︽ᠢᠮᠠᠭᠠᠨ ᠨᠣᠣᠯᠣᠭᠤᠷ︾ ᠢᠶᠠᠷ ᠠᠷᠠᠳ ᠢ ᠪᠠᠶᠠᠵᠢᠭᠤᠯᠬᠤ ᠰᠠᠷᠠᠭᠤᠯ ᠳᠠᠷᠳᠠᠩ ᠵᠠᠮ ᠢᠶᠠᠷ ᠰᠠᠶᠢᠲᠤᠷ ᠵᠠᠮᠨᠠᠨ᠎ᠠ
ᠨᠡᠶᠢᠲᠡᠯᠡᠭᠰᠡᠨ ᠴᠠᠭ᠄
2025/6/1
      ᠮᠣᠨᠢ ᠠᠭᠤᠯᠠᠨ ᠤ ᠠᠷᠤ ᠬᠤᠷᠮᠤᠢ ᠳᠤ ᠮᠠᠯᠴᠢᠨ ᠤ ᠳᠠᠭᠤᠤ ᠬᠠᠩᠭᠢᠨᠠᠨ᠎ᠠ᠃ 5 ᠳ᠋ᠤᠭᠠᠷ ᠰᠠᠷ᠎ᠠ ᠶᠢᠨ 29  ᠤ ᠡᠳᠦᠷ᠂ ᠴᠠᠭᠠᠨᠬᠠᠳᠠ ᠰᠣᠮᠣᠨ ᠤ ᠨᠣᠣᠯᠤᠭᠤᠷ ᠤᠨ ᠢᠮᠠᠭ᠎ᠠ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠲᠤ ᠨᠢᠭᠡ ᠤᠳᠠᠭᠠᠨ ᠤ ᠤᠷᠢᠳ ᠭᠠᠷᠤᠭ᠎ᠠ ᠦᠭᠡᠢ ︽ᠤᠷᠤᠯᠳᠤᠭᠠᠨ︾ ᠶᠠᠪᠤᠭᠳᠠᠪᠠ᠃ ᠨᠣᠣᠯᠤᠭᠤᠷ ᠬᠠᠶᠢᠴᠢᠯᠠᠬᠤ ᠮᠡᠷᠭᠡᠵᠢᠯ ᠤᠨ ᠤᠷᠤᠯᠳᠤᠭᠠᠨ ᠳᠡᠭᠡᠷ᠎ᠡ ᠴᠠᠬᠢᠯᠭᠠᠨ ᠬᠠᠶᠢᠴᠢ ᠦᠩᠭᠢᠨᠡᠵᠦ ᠳᠤᠤᠭᠠᠷᠤᠨ᠂ ᠮᠠᠯᠴᠢᠳ ᠤᠨ ᠬᠦᠳᠡᠯᠦᠯ ᠮᠠᠰᠢ ᠪᠣᠯᠪᠠᠰᠤᠷᠠᠩᠭᠤᠢ ᠪᠠᠶᠢᠵᠤ᠂ ᠬᠤᠷᠳᠤᠴᠠ ᠪᠣᠯᠤᠨ ᠨᠢᠭᠲᠠᠴᠠ ᠶᠢᠨ ᠬᠤᠭᠤᠷᠣᠨᠳᠣᠬᠢ ᠲᠡᠩᠴᠡᠭᠦᠷᠢᠰᠢᠯ ᠢ ᠣᠯᠬᠤ ᠪᠠᠷ ᠬᠦᠴᠦᠯᠡᠵᠦ᠂ ᠨᠣᠣᠯᠣᠭᠤᠷ ᠬᠡᠮᠵᠢᠯᠲᠡ ᠶᠢᠨ ᠣᠷᠣᠨ ᠳᠤ ᠳᠤᠩ ᠴᠠᠭᠠᠨ ᠨᠣᠣᠯᠣᠭᠤᠷ ᠨᠢ ᠨᠣᠣᠯᠣᠭᠤᠷ ᠤᠨ ᠢᠮᠠᠭᠠᠨ ᠤ ᠴᠢᠨᠠᠷ ᠢ ᠭᠡᠷᠡᠴᠢᠯᠡᠨ᠎ᠡ᠃ ᠡᠨᠡ ᠨᠢ ᠡᠩ ᠤᠨ ᠮᠠᠯᠴᠢᠨ ᠲᠠᠷᠢᠶᠠᠴᠢᠨ ᠤ ᠤᠷᠤᠯᠳᠤᠭᠠᠨ ᠪᠢᠰᠢ᠂ ᠬᠠᠷᠢᠨ ᠴᠠᠭᠠᠨᠬᠠᠳᠠ ᠰᠣᠮᠣᠨ ᠤ ︽ᠨᠢᠭᠡᠲᠦᠯᠲᠡᠢ ᠲᠡᠵᠢᠭᠡᠵᠦ ᠬᠠᠮᠲᠤ ᠪᠠᠷ ᠪᠠᠶᠠᠵᠢᠬᠤ︾ ᠨᠣᠣᠯᠤᠭᠤᠷ ᠤᠨ ᠢᠮᠠᠭᠠᠨ ᠤ ᠦᠢᠯᠡᠰ ᠤᠨ ᠬᠤᠯᠪᠤᠭᠠᠲᠤ ᠴᠣᠭᠴᠠ ᠶᠢᠨ ᠬᠦᠳᠡᠯᠭᠡᠭᠡᠨ ᠤ ᠭᠢᠯᠠᠰ ᠭᠤᠭᠴᠤᠭ᠎ᠠ ᠮᠦᠨ᠂ ᠬᠦᠳᠡᠯᠭᠡᠭᠡᠨ ᠤ ᠥᠷᠨᠢᠯᠲᠡ ᠨᠢ ᠨᠢᠭᠡ ᠰᠢᠵᠢᠮ ᠠᠵᠤ ᠦᠢᠯᠡᠰ ᠤᠨ ᠬᠤᠯᠪᠤᠭᠠᠲᠤ ᠴᠣᠭᠴᠠ ᠪᠠᠷ ᠮᠠᠯᠵᠢᠬᠤ ᠣᠷᠣᠨ ᠤ ︽ᠪᠠᠭ᠎ᠠ᠂ ᠰᠤᠯᠠ᠂ ᠪᠠᠭᠤᠷᠠᠢ︾ ᠶᠢ ᠡᠪᠳᠡᠬᠦ᠂ ᠪᠠᠷᠢᠮᠵᠢᠶᠠᠵᠢᠭᠰᠠᠨ ᠬᠡᠪᠴᠢᠶᠡᠵᠢᠭᠰᠡᠨ ᠠᠷᠠᠳ ᠢ ᠪᠠᠶᠠᠵᠢᠭᠤᠯᠬᠤ ︽ᠢᠮᠠᠭᠠᠨ︾ ᠤ ᠰᠠᠷᠠᠭᠤᠯ ᠳᠠᠷᠳᠠᠩ ᠵᠠᠮ ᠤᠷᠤᠭᠤ ᠵᠢᠩᠭᠢᠨᠢ ᠪᠠᠷ ᠴᠢᠭᠯᠡᠬᠦ ᠪᠣᠯᠪᠠ᠃      ᠤᠷᠲᠤ ᠬᠤᠭᠤᠴᠠᠭᠠᠨ ᠤ ᠲᠤᠷᠰᠢ ᠳᠤ᠂ ︽ᠪᠠᠭ᠎ᠠ᠂ ᠰᠤᠯᠠ᠂ ᠪᠠᠭᠤᠷᠠᠢ︾ ᠨᠢ ᠴᠠᠭᠠᠨᠬᠠᠳᠠ ᠰᠣᠮᠣᠨ ᠤ ᠨᠣᠣᠯᠤᠭᠤᠷ ᠤᠨ ᠢᠮᠠᠭᠠᠨ ᠤ ᠦᠢᠯᠡᠰ ᠤᠨ ᠴᠢᠨᠠᠷ ᠤᠨ ᠳᠡᠭᠡᠭᠰᠢᠯᠡᠯᠲᠡ ᠪᠣᠯᠣᠨ ᠥᠷᠳᠡᠭ ᠤᠨ ᠨᠡᠮᠡᠯᠲᠡ ᠶᠢ ᠬᠢᠵᠠᠭᠠᠷᠯᠠᠵᠤ ᠪᠠᠶᠢᠭᠰᠠᠨ ᠭᠤᠣᠯᠳᠠᠯᠭ᠎ᠠ ᠪᠠᠶᠢᠭᠰᠠᠨ᠃ ᠮᠠᠯᠴᠢᠨ ᠲᠢᠶᠠᠨ ᠯᠢ ᠮᠢᠨ ᠡᠭᠦᠨ ᠳᠤ ᠮᠠᠰᠢ ᠭᠦᠨ ᠣᠶᠢᠯᠠᠭᠠᠯᠲᠠ ᠲᠠᠢ᠄ ︽ᠬᠠᠭᠠᠰ ᠨᠠᠰᠤᠨ ᠳᠠᠭᠠᠨ ᠬᠤᠨᠢ ᠲᠡᠵᠢᠭᠡᠭᠡᠳ ᠰᠠᠶᠢᠨ ᠨᠣᠣᠯᠤᠭᠤᠷ ᠨᠢ ᠦᠨ᠎ᠡ ᠳᠤ ᠬᠦᠷᠬᠦ ᠦᠭᠡᠢ᠂ ᠬᠢᠵᠢᠭ ᠢ ᠰᠡᠷᠭᠡᠶᠢᠯᠡᠬᠦ ᠳᠤ ᠪᠡᠶ᠎ᠡ ᠳᠤ ᠪᠠᠨ ᠲᠦᠰᠢᠭᠯᠡᠨ᠎ᠡ᠂ ᠨᠣᠣᠯᠤᠭᠤᠷ ᠢ ᠬᠤᠳᠠᠯᠳᠣᠬᠤ ᠶᠢ ᠬᠤᠳᠠᠯᠳᠤᠭᠠᠴᠢᠨ ᠳᠤ ᠲᠦᠰᠢᠭᠯᠡᠨ᠎ᠡ᠂ ᠡᠭᠦᠯᠲᠡᠷ ᠤᠨ ᠢᠮᠠᠭ᠎ᠠ ᠪᠠᠭᠤᠷᠠᠶᠢᠳᠠᠵᠤ᠂ ᠭᠠᠷᠭᠠᠯᠲᠠ ᠶᠢᠨ ᠬᠡᠮᠵᠢᠶ᠎ᠡ ᠪᠠᠭᠠᠰᠴᠤ᠂ ᠣᠷᠣᠯᠭ᠎ᠠ ᠨᠡᠮᠡᠭᠳᠡᠬᠦ ᠵᠠᠮ ᠢᠪᠴᠤᠷᠠᠨ᠎ᠠ᠃︾ ᠲᠢᠶᠠᠨ ᠯᠢ ᠮᠢᠨ ᠳᠤ ᠲᠤᠯᠭᠠᠷᠠᠵᠤ ᠪᠠᠶᠢᠭ᠎ᠠ ᠠᠰᠠᠭᠤᠳᠠᠯ  ᠨᠢ ᠣᠯᠠᠩᠬᠢ ᠮᠠᠯᠵᠢᠬᠤ ᠡᠷᠦᠬᠡ ᠳᠤ ᠲᠤᠯᠭᠠᠷᠠᠵᠤ ᠪᠠᠶᠢᠭ᠎ᠠ ᠠᠰᠠᠭᠤᠳᠠᠯ ᠤᠨ ᠬᠤᠷᠢᠶᠠᠩᠭᠤᠶᠢᠯᠠᠯ ᠪᠣᠯᠣᠨ᠎ᠠ᠃      ᠠᠰᠠᠭᠤᠳᠠᠯ ᠢ ᠰᠢᠢᠳᠪᠦᠷᠢᠯᠡᠬᠦ ᠠᠷᠭ᠎ᠠ ᠨᠢ ᠬᠤᠯᠪᠤᠭᠠᠯᠠᠬᠤ ᠬᠢᠭᠡᠳ ᠨᠢᠭᠡᠳᠭᠡᠬᠦ ᠳᠤ ᠪᠠᠶᠢᠨ᠎ᠠ᠃ ᠴᠠᠭᠠᠨᠬᠠᠳᠠ ᠰᠣᠮᠣ ᠨᠢ ᠨᠣᠣᠯᠤᠭᠤᠷ ᠤᠨ ᠢᠮᠠᠭᠠᠨ ᠤ ᠣᠨᠴᠠᠯᠢᠭᠲᠤ ᠦᠢᠯᠡᠰ ᠤᠨ ᠬᠥᠭᠵᠢᠯᠲᠡ ᠶᠢᠨ ᠪᠤᠳᠠᠲᠠᠢ ᠪᠠᠶᠢᠳᠠᠯ ᠳᠤ ᠰᠠᠭᠤᠷᠢᠯᠠᠵᠤ᠂ ᠤᠯᠠᠮᠵᠢᠯᠠᠯᠲᠤ ᠲᠡᠵᠢᠭᠡᠨ ᠦᠷᠡᠵᠢᠭᠦᠯᠬᠦ ᠬᠡᠪ ᠵᠠᠭᠪᠤᠷ  ᠤᠨ ᠳᠤᠮᠳᠠ ᠣᠷᠣᠰᠢᠵᠤ ᠪᠠᠶᠢᠭ᠎ᠠ ᠲᠡᠵᠢᠭᠡᠨ ᠦᠷᠡᠵᠢᠭᠦᠯᠬᠦ ᠦᠪᠡᠷ ᠤᠨ ᠥᠷᠳᠡᠭ ᠦᠨᠳᠦᠷ᠂ ᠨᠣᠣᠯᠤᠭᠤᠷ ᠤᠨ ᠶᠠᠰᠤ ᠴᠢᠨᠠᠷ ᠠᠨᠠᠢ ᠵᠡᠷᠭᠡ ᠠᠰᠠᠭᠤᠳᠠᠯ ᠳᠤ ᠴᠢᠭᠯᠡᠭᠦᠯᠦᠨ᠂ ︽ᠨᠢᠭᠡᠳᠦᠯᠲᠡᠢ ᠲᠡᠵᠢᠭᠡᠵᠦ ᠬᠠᠮᠲᠤ ᠪᠠᠷ ᠪᠠᠶᠠᠵᠢᠬᠤ︾ ᠪᠠᠷ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠬᠤ ᠴᠡᠭ ᠪᠣᠯᠭᠠᠵᠤ᠂ ︽ᠲᠠᠪᠤᠨ ᠨᠢᠭᠡᠳᠭᠡᠬᠦ︾ ᠬᠥᠭᠵᠢᠯᠲᠡ ᠶᠢᠨ ᠬᠡᠪ ᠵᠠᠭᠪᠣᠷ ᠤᠨ ᠰᠢᠨ᠎ᠡ ᠶᠢ ᠡᠭᠦᠳᠴᠦ᠂ ᠨᠣᠣᠯᠤᠭᠤᠷ ᠤᠨ ᠢᠮᠠᠭᠠᠨ ᠤ ᠦᠢᠯᠡᠰ ᠢ ᠬᠡᠪᠴᠢᠶᠡᠵᠢᠭᠦᠯᠬᠦ᠂ ᠪᠠᠷᠢᠮᠵᠢᠶᠠᠵᠢᠭᠤᠯᠬᠤ᠂ ᠨᠡᠷᠡᠲᠦ ᠲᠡᠮᠳᠡᠭᠵᠢᠭᠦᠯᠬᠦ ᠲᠡᠶᠢᠰᠢ ᠬᠥᠭᠵᠢᠭᠦᠯᠬᠦ ᠶᠢ ᠲᠠᠰᠤᠷᠠᠯᠲᠠ ᠦᠭᠡᠢ ᠲᠦᠯᠬᠢᠨ ᠠᠬᠢᠭᠤᠯᠠᠨ᠎ᠠ᠃ ᠴᠠᠭᠠᠨᠬᠠᠳᠠ ᠰᠤᠮᠤᠨ ᠤ ᠨᠠᠮ ᠤᠨ ᠬᠤᠷᠢᠶᠠᠨ ᠤ ᠳᠡᠳ᠋ ᠱᠦᠵᠢ᠂ ᠰᠤᠮᠤᠨ ᠳᠠᠷᠤᠭ᠎ᠠ ᠪᠠᠶᠠᠯᠢᠭ ᠰᠤᠷᠪᠤᠯᠵᠢᠯᠠᠭᠴᠢ ᠳᠤ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ︿ᠨᠢᠭᠡᠳᠦᠯᠲᠡᠶ ᠳᠠᠷᠢᠵᠤ ᠲᠡᠵᠢᠭᠡᠵᠦ ᠬᠠᠮᠲᠤ ᠪᠠᠷ ᠪᠠᠶᠠᠵᠢᠬᠤ﹀ ᠬᠥᠭᠵᠢᠯᠲᠡ ᠶᠢᠨ ᠰᠡᠳᠬᠢᠴᠡ ᠪᠠᠷ ᠴᠠᠭᠠᠨᠬᠠᠳᠠ ᠰᠤᠮᠤ ᠡᠨᠡ ᠵᠢᠯ ︿ᠲᠠᠪᠤᠨ ᠨᠢᠭᠡᠳᠭᠡᠬᠦ﹀ ᠵᠠᠭᠪᠤᠷ ᠢᠶᠠᠷ ᠨᠤᠤᠯᠤᠭᠤᠷ ᠤᠨ ᠢᠮᠠᠭᠠᠨ ᠤ ᠦᠢᠯᠡᠰ ᠢ ᠬᠥᠭᠵᠢᠭᠦᠯᠵᠦ ᠪᠣᠢ᠃ ︿ᠲᠠᠪᠤᠨ ᠨᠢᠭᠡᠳᠭᠡᠬᠦ﹀ ᠪᠣᠳᠣᠯᠭ᠎ᠠ ᠨᠢ ᠬᠢᠵᠢᠭ ᠰᠡᠷᠭᠡᠶᠢᠯᠡᠬᠦ ᠶᠢ ᠨᠢᠭᠡᠳᠭᠡᠬᠦ᠂ ᠲᠡᠵᠢᠭᠡᠨ ᠠᠷᠠᠴᠢᠯᠠᠬᠤ ᠶᠢ ᠨᠢᠭᠡᠳᠭᠡᠬᠦ᠂᠂ ᠨᠣᠣᠯᠣᠭᠤᠷ ᠬᠢᠷᠠᠭᠠᠬᠤ ᠪᠣᠷᠤᠯᠠᠭᠤᠯᠭ᠎ᠠ ᠶᠢ ᠨᠢᠭᠡᠳᠭᠡᠬᠦ ᠂ ᠡᠭᠦᠯᠳᠡᠷ ᠤᠨ ᠬᠡᠭᠡᠯᠲᠦᠭᠦᠯᠭᠡ ᠶᠢ ᠨᠢᠭᠡᠳᠭᠡᠬᠦ᠂ ᠡᠭᠦᠯᠲᠡᠷ ᠤᠨ ᠢᠮᠠᠭᠠᠨ ᠤ ᠪᠣᠷᠤᠯᠠᠭᠤᠯᠭ᠎ᠠ ᠶᠢ ᠨᠢᠭᠡᠳᠭᠡᠨ᠎ᠡ᠃ 2025 ᠣᠨ ᠳᠤ᠂ ᠪᠢᠳᠡ ᠤᠷᠢᠳᠠᠪᠡᠷ10 ᠭᠠᠷᠤᠢ ᠮᠠᠯᠴᠢᠨ ᠡᠷᠦᠬᠡ ᠶᠢ ᠳᠠᠶᠢᠴᠢᠯᠠᠨ ᠴᠡᠪᠡᠷ ᠡᠭᠦᠯᠲᠡᠷ ᠤᠨ ᠮᠢᠨ ᠭᠠᠢ ᠨᠣᠣᠯᠤᠭᠤᠷ ᠤᠨ ᠢᠮᠠᠭ᠎ᠠ ᠶᠢ ᠲᠡᠵᠢᠭᠡᠨ ᠦᠷᠡᠵᠢᠭᠦᠯᠵᠦ᠃ ᠨᠢᠭᠡ ᠠᠴᠠ ᠬᠤᠶᠠᠷ ᠵᠢᠯ ᠤᠨ ᠲᠤᠷᠰᠢᠯᠭ᠎ᠠ ᠬᠤᠷᠠᠮᠳᠤᠭᠤᠯᠬᠤ ᠪᠠᠷ ᠳᠠᠮᠵᠢᠭᠤᠯᠤᠨ᠂ ᠠᠵᠤ ᠦᠢᠯᠡᠰ ᠤᠨ ᠭᠤᠣᠯᠯᠠᠬᠤ ᠰᠦᠷᠦᠭ ᠢ ᠪᠦᠷᠢᠯᠳᠦᠭᠦᠯᠵᠦ᠂ ᠵᠢᠯ ᠤᠨ ᠲᠡᠵᠢᠭᠡᠨ ᠦᠷᠡᠵᠢᠭᠦᠯᠬᠦ ᠬᠡᠪᠴᠢᠶ᠎ᠡ ᠶᠢ 1000 ᠪᠣᠯᠭᠠᠵᠤ᠂ ᠬᠤᠶᠠᠷ ᠭᠤᠷᠪᠠᠨ ᠵᠢᠯ ᠤᠨ ᠳᠣᠲᠣᠷ᠎ᠠ 2000 — 3000 ᠪᠣᠯᠭᠠᠨ᠎ᠠ᠃ ᠲᠠᠷᠠᠭᠠᠴᠢ ᠶᠢᠨ ᠠᠯᠬᠤᠮ ᠳᠤ ᠪᠢᠳᠡ ᠮᠢᠨ ᠭᠠᠢ ᠢᠮᠠᠭ᠎ᠠ ᠲᠡᠵᠢᠭᠡᠨ ᠦᠷᠡᠵᠢᠭᠦᠯᠬᠦ ᠶᠠᠪᠤᠳᠠᠯ ᠢ ᠪᠦᠬᠦ ᠬᠤᠰᠢᠭᠤᠨ ᠳᠤ ᠳᠡᠯᠭᠡᠷᠡᠭᠦᠯᠬᠦ ᠪᠠᠷ ᠲᠦᠯᠦᠪᠯᠡᠵᠦ᠂ ᠴᠡᠭ ᠢᠶᠠᠷ ᠨᠡᠶᠢᠳᠡᠮ ᠢ ᠳᠠᠶᠢᠴᠢᠯᠠᠨ᠂ ᠨᠠᠩ ᠣᠯᠠᠨ ᠮᠠᠯᠴᠢᠨ ᠲᠠᠷᠢᠶᠠᠴᠢᠨ ᠤ ᠣᠷᠣᠯᠭ᠎ᠠ ᠶᠢ ᠨᠢ ᠨᠡᠮᠡᠭᠳᠡᠭᠦᠯᠵᠦ ᠪᠠᠶᠠᠵᠢᠭᠤᠯᠬᠤ ᠪᠠᠷ ᠪᠠᠶᠢᠨ᠎ᠠ᠃︾ ᠭᠡᠵᠦ ᠲᠠᠨᠢᠯᠴᠠᠭᠤᠯᠪᠠ᠃       ᠴᠠᠭᠠᠨᠬᠠᠳᠠ ᠰᠤᠮᠤᠨ ᠤ ᠵᠠᠰᠠᠭ ᠤᠨ ᠣᠷᠳᠣᠨ ᠤ ᠬᠤᠷᠠᠯ ᠤᠨ ᠭᠡᠷ ᠲᠤ ᠣᠷᠳᠣᠰ ᠬᠤᠲᠠ ᠶᠢᠨ ᠡᠵᠡᠨ ᠬᠤᠷᠤᠭ᠎ᠠ ᠬᠤᠰᠢᠭᠤ ᠬᠢᠭᠡᠳ ᠮᠠᠨ ᠤ ᠬᠤᠰᠢᠭᠤᠨ ᠤ ᠴᠠᠭᠠᠨᠬᠠᠳᠠ ᠰᠤᠮᠤ ᠶᠢᠨ ᠬᠤᠶᠠᠷ ᠭᠠᠵᠠᠷ ᠤᠨ ᠵᠠᠰᠠᠭ ᠤᠨ ᠣᠷᠳᠣᠨ ᠤ ᠲᠥᠯᠥᠭᠡᠯᠡᠭᠴᠢ᠂ ᠲᠤᠰᠬᠠᠶ ᠮᠡᠷᠭᠡᠵᠢᠯᠲᠡᠨ᠂ ᠠᠵᠤ ᠠᠬᠤᠶᠢᠯᠠᠯ᠂ ᠮᠠᠯᠴᠢᠨ ᠬᠠᠮᠲᠤ ᠬᠤᠷᠠᠵᠤ᠃ ᠨᠣᠣᠯᠤᠭᠤᠷ  ᠤᠨ ᠢᠮᠠᠭᠠᠨ ᠤ ᠦᠢᠯᠡᠰ ᠤᠨ ᠬᠥᠭᠵᠢᠯᠲᠡ ᠶᠢᠨ ᠴᠢᠭᠯᠡᠯ ᠤᠨ ᠲᠣᠭᠤᠷᠢᠨ ᠳᠤ ᠭᠦᠨᠵᠡᠭᠡᠶ ᠰᠣᠯᠢᠯᠴᠠᠭ᠎ᠠ ᠬᠢᠵᠦ᠂ ᠲᠡᠵᠢᠭᠡᠨ ᠦᠷᠡᠵᠢᠭᠦᠯᠬᠦ ᠶᠠᠪᠤᠳᠠᠯ ᠢ ᠰᠢᠯᠢᠳᠡᠭᠵᠢᠭᠦᠯᠦᠨ᠂ ᠵᠠᠬ᠎ᠠ ᠳᠡᠯᠭᠡᠭᠦᠷ ᠢ ᠥᠷᠭᠡᠳᠬᠡᠵᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠰᠠᠶᠢᠨ ᠠᠷᠭ᠎ᠠ ᠪᠣᠳᠣᠯᠭ᠎ᠠ ᠶᠢ ᠬᠠᠮᠲᠤ ᠪᠠᠷ ᠰᠦᠪᠡᠭᠴᠢᠯᠡᠨ᠎ᠡ᠃ ᠭᠠᠷ ᠤᠨ ᠦᠰᠦᠭ ᠵᠢᠷᠤᠬᠤ ᠶᠣᠰᠣᠯᠠᠯ ᠳᠡᠭᠡᠷ᠎ᠡ᠂ ᠴᠠᠭᠠᠨᠬᠠᠳᠠ ᠰᠤᠮᠤ ᠪᠣᠯᠤᠨ ᠣᠷᠳᠣᠰ ᠬᠤᠲᠠ ᠶᠢᠨ ᠡᠵᠡᠨ ᠬᠤᠷᠤᠭ᠎ᠠ ᠬᠤᠰᠢᠭᠤᠨ ᠤ ᠰᠤᠪᠤᠷᠭ᠎ᠠ ᠪᠠᠯᠭᠠᠰᠤᠨ ᠤ ᠵᠠᠰᠠᠭ ᠤᠨ ᠣᠷᠳᠣᠨ ︽ᠠᠵᠤ ᠦᠢᠯᠡᠰ ᠤᠨ ᠬᠤᠯᠪᠣᠭᠠᠲᠤ ᠴᠣᠭᠴᠠ ᠶᠢᠨ ᠬᠥᠭᠵᠢᠯᠲᠡ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ︾ ᠢ ᠵᠢᠩᠬᠢᠨᠢ ᠪᠠᠷ ᠲᠣᠭᠲᠠᠪᠠ᠃ ᠭᠦᠨᠵᠡᠭᠡᠶ ᠬᠠᠮᠲᠤᠷᠠᠯᠴᠠᠭᠠᠨ ᠤ ᠬᠠᠷᠢᠴᠠᠭ᠎ᠠ ᠶᠢ ᠪᠠᠶᠢᠭᠤᠯᠵᠤ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠥᠬᠦᠪᠥᠷᠢᠯᠡᠬᠦ ᠶᠢ ᠪᠡᠶᠡᠯᠡᠭᠦᠯᠦᠨ᠎ᠡ᠃ ᠡᠭᠦᠨ ᠤ ᠬᠠᠮᠲᠤ᠂ ᠴᠠᠭᠠᠨᠬᠠᠳᠠ ᠰᠤᠮᠤ ᠪᠠᠰᠠ ᠡᠵᠡᠨ ᠬᠤᠷᠤᠭ᠎ᠠ ᠬᠤᠰᠢᠭᠤᠨ ᠤ 2 ᠲᠤᠰᠬᠠᠶ ᠮᠡᠷᠭᠡᠵᠢᠯᠲᠡᠨ ᠢ ᠮᠡᠷᠭᠡᠵᠢᠯ ᠤᠨ ᠵᠥᠪᠯᠡᠭᠴᠢ ᠪᠠᠷ ᠤᠷᠢᠵᠤ᠂ ᠨᠣᠣᠯᠣᠭᠤᠷ ᠤᠨ ᠢᠮᠠᠭᠠᠨ ᠤ ᠠᠵᠤ ᠦᠢᠯᠡᠰ ᠤᠨ ᠬᠥᠭᠵᠢᠯᠲᠡ ᠳᠤ ᠣᠶᠤᠨ ᠤ ᠳᠡᠮᠵᠢᠯᠭᠡ ᠦᠵᠡᠭᠦᠯᠪᠡ᠃      ᠡᠭᠦᠨ ᠠᠴᠠ ᠭᠠᠳᠠᠨ᠎ᠠ᠂ ᠥᠪᠥᠷ ᠮᠣᠩᠭᠤᠯ ᠤᠨ ᠰᠠᠨ ᠵᠦᠩ ᠲᠡᠵᠢᠭᠡᠨ ᠦᠷᠡᠵᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠨᠢ ᠮᠠᠯᠵᠢᠬᠤ ᠡᠷᠦᠬᠡ ᠲᠠᠢ ᠨᠣᠣᠯᠤᠭᠤᠷ ᠤᠨ ᠢᠮᠠᠭᠠᠨ ᠤ ᠨᠠᠶᠢᠳᠠᠨ ᠲᠡᠵᠢᠭᠡᠯᠭᠡᠬᠦ ᠬᠡᠯᠡᠯᠴᠡᠭᠡᠷ ᠲᠣᠭᠲᠠᠵᠤ᠂ ︽ᠨᠢᠭᠡᠳᠦᠯᠲᠡᠶ ᠬᠠᠮᠠᠭᠠᠯᠠᠨ ᠣᠷᠣᠯᠠᠨ ᠬᠠᠮᠢᠶᠠᠷᠬᠤ︾ ᠵᠠᠭᠪᠤᠷ ᠢᠶᠠᠷ ᠳᠠᠮᠵᠢᠨ᠂ ᠠᠵᠤ ᠠᠬᠤᠶᠢᠯᠠᠯ ᠬᠢᠭᠡᠳ ᠮᠠᠯᠵᠢᠬᠤ ᠡᠷᠦᠬᠡ ᠶᠢᠨ ᠠᠰᠢᠭ ᠲᠤᠰᠠ ᠶᠢᠨ ᠬᠤᠯᠪᠣᠭ᠎ᠠ ᠶᠢ ᠪᠡᠶᠡᠯᠡᠭᠦᠯᠪᠡ᠃ ᠠᠵᠤ ᠠᠬᠤᠶᠢᠯᠠᠯ ᠤᠨ ᠬᠠᠷᠢᠭᠤᠴᠠᠯᠭᠠᠲᠠᠨ ᠼᠤᠤ ᠵᠧᠩ ᠢᠷᠡᠭᠡᠳᠦᠶ ᠶᠢᠨ ᠬᠥᠭᠵᠢᠯᠲᠡ ᠳᠤ ᠢᠲᠡᠭᠡᠯ ᠳᠦᠭᠦᠷᠡᠩ ᠢᠶᠠᠷ᠄ ︽ᠠᠵᠤ ᠠᠬᠤᠶᠢᠯᠠᠯ ᠡᠨᠡ ᠬᠡᠳᠦᠨ ᠵᠢᠯ ᠳᠤ ᠮᠠᠯ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠬᠠᠶᠢᠨ ᠰᠦᠪᠡᠭᠴᠢᠯᠡᠵᠦ᠂ ᠮᠠᠨ ᠤ ᠬᠤᠰᠢᠭᠤᠨ ᠤ ᠵᠢᠷᠭᠤᠭᠠᠨ ᠶᠡᠭᠡ ᠠᠵᠤ ᠦᠢᠯᠡᠰ ᠢ ᠶᠡᠬᠡᠪᠡᠷ ᠬᠥᠭᠵᠢᠭᠦᠯᠬᠦ ᠠᠵᠠ ᠲᠣᠬᠢᠶᠠᠯ ᠢ ᠠᠰᠢᠭᠯᠠᠨ᠂ ᠪᠢᠳᠡ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ ᠨᠣᠣᠯᠤᠭᠤᠷ ᠤᠨ ᠢᠮᠠᠭᠠᠨ ᠤ ᠭᠤᠤᠯ ᠡᠭᠦᠯᠳᠡᠷ ᠤᠨ ᠰᠦᠷᠦᠭ ᠢ ᠪᠠᠶᠢᠭᠤᠯᠵᠤ᠂ ᠴᠢᠨᠠᠷ ᠰᠠᠶᠢᠲᠠᠶ ᠨᠣᠣᠯᠤᠭᠤᠷ ᠤᠨ ᠢᠮᠠᠭ᠎ᠠ ᠶᠢ ᠨᠢᠭᠡᠳᠦᠯᠲᠡᠶ ᠣᠷᠣᠭᠤᠯᠤᠨ ᠠᠪᠴᠢᠷᠠᠵᠤ᠂ ᠭᠠᠴᠠᠭ᠎ᠠ᠂ ᠬᠠᠮᠲᠤ᠂ ᠮᠠᠯᠴᠢᠨ ᠬᠤᠯᠪᠣᠭᠠᠯᠠᠨ ᠬᠥᠳᠡᠯᠦᠯᠴᠡᠵᠦ᠂ ︿ᠨᠢᠭᠡᠳᠦᠯᠲᠡᠶ ᠲᠡᠵᠢᠭᠡᠵᠦ ᠬᠠᠮᠲᠤ ᠪᠠᠷ ᠪᠠᠶᠠᠵᠢᠬᠤ﹀ ᠶᠢ ᠬᠥᠭᠵᠢᠭᠦᠯᠬᠦ ᠪᠠᠷ ᠲᠥᠯᠥᠪᠯᠡᠵᠦ᠂ ᠡᠨᠡᠬᠦ ᠬᠥᠭᠵᠢᠯᠲᠡ ᠶᠢᠨ ᠵᠠᠭᠪᠤᠷ ᠨᠢ ᠮᠠᠯ ᠠᠵᠤ ᠠᠬᠤᠶ ᠶᠢᠨ ᠦᠷ᠎ᠡ ᠠᠰᠢᠭ ᠢ ᠨᠡᠮᠡᠭᠳᠡᠭᠦᠯᠵᠦ᠂ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠳᠤ ᠠᠰᠢᠭᠲᠠᠶ ᠪᠠᠶᠢᠬᠤ ᠪᠠᠷ ᠪᠠᠷᠠᠬᠤ ᠥᠬᠡᠶ᠂ ᠪᠠᠰᠠ ᠪᠡᠯᠴᠢᠭᠡᠷ ᠤᠨ ᠬᠡᠲᠦᠷᠡᠲᠡᠯ᠎ᠡ ᠮᠠᠯᠵᠢᠬᠤ᠂ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠬᠦᠴᠢᠷ ᠠᠰᠠᠭᠤᠳᠠᠯ ᠢ ᠰᠢᠢᠳᠪᠦᠷᠢᠯᠡᠬᠦ ᠳᠤ ᠠᠰᠢᠭᠲᠠᠶ ᠶᠤᠮ︾ ᠭᠡᠵᠡᠶ᠃      ︽ᠨᠢᠭᠡᠳᠦᠯᠲᠡᠢ ᠲᠡᠵᠢᠭᠡᠵᠦ ᠬᠠᠮᠲᠤ ᠪᠠᠷ ᠪᠠᠶᠠᠵᠢᠬᠤ︾ ᠳᠤ ᠠᠵᠤ ᠦᠢᠯᠡᠰ ᠤᠨ ᠬᠥᠭᠵᠢᠯᠲᠡ ᠶᠢᠨ ᠡᠬᠢ ᠪᠠᠶᠠᠯᠢᠭ ᠢ ᠨᠢᠭᠡᠳᠭᠡᠵᠦ᠂ ᠨᠡᠩ ᠴᠤ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠬᠦᠰᠡᠯ ᠡᠷᠡᠮᠡᠯᠵᠡᠯ ᠪᠣᠯᠤᠨ ᠢᠲᠡᠭᠡᠯ ᠢ ᠨᠢᠭᠡᠳᠬᠡᠵᠦ᠂ ᠬᠥᠭᠵᠢᠯᠲᠡ ᠶᠢ ᠬᠠᠮᠲᠤ ᠪᠠᠷ ᠰᠦᠪᠡᠭᠴᠢᠯᠡᠬᠦ ᠠᠷᠠᠳ ᠤᠨ ᠰᠡᠳᠬᠢᠯ ᠢ ᠨᠢᠭᠲᠠᠷᠠᠭᠤᠯᠪᠠ᠃ ︽ᠭᠠᠭᠴᠠ ᠡᠷᠦᠬᠡ ᠰᠤᠯᠠ ᠲᠡᠵᠢᠭᠡᠬᠦ︾ ᠠᠴᠠ ︽ᠨᠢᠭᠡᠳᠦᠯᠲᠡᠢ ᠲᠡᠵᠢᠭᠡᠵᠦ ᠬᠠᠮᠲᠤ ᠪᠠᠷ ᠪᠠᠶᠠᠵᠢᠬᠤ︾ ᠬᠦᠷᠲᠡᠯ᠎ᠡ᠂ ᠴᠠᠭᠠᠨᠬᠠᠳᠠ ᠰᠤᠮᠤ ᠨᠢ ᠠᠵᠤ ᠦᠢᠯᠡᠰ ᠤᠨ ᠬᠤᠯᠪᠣᠭᠠᠲᠤ ᠴᠣᠭᠴᠠ ᠪᠠᠷ ᠬᠤᠯᠪᠣᠭᠠᠰᠤ ᠪᠣᠯᠭᠠᠵᠤ᠂ ᠵᠠᠰᠠᠭ ᠤᠨ ᠣᠷᠳᠣᠨ ᠤ ᠬᠥᠲᠥᠯᠥᠨ ᠵᠢᠯᠣᠭᠤᠳᠬᠤ ᠬᠦᠴᠦᠨ᠂ ᠬᠦᠴᠦᠷᠬᠡᠭ ᠪᠠᠯᠭᠠᠰᠤ ᠶᠢᠨ ᠳᠠᠶᠢᠴᠢᠯᠠᠬᠤ ᠬᠦᠴᠦᠨ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ ᠬᠦᠴᠦᠨ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠬᠤ ᠬᠦᠴᠦᠨ ᠪᠠ ᠮᠠᠯ ᠠᠵᠤ ᠠᠬᠤᠢ ᠶᠢᠨ ᠠᠷᠠᠳᠴᠢᠯᠠᠯ ᠤᠨ ᠬᠦᠴᠦᠨ ᠢ ᠪᠦᠲᠦᠮᠵᠢᠲᠡᠶ ᠪᠠᠷ ᠡᠮᠬᠢᠯᠡᠨ ᠨᠡᠶᠢᠯᠡᠭᠦᠯᠵᠦ᠂ ᠪᠠᠷᠢᠮᠵᠢᠶᠠᠵᠢᠭᠤᠯᠬᠤ᠂ ᠬᠡᠪᠴᠢᠶᠡᠵᠢᠭᠦᠯᠬᠦ᠂ ᠵᠣᠬᠢᠶᠠᠨ ᠪᠠᠶᠢᠭᠤᠯᠬᠤ ᠵᠡᠷᠭᠡ ᠪᠠᠷ ᠳᠠᠮᠵᠢᠨ ᠵᠢᠵᠢᠭ ᠮᠠᠯ ᠠᠵᠤ ᠠᠬᠤᠢ ᠶᠢᠨ ᠬᠦᠴᠢᠷᠳᠡᠯ ᠢ ᠰᠢᠢᠳᠪᠦᠷᠢᠯᠡᠪᠡ᠃ ᠡᠨᠡ ᠬᠦ ︽ᠨᠣᠣᠯᠣᠭᠤᠷ︾ ᠢᠶᠠᠷ ᠠᠷᠠᠳ ᠢ ᠪᠠᠶᠠᠵᠢᠭᠤᠯᠬᠤ ︽ᠢᠮᠠᠭᠠᠨ︾  ᠤ ᠰᠠᠷᠠᠭᠤᠯ ᠳᠠᠷᠳᠠᠩ ᠵᠠᠮ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠨᠢ ᠬᠢᠯᠢ ᠬᠢᠵᠠᠭᠠᠷ ᠤᠨ ᠮᠠᠯᠵᠢᠬᠤ ᠣᠷᠣᠨ ᠳᠤ ᠭᠦᠨᠵᠡᠭᠡᠶ ᠬᠡᠷᠡᠭᠵᠢᠭᠦᠯᠬᠦ ᠳᠤ ᠲᠣᠯᠢᠯᠠᠵᠤ ᠪᠣᠯᠬᠤ ᠰᠢᠨ᠎ᠡ ᠲᠥᠰᠦᠯ ᠢ ᠬᠠᠩᠭᠠᠭᠰᠠᠨ ᠢᠶᠠᠷ ᠪᠠᠷᠠᠬᠤ ᠦᠭᠡᠢ᠂ ᠨᠠᠩ ᠴᠤ ᠮᠠᠯᠴᠢᠳ ᠤᠨ ᠭᠠᠷ ᠬᠤᠯᠪᠣᠨ ᠬᠠᠮᠲᠤ ᠪᠠᠷ ᠴᠢᠨᠡᠭᠡᠯᠢᠭᠵᠢᠬᠦ ᠲᠡᠶᠢᠰᠢ ᠤᠷᠤᠭᠰᠢᠯᠠᠬᠤ ᠯᠠᠪᠳᠠᠭᠤᠨ ᠪᠠᠲᠤᠲᠠᠶ ᠠᠯᠬᠤᠮ ᠢ ᠭᠡᠷᠡᠯᠲᠦᠭᠦᠯᠵᠡᠶ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号