6 ᠰᠠᠷ᠎ᠠ ᠶᠢᠨ 7 ᠤ ᠡᠳᠦᠷ᠂ 2025 ᠣᠨ ᠤ ᠤᠯᠤᠰ ᠤᠨ ᠨᠢᠭᠡᠳᠦᠯᠳᠠᠢ ᠰᠢᠯᠭᠠᠯᠲᠠ ᠵᠢᠩᠬᠢᠨᠢ ᠪᠠᠷ | ᠡᠬᠢᠯᠡᠪᠡ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ 190 ᠨᠡᠷᠡᠰ ᠰᠢᠯᠭᠠᠭᠤᠯᠤᠭᠴᠢ ᠬᠦᠰᠡᠯ | ᠵᠡᠭᠦᠳᠦ ᠪᠠᠨ ᠡᠪᠦᠷᠯᠡᠨ᠂ ᠰᠢᠯᠭᠠᠯᠲᠠ ᠶᠢᠨ ᠲᠠᠯᠠᠪᠤᠷ ᠲᠤ ᠣᠷᠣᠵᠤ᠂ ᠪᠢᠷ ᠢᠶᠠᠨ ᠠᠳᠬᠤᠨ᠂ ᠵᠠᠯᠠᠭᠤ ᠨᠠᠰᠤ ᠪᠣᠯᠤᠨ | ᠢᠷᠡᠭᠡᠳᠦᠶ ᠶᠢᠨ ᠲᠥᠯᠥᠭᠡ ᠬᠦᠴᠦᠯᠡᠨ ᠲᠡᠮᠡᠴᠡᠵᠡᠭᠡᠪᠡ᠃ ᠰᠢᠯᠭᠠᠯᠲᠠ ᠶᠢᠨ ᠲᠠᠯᠠᠪᠤᠷ ᠤᠨ ᠭᠠᠳᠠᠨ᠎ᠠ᠂ ᠨᠡᠶᠢᠭᠡᠮ ᠤᠨ | ᠡᠯ᠎ᠡ ᠡᠲᠡᠭᠡᠳ ᠤᠨ ᠬᠢᠨ ᠪᠥᠬᠦ ᠬᠦᠴᠦᠨ ᠢᠶᠠᠷ ᠢᠶᠠᠨ ᠴᠢᠷᠮᠠᠶᠢᠵᠤ᠂ ᠬᠠᠶᠢᠷ᠎ᠠ ᠬᠠᠯᠠᠮᠵᠢ ᠪᠠ ᠪᠠᠲᠤᠯᠠᠭ᠎ᠠ ᠪᠠᠷ | ᠰᠢᠯᠭᠠᠭᠤᠯᠤᠭᠴᠢ ᠶᠢ ᠬᠠᠮᠠᠭᠠᠯᠠᠵᠤ᠂ ︽ᠶᠡᠭᠡ ᠰᠢᠯᠭᠠᠯᠲᠠ︾ ᠶᠢᠨ ᠬᠠᠷᠢᠭᠤᠯᠲᠠ ᠶᠢᠨ ᠬᠠᠭᠤᠳᠠᠰᠤ ᠶᠢ ᠬᠠᠮᠲᠤ ᠪᠠᠷ | ᠪᠢᠴᠢᠭᠯᠡᠪᠡ᠃ | ᠰᠡᠳᠬᠢᠯ ᠲᠠᠯᠪᠢᠨ ᠲᠠᠯᠠᠪᠤᠷ ᠳᠤ ᠭᠠᠷᠴᠤ | ᠭᠡᠷᠡᠯ ᠰᠠᠴᠤᠷᠠᠩᠭᠤᠢ ᠬᠠᠭᠤᠳᠠᠰᠤ ᠪᠠᠨ ᠪᠢᠴᠢᠭᠯᠡᠭᠡᠷᠠᠢ︕ | ᠥᠷᠯᠥᠭᠡ ᠶᠢᠨ 8 ᠴᠠᠭ ᠲᠤ ᠰᠢᠯᠭᠠᠯᠲᠠ ᠵᠢᠨᠲ᠋ᠠᠯᠠᠪᠤᠷ ᠤᠨ ᠭᠠᠳᠠᠨ᠎ᠠ ᠤᠯᠠᠨ ᠰᠢᠯᠭᠠᠭᠤᠯᠤᠭᠴᠢ ᠪᠠ ᠭᠡᠷ ᠤᠨ | ᠠᠬᠠᠮᠠᠳ ᠴᠤᠭᠯᠠᠷᠠᠪᠠ᠃ ᠣᠷᠣᠬᠤ ᠡᠭᠦᠳᠡᠨ ᠳᠤ᠂ ᠠᠵᠢᠯᠲᠠᠳ ᠲᠤᠰᠬᠠᠶ ᠮᠡᠷᠭᠡᠵᠢᠯ ᠤᠨ ᠲᠥᠬᠦᠭᠡᠷᠦᠮᠵᠢ ᠪᠠᠨ | ᠠᠪᠴᠤ᠂ ᠪᠡᠶ᠎ᠡ ᠶᠢᠨ ᠦᠨᠡᠮᠯᠡᠯ ᠢ ᠬᠠᠷᠭᠤᠭᠤᠯᠤᠨ ᠪᠠᠶᠢᠴᠠᠭᠠᠬᠤ ᠪᠠ ᠠᠮᠤᠷ ᠲᠦᠪᠰᠢᠨ ᠤ ᠪᠠᠶᠢᠴᠠᠭᠠᠯᠲᠠ | ᠶᠠᠪᠤᠭᠳᠠᠭᠤᠯᠵᠤ ᠪᠠᠶᠢᠪᠠ᠃ ᠰᠢᠯᠭᠠᠯᠲᠠ ᠳᠤ ᠤᠷᠤᠯᠴᠠᠬᠤ ᠰᠤᠷᠤᠭᠴᠢᠳ ᠰᠢᠯᠭᠠᠯᠲᠠ ᠶᠢᠨ ᠵᠦᠪᠰᠢᠶᠡᠷᠡᠯ ᠤᠨ | ᠦᠨᠡᠮᠯᠡᠯ ᠢᠶᠠᠨ ᠪᠠᠷᠢᠵᠤ᠂ ᠬᠠᠷᠠᠴᠠ ᠲᠣᠭᠲᠠᠭᠤᠨ ᠵᠤᠷᠢᠯᠳᠠ ᠲᠤᠳᠤᠷᠬᠠᠢ᠂ ᠥᠪᠡᠷ ᠥᠪᠡᠷ ᠤᠨ ᠰᠢᠯᠭᠠᠯᠲᠠ ᠶᠢᠨ | ᠲᠠᠯᠠᠪᠤᠷ ᠤᠷᠤᠭᠤ ᠪᠠᠨ ᠶᠠᠪᠤᠵᠤ᠂ ᠴᠢᠷᠠᠶ ᠲᠡᠭᠡᠷ᠎ᠡ ᠪᠠᠨ ᠢᠷᠡᠭᠡᠳᠦᠶ ᠶᠢᠨ ᠲᠤᠬᠠᠢ ᠪᠠᠲᠤ ᠴᠢᠩᠭ᠎ᠠ ᠠᠮᠠᠯᠠᠯᠲᠠ ᠪᠠᠨ | ᠲᠦᠬᠦᠷᠡᠩ ᠪᠢᠴᠢᠭᠯᠡᠨ᠎ᠡ᠃ | ᠤᠯᠤᠰ ᠤᠨ ᠨᠢᠭᠡᠳᠦᠯᠳᠠᠢ ᠰᠢᠯᠭᠠᠯᠲᠠ ᠶᠢ ᠤᠭᠳᠤᠨ ᠪᠠᠶᠢᠯᠳᠤᠵᠤ | ᠮᠠᠩᠯᠠᠶᠢᠯᠠᠬᠤ ᠪᠠᠷ ᠴᠢᠷᠮᠠᠶᠢᠵᠠᠭᠠᠶ᠎ᠠ︕ | ᠰᠢᠯᠭᠠᠯᠲᠠ ᠶᠢᠨ ᠲᠠᠯᠠᠪᠤᠷ ᠲᠤ᠂ ᠪᠢᠷ ᠤᠨ ᠦᠵᠦᠭ ᠤᠨ ᠲᠠᠭᠤᠨ ᠯᠠ ᠰᠤᠨᠤᠰᠳᠠᠨ᠎ᠠ︔ ᠰᠢᠯᠭᠠᠯᠲᠠ ᠶᠢᠨ | ᠲᠠᠯᠠᠪᠤᠷ ᠤᠨ ᠭᠠᠳᠠᠨ᠎ᠠ ᠲᠠᠭᠤᠨ ᠦᠭᠡᠢ ᠨᠠᠮ ᠵᠢᠮ᠃ ᠰᠢᠯᠭᠠᠯᠲᠠ ᠶᠢᠨ ᠬᠤᠭᠤᠴᠠᠭᠠᠨ ᠳᠤ᠂ ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤᠨ ᠤ ᠡᠯ᠎ᠡ ᠰᠠᠯᠠᠭ᠎ᠠ ᠮᠥᠴᠢᠷ ᠨᠢᠭᠲᠠ ᠬᠠᠮᠵᠢᠯᠴᠠᠵᠤ᠂ ᠤᠯᠤᠰ ᠤᠨ ᠨᠢᠭᠡᠳᠦᠯᠳᠠᠢ | ᠰᠢᠯᠭᠠᠯᠲᠠ ᠶᠢᠨ ᠠᠮᠤᠷ ᠲᠦᠪᠰᠢᠨ᠂ ᠲᠣᠭᠲᠠᠭᠤᠨ᠂ ᠤᠷᠤᠭᠰᠢᠲᠠᠢ ᠶᠠᠪᠤᠭᠳᠠᠬᠤ ᠶᠢ ᠪᠥᠬᠦ ᠬᠦᠴᠦᠨ ᠢᠶᠠᠷ ᠢᠶᠠᠨ | ᠪᠠᠲᠤᠯᠠᠪᠠ᠃ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠴᠠᠭᠳᠠᠭ᠎ᠠ ᠶᠢᠨ ᠰᠠᠯᠠᠭ᠎ᠠ ᠮᠥᠴᠢᠷ ᠤᠨ ᠬᠢᠨ | ᠰᠢᠯᠭᠠᠯᠲᠠ ᠶᠢᠨ ᠴᠡᠭ ᠤᠨ ᠡᠷᠬᠢᠨ ᠲᠣᠭᠤᠷᠢᠨ ᠤ ᠪᠠᠶᠢᠴᠠᠭᠠᠯᠳᠠ ᠶᠢ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠤᠨ᠂ | ᠲᠦᠷ ᠴᠠᠭ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢ ᠬᠡᠷᠡᠭᠵᠢᠭᠦᠯᠵᠦ᠂ ᠲᠣᠭᠤᠷᠢᠨ ᠴᠠᠭᠳᠠᠵᠤ ᠬᠥᠲᠥᠯᠦᠨ | ᠵᠢᠯᠣᠭᠤᠳᠬᠤ ᠶᠢ ᠴᠢᠩᠭᠠᠳᠬᠠᠨ᠂ ᠰᠢᠯᠭᠠᠭᠤᠯᠤᠭᠴᠢ ᠶᠢᠨ ᠰᠢᠯᠭᠠᠯᠲᠠ ᠶᠢᠨ ᠵᠠᠮ ᠤᠨ ᠰᠠᠭᠠᠳ ᠥᠬᠡᠶ ᠨᠡᠪᠲᠡᠷᠡᠬᠦ ᠶᠢ | ᠦᠨᠡᠨ ᠬᠦ ᠪᠠᠲᠤᠯᠠᠪᠠ︔ ᠴᠠᠬᠢᠯᠭᠠᠨ ᠬᠦᠴᠦᠨ ᠤ ᠰᠠᠯᠠᠭ᠎ᠠ ᠮᠥᠴᠢᠷ ᠤᠨ ᠬᠢᠨ ᠲᠤᠰᠬᠠᠶ ᠬᠥᠮᠦᠨ ᠳᠣᠭᠢᠷᠠᠭᠤᠯᠤᠨ | ᠵᠢᠵᠢᠭᠦᠷᠯᠡᠵᠦ᠂ ᠪᠠᠴᠢᠮ ᠪᠠᠶᠢᠳᠠᠯ ᠢ ᠠᠷᠭᠠᠴᠠᠭᠠᠬᠤ ᠴᠠᠬᠢᠯᠭᠠᠨ ᠡᠭᠦᠰᠭᠡᠭᠴᠢ ᠶᠢᠨ ᠲᠡᠷᠭᠡ ᠳᠣᠭᠢᠷᠠᠭᠤᠯᠤᠨ᠂ | ᠰᠢᠯᠭᠠᠯᠲᠠ ᠶᠢᠨ ᠴᠡᠭ ᠤᠨ ᠴᠠᠬᠢᠯᠭᠠᠨ ᠬᠦᠴᠦᠨ ᠤ ᠬᠠᠩᠭᠠᠯᠭ᠎ᠠ ᠶᠢᠨ ᠲᠣᠭᠲᠠᠭᠤᠨ ᠪᠥᠭᠡᠳ ᠨᠠᠶᠢᠳᠠᠪᠤᠷᠢᠲᠠᠶ | ᠪᠠᠶᠢᠬᠤ ᠶᠢ ᠪᠥᠬᠦ ᠬᠦᠴᠦᠨ ᠢᠶᠠᠷ ᠢᠶᠠᠨ ᠪᠠᠲᠤᠯᠠᠪᠠ︔ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠨ | ᠬᠢᠨ ᠲᠤᠰᠬᠠᠶ ᠮᠡᠷᠭᠡᠵᠢᠯ ᠤᠨ ᠡᠮᠴᠢ ᠰᠤᠪᠢᠯᠠᠭᠴᠢ ᠪᠠ ᠲᠦᠷᠭᠡᠨ ᠠᠪᠤᠷᠠᠬᠤ ᠲᠥᠬᠦᠭᠡᠷᠦᠮᠵᠢ ᠳᠣᠭᠢᠷᠠᠭᠤᠯᠵᠤ᠂ ᠪᠥᠬᠦ | ᠡᠳᠦᠷ ᠤᠨ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡ ᠬᠠᠩᠭᠠᠵᠤ᠂ ᠰᠢᠯᠭᠠᠭᠤᠯᠤᠭᠴᠢ ᠶᠢᠨ ᠡᠷᠡᠭᠦᠯ ᠮᠡᠨᠳᠦ ᠳᠤ | ︽ᠪᠠᠲᠤᠯᠠᠭ᠎ᠠ ᠬᠠᠩᠭᠠᠵᠤ︾᠂ ᠭᠠᠵᠠᠷ ᠪᠣᠯᠭᠠᠨ ᠳᠤ ᠰᠠᠶᠢᠨ ᠳᠤᠷ᠎ᠠ ᠶᠢᠨ ᠦᠢᠯᠡᠴᠢᠯᠡᠭᠴᠢᠳ ᠠᠴᠠ ᠰᠢᠯᠭᠠᠭᠤᠯᠤᠭᠴᠢ | ᠵᠢᠴᠢ ᠬᠡᠷ ᠤᠨ ᠠᠬᠠᠮᠠᠳ ᠲᠤ ᠠᠰᠠᠭᠤᠨ ᠯᠠᠪᠯᠠᠵᠤ ᠬᠥᠲᠥᠯᠦᠨ ᠵᠢᠯᠣᠭᠤᠳᠬᠤ᠂ ᠤᠰᠤ ᠤᠤᠭᠤᠨ ᠠᠮᠠᠷᠠᠬᠤ᠂ | ᠰᠡᠳᠬᠢᠴᠡ ᠶᠢᠨ ᠵᠢᠯᠣᠭᠤᠳᠣᠯᠭ᠎ᠠ ᠬᠢᠬᠦ ᠵᠡᠷᠭᠡ ᠦᠢᠯᠡᠴᠢᠯᠡᠭᠡ ᠶᠢ ᠬᠠᠩᠭᠠᠵᠤ᠂ ᠬᠠᠯᠠᠭᠤᠨ ᠳᠤᠯᠠᠭᠠᠨ ᠡᠶ᠎ᠡ | ᠵᠣᠬᠢᠴᠠᠯ ᠲᠠᠢ ᠰᠢᠯᠭᠠᠯᠲᠠ ᠶᠢᠨ ᠠᠭᠤᠷ ᠠᠮᠢᠰᠬᠤᠯ ᠢ ᠪᠣᠶ ᠪᠣᠯᠭᠠᠪᠠ᠃ | ᠲᠠ ᠨᠠᠷ ᠪᠦᠬᠦ ᠬᠦᠴᠦ ᠪᠠᠷ ᠢᠶᠠᠨ ᠴᠢᠷᠮᠠᠶᠢᠭᠠᠷᠠᠢ︕ ᠪᠢᠳᠡ ᠬᠠᠮᠠᠭᠠᠯᠠᠶ᠎ᠠ︕ | ᠰᠢᠯᠭᠠᠯᠲᠠ ᠶᠢᠨ ᠲᠠᠯᠠᠪᠤᠷ ᠤᠨ ᠭᠠᠳᠠᠨ᠎ᠠ᠂ ᠮᠠᠰᠢ ᠣᠯᠠᠨ ᠰᠢᠯᠭᠠᠭᠤᠯᠤᠭᠴᠢ ᠶᠢᠨ ᠭᠡᠷ ᠤᠨ ᠠᠬᠠᠮᠠᠳ | ᠲᠣᠭᠲᠠᠭᠰᠠᠨ ᠭᠠᠵᠠᠷ ᠲᠤ ᠨᠠᠮ ᠵᠢᠮ ᠬᠦᠯᠢᠶᠡᠵᠦ᠂ ᠬᠡᠦᠬᠡᠳ ᠤᠨ ᠡᠷᠴᠢ ᠵᠣᠷᠢᠭ ᠢ ᠨᠢ ᠬᠥᠪᠴᠢᠯᠡᠭᠰᠡᠨ ᠪᠠᠶᠢᠨ᠎ᠠ᠃ | ᠬᠥᠮᠦᠰ ᠤᠨ ᠳᠤᠮᠳᠠ᠂ ᠮᠠᠨᠵᠤ ᠳᠡᠪᠡᠯ ᠵᠡᠷᠭᠡ ᠥᠯᠵᠡᠢ ᠪᠡᠯᠭᠡ ᠲᠠᠢ ᠬᠤᠪᠴᠠᠰᠤ ᠡᠮᠦᠰᠦᠭᠰᠡᠨ ᠭᠡᠷ ᠤᠨ | ᠠᠬᠠᠮᠠᠳ ᠤᠳ᠂ ᠡᠶᠢᠮᠤ ᠣᠨᠴᠠᠭᠠᠢ ᠬᠡᠯᠪᠡᠷᠢ ᠪᠠᠷ ᠬᠡᠦᠬᠡᠳ ᠤᠳ ᠤᠨ ᠢᠶᠠᠨ ︽ᠲᠤᠭ ᠪᠤᠰᠬᠠᠵᠤ ᠢᠯᠠᠯᠲᠠ ᠣᠯᠬᠤ︾ | ᠶᠢ ᠨᠢ ᠢᠷᠦᠭᠡᠪᠡ᠃ ᠰᠢᠯᠭᠠᠭᠤᠯᠤᠭᠴᠢ ᠶᠢᠨ ᠬᠡᠷ ᠤᠨ ᠠᠬᠠᠮᠠᠳ ᠵᠠᠩ ᠠᠪᠠᠭ᠋ᠠᠶ ᠰᠤᠷᠪᠤᠯᠵᠢᠯᠠᠭᠴᠢ ᠳᠤ ᠄ ︽ | ᠥᠨᠥᠳᠦᠷ ᠪᠢ ᠬᠡᠦᠬᠡᠨ ᠤ ᠪᠠᠨ ᠰᠢᠯᠭᠠᠯᠲᠠ ᠳᠤ ᠲᠤᠰᠠᠯᠠᠬᠤ ᠪᠠᠷ ᠢᠷᠡᠭᠰᠡᠨ ᠶᠤᠮ᠂ ᠪᠠᠰᠠ ᠨᠢᠭᠡ ᠪᠠᠭᠴᠠ ᠨᠡᠷᠡᠨ | ᠬᠤᠸᠠᠷ ᠠᠪᠴᠢᠷᠠᠵᠤ᠂ ᠢᠯᠠᠯᠳᠠ ᠤᠯᠬᠤ ᠶᠢ ᠨᠢ ᠪᠡᠯᠭᠡᠯᠡᠵᠦ᠂ ᠮᠠᠨ ᠤ ᠲᠠᠷᠬᠠᠨ ᠮᠤᠤᠮᠢᠩᠭᠠᠨ ᠤ ᠬᠡᠤᠬᠡᠳ ᠤᠳ | ᠴᠥᠮ ᠰᠠᠶᠢᠨ ᠬᠢᠷᠢ ᠪᠦᠲᠦᠮᠵᠢ ᠤᠯᠬᠤ ᠶᠢ ᠬᠦᠰᠡᠵᠦ ᠪᠠᠶᠢᠨ᠎ᠠ︾ ᠭᠡᠵᠦ ᠬᠡᠯᠡᠪᠡ᠃ ᠰᠢᠯᠭᠠᠭᠤᠯᠤᠭᠴᠢ ᠶᠢᠨ | ᠳᠡᠭᠦᠦ ᠶᠢᠨ ᠢᠦᠶ ᠴᠧᠨ ᠠᠯᠢ ᠡᠷᠲᠡ ᠰᠢᠯᠭᠠᠯᠲᠠ ᠶᠢᠨ ᠴᠡᠭ ᠤᠨ ᠭᠠᠳᠠᠨ᠎ᠠ ᠰᠣᠷᠭᠤᠭ ᠴᠡᠴᠡᠭ ᠪᠠᠷᠢᠵᠤ᠄ ︽ | ᠡᠭᠡᠴᠢ ᠶᠢᠨ ᠰᠤᠷᠤᠯᠭ᠎ᠠ ᠮᠠᠰᠢ ᠵᠦᠳᠡᠷᠡᠯᠲᠡᠶ ᠪᠠᠶᠢᠳᠠᠭ᠂ ᠥᠨᠥᠳᠦᠷ ᠤᠯᠤᠰ ᠤᠨ ᠨᠢᠭᠡᠳᠦᠯᠳᠠᠢ ᠰᠢᠯᠭᠠᠯᠲᠠ ᠳᠤ | ᠤᠷᠤᠯᠴᠠᠨ᠂ ᠰᠠᠶᠢᠨ ᠬᠢᠷᠢ ᠪᠦᠲᠦᠮᠵᠢ ᠣᠯᠵᠤ᠂ ᠦᠪᠡᠷ ᠤᠨ ᠬᠦᠰᠡᠵᠦ ᠮᠦᠷᠦᠭᠡᠳᠦᠭᠰᠡᠨ ᠶᠡᠭᠡ ᠰᠤᠷᠭᠠᠭᠤᠯᠢ ᠳᠤ | ᠣᠷᠣᠬᠤ ᠶᠢ ᠬᠦᠰᠡᠵᠦ ᠪᠠᠶᠢᠨ᠎ᠠ︾ ᠭᠡᠵᠦ ᠡᠷᠡᠰ ᠪᠠᠲᠤ ᠬᠡᠯᠡᠪᠡ᠃ ᠡᠨᠡ ᠬᠦ ᠪᠣᠷᠣᠭᠵᠢᠭᠤᠨ ᠲᠥᠷᠥᠯ ᠰᠠᠳᠤᠨ ᠤ | ᠰᠡᠳᠬᠢᠯᠭᠡ ᠨᠢ ᠰᠢᠯᠭᠠᠯᠲᠠ ᠶᠢᠨ ᠲᠠᠯᠠᠪᠤᠷ ᠤᠨ ᠭᠠᠳᠠᠨᠠᠬᠢ ᠨᠢᠭᠡᠨ ᠬᠠᠯᠠᠭᠤᠨ ᠳᠤᠯᠠᠭᠠᠨ ᠦᠵᠡᠮᠵᠢ ᠶᠢᠨ ᠣᠷᠣᠨ | ᠪᠣᠯᠤᠭᠰᠠᠨ ᠪᠠᠶᠢᠨ᠎ᠠ᠃ | ᠲᠠᠨ ᠳᠤ ᠬᠠᠨᠢ ᠪᠣᠯᠵᠤ ᠮᠥᠷᠥᠭᠡᠳᠦᠯ ᠢᠶᠠᠨ ᠪᠡᠶᠡᠯᠡᠬᠦᠯᠵᠦ | ᠲᠠᠨ ᠨᠠᠷ ᠳᠡᠭᠦᠯᠢᠨ ᠨᠢᠰᠦᠭᠡᠷᠠᠢ ︕ | ᠦᠳᠡ ᠶᠢᠨ ᠡᠮᠦᠨᠡᠬᠢ ᠠᠷᠪᠠᠨ ᠨᠢᠭᠡᠨ ᠴᠠᠭ ᠭᠤᠴᠢᠨ ᠮᠢᠨᠦ᠋ᠲ ᠪᠤᠯᠬᠤ ᠳᠤ᠂ ᠠᠩᠬᠠᠳᠠᠭᠴᠢ ᠬᠡᠯᠡ | ᠪᠢᠴᠢᠭ ᠤᠨ ᠰᠢᠯᠭᠠᠯᠲᠠ ᠳᠠᠭᠤᠰᠪᠠ᠃ ᠰᠢᠯᠭᠠᠭᠤᠯᠤᠭᠴᠢᠳ ᠡᠮᠬᠢ ᠵᠢᠷᠤᠮ ᠲᠠᠢ ᠪᠠᠷ ᠰᠢᠯᠭᠠᠯᠳᠠ ᠶᠢᠨ ᠲᠠᠯᠠᠪᠤᠷ | ᠠᠴᠠ ᠭᠠᠷᠴᠤ᠂ ᠬᠦᠯᠢᠶᠡᠵᠦ ᠪᠠᠶᠢᠭ᠎ᠠ ᠭᠡᠷ ᠤᠨ ᠠᠬᠠᠮᠠᠳ ᠳᠠᠷᠦ᠋ᠢᠬᠠᠨ ᠪᠠᠶᠠᠷᠯᠠᠨ ᠤᠭᠲᠤᠵᠤ᠂ ᠬᠠᠯᠠᠭᠤᠨ ᠳᠤᠯᠠᠭᠠᠨ | ᠲᠡᠪᠡᠷᠢᠯᠲᠡ ᠪᠠ ᠠᠩᠬᠢᠯᠤᠮ᠎ᠠ ᠰᠠᠶᠢᠬᠠᠨ ᠰᠣᠷᠭᠤᠭ ᠴᠡᠴᠡᠭ ᠬᠦᠷᠭᠡᠵᠦ᠂ ᠬᠠᠮᠤᠭ ᠤᠨ ᠳᠥᠭᠦᠮᠬᠡᠨ ᠢᠶᠠᠷ ᠬᠠᠮᠤᠭ ᠤᠨ | ᠴᠢᠩ ᠦᠨᠡᠨᠴᠢ ᠬᠡᠯᠪᠡᠷᠢ ᠪᠠᠷ ᠬᠡᠤᠬᠡᠳ ᠢ ᠵᠣᠷᠢᠭᠵᠢᠭᠤᠯᠤᠨ ᠬᠠᠯᠠᠮᠵᠢᠯᠠᠵᠤ ᠪᠠᠶᠢᠬᠤ ᠪᠠᠨ ᠢᠯᠡᠳᠬᠡᠵᠡᠢ᠃ | | ᠤᠯᠤᠰ ᠤᠨ ᠨᠢᠭᠡᠳᠦᠯᠳᠠᠢ ᠰᠢᠯᠭᠠᠯᠲᠠ ᠳᠤ ᠨᠡᠷ᠎ᠡ ᠪᠠᠨ ᠪᠢᠴᠢᠭᠯᠡᠵᠦ᠂ ᠬᠦᠰᠡᠯ ᠮᠦᠷᠦᠭᠡᠳᠦᠯ ᠢᠶᠠᠨ | ᠪᠡᠶᠡᠯᠡᠬᠦᠯᠦᠶ᠎ᠡ︕ | ᠵᠠᠯᠠᠭᠤ ᠨᠠᠰᠣᠨ ᠤ ᠬᠦᠴᠦ ᠬᠦᠯᠦᠰᠦ ᠪᠠᠨ ᠤᠷᠤᠰᠬᠠᠨ ᠬᠦᠰᠡᠯ ᠵᠡᠭᠦᠳᠦ ᠪᠠᠨ ᠲᠡᠷᠭᠡᠯᠰᠢᠬᠦᠯᠦᠨ | ᠰᠢᠯᠭᠠᠭᠤᠯᠤᠭᠴᠢ ᠨᠢᠭᠡᠪᠦᠷᠢ ᠢᠲᠡᠭᠡᠯ ᠵᠣᠷᠢᠭ ᠲᠠᠢ ᠪᠠᠷ ᠰᠢᠯᠭᠠᠯᠲᠠ ᠶᠢᠨ ᠲᠠᠯᠠᠪᠤᠷ ᠲᠤ ᠤᠷᠤᠵᠤ | ᠰᠡᠳᠬᠢᠯ ᠢᠶᠠᠨ ᠲᠦᠪᠯᠡᠷᠡᠬᠦᠯᠦᠨ ᠰᠢᠯᠭᠠᠯᠳᠠ ᠶᠢᠨ ᠬᠠᠭᠤᠳᠠᠰᠤ ᠪᠠᠨ ᠪᠢᠴᠢᠵᠦ | ᠰᠤᠷᠤᠭᠴᠢ ᠪᠦᠬᠦᠨ ᠳᠣᠭᠲᠠᠭᠤᠨ ᠲᠦᠪᠯᠡᠬᠦᠨ ᠢᠶᠠᠷ ᠂ ᠬᠦᠰᠡᠯ ᠮᠦᠷᠦᠭᠡᠳᠦᠯ ᠢᠶᠠᠨ ᠪᠡᠶᠡᠯᠡᠬᠦᠯᠦᠨ | ᠬᠦᠮᠦᠨ ᠤ ᠠᠮᠢᠳᠤᠷᠠᠯ ᠤᠨ ᠰᠢᠨ᠎ᠡ ᠬᠠᠭᠤᠳᠠᠰᠤ ᠶᠢ ᠪᠢᠴᠢᠭᠯᠡᠶ᠎ᠡ︕ |