠷᠡᠬᠢ ᠵᠦᠢᠯ ᠵᠤᠷᠪᠤᠰ ᠢ ᠬᠦᠯᠢᠶᠡᠨ ᠠᠪᠤᠭᠰᠠᠨ᠂ ᠲᠤᠰ  ᠵᠦᠢᠯ ᠤᠨ ᠮᠡᠳᠡᠬᠦ  ᠴᠢᠬᠤᠯᠠᠳᠠᠢ ᠦᠢᠯᠡ ᠠᠵᠢᠯᠯᠠᠭ᠎ᠠ  ᠶᠢ ᠵᠥᠷᠢᠴᠡᠭᠰᠡᠨ ᠭᠡᠵᠦ  ᠦᠵᠡᠪᠡᠯ᠂ ᠲᠤᠬᠠᠶ ᠶᠢᠨ ᠲᠠᠯᠠᠪᠤᠷ ᠤᠨ ᠠᠮᠤᠷ ᠢ  ᠬᠠᠮᠠᠭᠠᠯᠠᠭᠴᠢ ᠪᠠ ᠠᠵᠢᠯᠲᠠᠨ ᠬᠤᠷᠢᠭᠯᠠᠨ ᠵᠣᠭᠰᠣᠭᠠᠬᠤ ᠪᠤᠶᠤ ᠵᠠᠷᠯᠢᠭᠳᠠᠵᠤ ᠪᠠᠶᠢᠭᠠᠳ ᠲᠠᠯᠠᠪᠤᠷ ᠠᠴᠠ ᠭᠠᠷᠭᠠᠬᠤ ᠡᠷᠬᠡ ᠲᠠᠢ᠃      8. 1.2  ᠮᠧᠲᠷ ᠠᠴᠠ ᠳᠣᠷᠣᠭᠰᠢ ᠬᠡᠦᠬᠡᠳ ᠤᠨ ᠪᠢᠯᠧᠲ ᠢᠶᠠᠷ ᠲᠠᠯᠠᠪᠠᠢ ᠳᠤ ᠣᠷᠣᠨ᠎ᠠ᠃      ᠲᠠᠨ ᠤ ᠬᠠᠮᠵᠢᠯᠴᠠᠭ᠎ᠠ ᠳᠤ ᠲᠠᠯᠠᠷᠬᠠᠵᠤ ᠪᠠᠶᠢᠨ᠎ᠠ᠂ ᠲᠠᠨ ᠤ ᠲᠣᠭᠯᠠᠯᠲᠠ ᠶᠢ ᠪᠠᠶᠠᠷ ᠬᠥᠷ ᠲᠠᠢ  ᠰᠤᠨᠢᠷᠬᠠᠬᠤ ᠶᠢ ᠢᠷᠥᠭᠡᠶ᠎ᠡ︕    【 ᠣᠨᠴᠠᠭᠠᠶᠢᠯᠠᠨ ᠰᠠᠨᠠᠭᠤᠯᠬᠤ ᠨᠢ 】 ᠲᠣᠭᠯᠠᠯᠲᠠ ᠶᠢᠨ ᠲᠥᠷᠥᠯ ᠤᠨ ᠡᠭᠦᠳᠡᠨ ᠪᠢᠯᠧᠲ ᠨᠢ ᠦᠵᠡᠭᠦᠯᠦᠯᠭᠡ ᠶᠢᠨ ᠲᠣᠭᠯᠠᠯᠲᠠ ᠶᠢᠨ ᠬᠢᠷᠢ ᠬᠡᠮ ᠤᠨ ᠭᠡᠷᠡᠴᠢ ᠪᠠᠷᠢᠮᠲᠠ᠂ ᠪᠦᠬᠦ ᠰᠦᠯᠵᠢᠶ᠎ᠡ ᠪᠠᠷ ᠪᠢᠯᠧᠲ ᠬᠤᠳᠠᠯᠳᠤᠬᠤ᠂ ᠡᠩ ᠤᠨ ᠲᠠᠸᠠᠷ ᠲᠠᠢ ᠠᠳᠠᠯᠢ ᠪᠤᠰᠤ ᠣᠨᠴᠠᠭᠠᠢ ᠴᠢᠨᠠᠷ ᠲᠠᠢ ᠪᠠᠶᠢᠬᠤ ᠶᠢ ᠳᠠᠭᠠᠯᠳᠤᠨ᠂ ᠡᠰᠡᠷᠭᠦᠴᠡᠰᠢ ᠦᠭᠡᠢ ᠬᠦᠴᠦᠨ ᠠᠴᠠ ᠪᠣᠯᠤᠭᠰᠠᠨ ᠲᠣᠭᠯᠠᠯᠲᠠ ᠶᠢ ᠬᠦᠴᠦᠨ ᠦᠭᠡᠢ ᠪᠣᠯᠭᠠᠬᠤ᠂ ᠲᠣᠭᠯᠠᠯᠲᠠ ᠭᠠᠷᠭᠠᠬᠤ ᠴᠠᠭ ᠢ ᠬᠤᠪᠢᠷᠠᠭᠤᠯᠬᠤ ᠵᠡᠷᠭᠡ ᠪᠠᠶᠢᠳᠠᠯ ᠠᠴᠠ ᠭᠠᠳᠠᠨ᠎ᠠ᠂ ᠪᠢᠯᠧᠲ ᠰᠣᠯᠢᠬᠤ ᠲᠠᠯ᠎ᠠ ᠶᠢᠨ ᠬᠢᠨ ᠪᠢᠯᠧᠲ ᠬᠤᠳᠠᠯᠳᠤᠨ ᠠᠪᠬᠤ ᠳᠠᠭᠠᠨ ᠡᠷᠬᠡᠪᠰᠢ ᠲᠠᠨ ᠤ ᠵᠠᠬᠢᠶᠠᠯᠠᠭ᠎ᠠ ᠶᠢᠨ ᠮᠡᠳᠡᠭᠡ ᠵᠠᠩᠭᠢ ᠶᠢ ᠨᠠᠷᠢᠨ ᠨᠢᠮᠪᠠᠢ ᠬᠠᠷᠭᠤᠭᠤᠯᠤᠭᠰᠠᠨ ᠤ ᠳᠠᠷᠠᠭ᠎ᠠ ᠵᠠᠬᠢᠶᠠᠯᠠᠭ᠎ᠠ ᠪᠠ ᠬᠦᠯᠢᠶᠡᠨ ᠠᠪᠬᠤ ᠬᠡᠷᠡᠭᠲᠡᠢ ᠪᠥᠭᠡᠳ ᠡᠭᠦᠨ ᠢᠶᠠᠷ ᠳᠠᠮᠵᠢᠨ ᠬᠤᠳᠠᠯᠳᠤᠨ ᠠᠪᠬᠤ ᠲᠠᠯ᠎ᠠ ᠶᠢᠨ ᠪᠢᠯᠧᠲ ᠬᠤᠳᠠᠯᠳᠤᠨ ᠠᠪᠬᠤ ᠤᠷᠢᠲᠠᠯ ᠨᠥᠬᠦᠴᠡᠯ ᠢ ᠲᠣᠭᠲᠠᠭᠠᠬᠤ ᠬᠡᠷᠡᠭᠲᠡᠢ᠂ ᠲᠡᠶᠢᠮᠦ ᠪᠢᠰᠢ ᠪᠣᠯ ᠬᠤᠳᠠᠯᠳᠤᠨ ᠠᠪᠴᠤ ᠪᠣᠯᠬᠤ ᠦᠭᠡᠢ᠃ ᠪᠢᠯᠧᠲ ᠬᠤᠳᠠᠯᠳᠤᠨ ᠠᠪᠤᠭᠴᠢ ᠨᠢ ᠪᠢᠯᠧᠲ ᠬᠤᠳᠠᠯᠳᠤᠨ ᠠᠪᠤᠮᠠᠭᠴᠠ ᠨᠢᠭᠡᠨᠳᠡ ᠵᠥᠪᠰᠢᠶᠡᠷᠡᠭᠰᠡᠨ ᠢᠶᠠᠷ ᠦᠵᠡᠨ᠎ᠡ᠃ ᠪᠢᠯᠧᠲ ᠬᠤᠳᠠᠯᠳᠤᠨ ᠠᠪᠬᠤ ᠲᠠᠯ᠎ᠠ ᠨᠢ ᠪᠢᠯᠧᠲ ᠢᠶᠠᠨ ᠬᠤᠳᠠᠯᠳᠤᠨ ᠠᠪᠤᠮᠠᠭᠴᠠ᠂ ᠰᠠᠨᠠᠭᠤᠯᠤᠮᠵᠢ ᠶᠢ ᠨᠠᠷᠢᠨ ᠬᠢᠨᠠᠮᠠᠭᠠᠶ ᠤᠩᠰᠢᠵᠤ᠂ ᠭᠦᠢᠴᠡᠳ ᠣᠶᠢᠯᠭᠠᠬᠤ ᠪᠠ ᠰᠠᠶᠢᠨ ᠳᠤᠷ᠎ᠠ ᠠᠴᠠ ᠪᠠᠨ ᠲᠤᠰ ᠲᠤᠰ ᠤᠨ ᠰᠠᠨᠠᠭᠤᠯᠤᠮᠵᠢ ᠶᠢ ᠬᠦᠯᠢᠶᠡᠨ ᠠᠪᠬᠤ ᠶᠢᠨ ᠬᠠᠮᠲᠤ ᠪᠢᠯᠧᠲ ᠬᠤᠳᠠᠯᠳᠤᠨ ᠠᠪᠬᠤ ᠲᠠᠯ᠎ᠠ ᠪᠠᠷ ᠬᠤᠳᠠᠯᠳᠤᠨ ᠠᠪᠤᠭᠴᠢ ᠶᠢᠨ ᠲᠤᠰ ᠪᠡᠶ᠎ᠡ ᠶᠢᠨ ᠰᠢᠯᠲᠠᠭᠠᠨ ᠠᠴᠠ ᠪᠣᠯᠵᠤ ᠪᠢᠯᠧᠲ ᠢ ᠪᠤᠴᠠᠭᠠᠬᠤ ᠪᠤᠶᠤ  ᠰᠤᠯᠢᠵᠤ ᠪᠤᠯᠬᠤ ᠦᠭᠡᠶ ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号