ᠲᠠᠷᠣᠭᠠᠰᠣ ᠪᠠᠨ ᠲᠠᠶᠠᠭᠳᠠᠵᠤ᠂ ᠠᠯᠬᠤᠮ ᠢᠶᠠᠨ ᠨᠡᠭᠡᠭᠡᠵᠦ ᠪᠠᠰᠠ ᠱᠠᠩᠨᠠᠯ ᠭᠠᠷᠳᠠᠨ᠎ᠠ︕ ᠪᠦᠬᠦ ᠬᠤᠰᠢᠭᠤᠨ ᠤ ᠶᠠᠪᠠᠭᠠᠨ ᠶᠠᠪᠤᠬᠤ ᠬᠦᠳᠡᠯᠭᠡᠭᠡᠨ ᠳᠤ ᠲᠠᠨ ᠢ ᠤᠷᠢᠵᠤ ᠣᠷᠣᠯᠴᠠᠭᠤᠯᠤᠶ᠎ᠠ︕
ᠨᠡᠶᠢᠲᠡᠯᠡᠭᠰᠡᠨ ᠴᠠᠭ᠄
2025/6/10
      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠮᠣᠷᠢ ᠤᠷᠤᠯᠳᠤᠬᠤ ︽ᠬᠦᠳᠡᠭᠡ ᠲᠤᠰᠬᠤᠨ ᠤ ᠬᠡᠳᠦ ᠳᠡᠰ ᠤᠨ ᠬᠤᠯᠪᠤᠭᠠᠲᠤ ᠤᠷᠤᠯᠳᠤᠭᠠᠨ︾  ᠤ ᠨᠠᠷᠠᠲᠤ ᠲᠡᠮᠳᠡᠭᠲᠦ ᠶᠢ ᠦᠷᠭᠦᠯᠵᠢᠯᠡᠨ ᠪᠣᠶ ᠪᠣᠯᠭᠠᠬᠤ ᠶᠢᠨ ᠲᠥᠯᠥᠭᠡ᠂ ᠮᠣᠷᠢ ᠤᠷᠤᠯᠳᠤᠬᠤ ︽ᠬᠦᠳᠡᠭᠡ ᠲᠤᠰᠬᠤᠨ ᠤ ᠬᠡᠳᠦ ᠳᠡᠰ ᠤᠨ ᠬᠤᠯᠪᠤᠭᠠᠲᠤ ᠤᠷᠤᠯᠳᠤᠭᠠᠨ︾  ᠳᠤ ᠬᠦᠴᠦᠨ ᠨᠡᠮᠡᠷᠢᠯᠡᠵᠦ᠂ ᠥᠷᠭᠡᠨ ᠣᠯᠠᠨ ᠠᠵᠢᠯᠴᠢᠨ ᠣᠯᠠᠨ ᠲᠦᠮᠡᠨ ᠤ ᠣᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠂ ᠡᠷᠡᠭᠦᠯ ᠰᠠᠷᠠᠭᠤᠯ ᠠᠮᠢᠳᠤᠷᠠᠯ ᠤᠨ ᠣᠶᠢᠯᠠᠭᠠᠭᠳᠠᠬᠤᠨ ᠢ ᠰᠠᠨᠠᠭᠠᠴᠢᠯᠠᠵᠤ᠂ ᠪᠦᠯᠬᠦᠮ ᠨᠡᠶᠢᠲᠡ ᠶᠢᠨ ᠨᠢᠭᠲᠠᠷᠠᠯ ᠤᠨ ᠬᠦᠴᠦᠨ ᠢ ᠴᠢᠩᠭᠠᠷᠠᠭᠤᠯᠤᠨ᠂ ᠥᠳᠬᠡᠨ ᠵᠤᠵᠠᠭᠠᠨ ᠪᠥᠬᠦ ᠠᠷᠠᠳ ᠤᠨ ᠪᠡᠶ᠎ᠡ ᠪᠠᠨ ᠴᠢᠭᠢᠷᠠᠭᠵᠢᠭᠤᠯᠬᠤ ᠠᠭᠤᠷ ᠠᠮᠢᠰᠬᠤᠯ ᠢ ᠪᠣᠶ ᠪᠣᠯᠭᠠᠶ᠎ᠠ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠪᠣᠯᠤᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠤᠨ ᠷᠠᠳᠢᠣ᠋ ᠲᠧᠯᠸᠢᠰ ᠤᠨ ᠲᠣᠪᠴᠢᠶ᠎ᠠ ᠠᠴᠠ ᠬᠠᠮᠲᠤᠷᠠᠨ ᠡᠷᠭᠢᠯᠡᠭᠰᠡᠨ ︽ᠵᠠᠭᠤᠨ ᠵᠢᠯ ᠤᠨ ᠠᠵᠢᠯᠴᠢᠨ ᠤ ᠡᠪᠯᠡᠯ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠰᠢᠨ᠎ᠡ ᠠᠶᠠᠨ ᠢᠶᠠᠨ ᠡᠬᠢᠯᠡᠭᠦᠯᠬᠦ︾ ︽ᠲᠠᠷᠢᠶᠠᠯᠠᠩ ᠬᠤᠳᠠᠯᠳᠤᠭᠠᠨ ᠤ ᠬᠤᠨᠳᠠᠭᠠᠲᠤ︾ ᠪᠥᠬᠦ ᠬᠤᠰᠢᠭᠤᠨ ᠤ ᠠᠵᠢᠯᠴᠢᠨ ᠣᠯᠠᠨ ᠲᠦᠮᠡᠨ ᠤ ᠶᠠᠪᠠᠭᠠᠨ ᠢᠶᠠᠷ ᠶᠠᠪᠤᠬᠤ ᠬᠦᠳᠡᠯᠭᠡᠭᠡᠨ‌ᠤᠳᠠᠯ ᠥᠬᠡᠶ ᠡᠬᠢᠯᠡᠬᠦ ᠪᠣᠯᠤᠯ᠎ᠠ︕ ᠭᠤᠶᠢᠳᠠ ᠰᠠᠶᠢᠬᠠᠨ ᠠᠯᠳᠠᠵᠤ ᠪᠣᠯᠬᠤ ᠦᠭᠡᠢ︕ ᠪᠢᠴᠢᠬᠠᠨ ᠨᠠᠶᠢᠷᠠᠯᠠᠭ᠋ ᠎ᠠ ᠲᠠᠢ ᠬᠠᠮᠳᠦ ᠬᠦᠳᠡᠯᠭᠡᠭᠡᠨ ᠤ ᠨᠠᠷᠢᠨ ᠪᠠᠶᠢᠳᠠᠯ ᠢ  ᠣᠶᠢᠯᠠᠭᠠᠶ᠎ᠠ︕       ᠨᠢᠭᠡ᠂ ᠬᠥᠳᠡᠯᠭᠡᠭᠡᠨ ᠤ ᠭᠤᠤᠯ ᠰᠡᠳᠦᠪ      ᠵᠠᠭᠤᠨ ᠵᠢᠯ ᠤᠨ ᠠᠵᠢᠯᠴᠢᠨ ᠤ ᠡᠪᠯᠡᠯ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠰᠢᠨ᠎ᠡ ᠠᠶᠠᠨ ᠢᠶᠠᠨ ᠡᠬᠢᠯᠡᠭᠦᠯᠬᠦ      ᠬᠤᠶᠠᠷ᠂ ᠬᠦᠳᠡᠯᠭᠡᠭᠡᠨ ᠤ ᠴᠠᠭ ᠬᠤᠭᠤᠴᠠᠭ᠎ᠠ      2025 ᠣᠨ ᠤ 6 ᠳ᠋ᠤᠭᠠᠷ ᠰᠠᠷ᠎ᠠ ᠶᠢᠨ 15 ᠤ ᠡᠳᠦᠷ ᠤᠨ 7᠄ 30 - 11᠄ 00      ᠭᠤᠷᠪᠠ᠂ ᠬᠥᠳᠡᠯᠭᠡᠭᠡᠨ ᠤ ᠭᠠᠵᠠᠷ      ᠪᠠᠲᠤᠬᠠᠭᠠᠯᠭ᠎ᠠ ᠶᠢᠨ ᠨᠠᠭᠠᠳᠤᠮ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ      ᠳᠥᠷᠪᠡ᠂ ᠤᠷᠤᠯᠳᠤᠭᠠᠨ ᠳᠤ ᠣᠷᠣᠯᠴᠠᠬᠤ ᠬᠥᠮᠦᠰ      ᠪᠦᠬᠦ ᠬᠤᠰᠢᠭᠤᠨ ᠤ ᠺᠠᠳ᠋ᠷ ᠠᠵᠢᠯᠴᠢᠨ᠂ ᠶᠠᠪᠠᠭᠠᠨ ᠢᠶᠠᠷ ᠪᠡᠶ᠎ᠡ ᠴᠢᠬᠢᠷᠠᠭᠵᠢᠭᠤᠯᠬᠤ ᠳᠤᠷᠠᠴᠤᠳ      ᠲᠠᠪᠤ᠂ ᠭᠤᠣᠯᠯᠠᠨ ᠡᠷᠬᠢᠯᠡᠭᠰᠡᠨ ᠨᠢᠭᠡᠴᠢ      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ      ᠲᠠᠷᠬᠠᠨ ᠮᠤᠤᠮᠢᠩᠭᠠᠨ ᠬᠤᠯᠪᠤᠭᠠᠲᠦ ᠬᠤᠰᠢᠭᠤᠨ ᠤ ᠰᠤᠶᠤᠯ ᠪᠡᠶ᠎ᠡ ᠶᠢᠨ ᠲᠠᠮᠢᠷ ᠤᠨ ᠵᠢᠭᠤᠯᠴᠢᠯᠠᠯ ᠤᠨ ᠷᠠᠳᠢᠤ᠋ ᠲᠧᠯᠸᠢᠰ ᠤᠨ ᠲᠤᠪᠴᠢᠶ᠎ᠠ      ᠬᠠᠪᠰᠤᠷᠤᠨ ᠡᠷᠬᠢᠯᠡᠬᠦ ᠨᠢᠭᠡᠴᠢ᠄ ᠥᠪᠥᠷ ᠮᠣᠩᠭᠤᠯ ᠤᠨ ᠲᠠᠷᠢᠶᠠᠯᠠᠩ ᠬᠤᠳᠠᠯᠳᠤᠭᠠᠨ ᠤ ᠪᠠᠩᠬᠢ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠠᠯᠪᠤᠷᠢ ᠪᠠᠩᠬᠢ      ᠵᠢᠷᠭᠤᠭ᠎ᠠ᠂ ᠬᠦᠳᠡᠯᠭᠡᠭᠡᠨ ᠤ ᠠᠷᠭ᠎ᠠ ᠮᠠᠶ᠋ᠢᠭ      ᠰᠤᠯᠠ ᠠᠩᠭᠢ᠂ ᠡᠮᠬᠢ ᠵᠤᠷᠤᠮ ᠲᠠᠢ ᠤᠳᠠᠭᠠᠨ ᠶᠠᠪᠤᠬᠤ      ᠳᠣᠯᠤᠭ᠎ᠠ᠂ ᠠᠵᠢᠯᠯᠠᠭᠠᠨ ᠤ ᠵᠥᠪᠯᠡᠬᠦ ᠵᠦᠢᠯ      ᠡᠬᠢᠯᠡᠬᠦ ᠶᠣᠰᠣᠯᠠᠯ      ︵1︶ ᠲᠣᠭᠯᠠᠯᠲᠠ      ︵2︶ ᠬᠥᠲᠥᠯᠥᠭᠴᠢ ᠢᠷᠡᠭᠰᠡᠨ ᠵᠣᠴᠢᠨ ᠢᠶᠠᠨ ᠲᠠᠨᠢᠯᠴᠠᠭᠤᠯᠤᠨ᠎ᠠ      ︵3︶ ᠤᠳᠤᠷᠢᠳᠤᠯᠭ᠎ᠠ ᠬᠤᠷᠠᠯ ᠡᠬᠢᠯᠡᠬᠦ ᠦᠭᠡ ᠶᠠᠷᠢᠨ᠎ᠠ      ︵4︶ ᠬᠦᠳᠡᠯᠭᠡᠭᠡᠨ ᠡᠬᠢᠯᠡᠬᠦ ᠶᠢ ᠵᠠᠷᠯᠠᠨ᠎ᠠ      ᠶᠠᠪᠠᠭᠠᠨ ᠶᠠᠪᠤᠬᠤ      ᠬᠤᠷᠠᠯ ᠤᠨ ᠲᠠᠯᠠᠪᠤᠷ᠄ ᠨᠠᠶᠢᠷ ᠨᠠᠭᠠᠳᠤᠮ ᠤᠨ ᠬᠤᠷᠠᠯ ᠤᠨ ᠲᠠᠯᠠᠪᠠᠶ ᠶᠢᠨ ᠶᠠᠪᠠᠭᠠᠨ ᠬᠥᠳᠡᠯᠭᠡᠭᠡᠨ ᠤ ᠲᠡᠷᠢᠭᠦᠯᠡᠭᠴᠢ ᠶᠢᠨ ᠲᠠᠶᠢᠰᠠᠨ ᠠᠴᠠ ᠮᠣᠷᠳᠠᠵᠤ᠂ ᠥᠩᠭᠡᠲᠦ ᠲᠤᠭ ᠤᠨ ᠵᠢᠭᠠᠯᠲᠠ ᠶᠢᠨ ᠱᠤᠭᠤᠮ ᠳᠠᠭᠠᠤ ᠠᠶᠠᠯᠠᠵᠤ᠂ ᠪᠥᠬᠦ ᠣᠷᠳᠣ ᠨᠢ 6.4 ᠺᠢᠯᠤᠮᠧᠲᠷ ᠪᠣᠯᠤᠨ᠎ᠠ᠃ ᠪᠦᠬᠦ ᠶᠠᠪᠤᠴᠠ ᠳᠤ ᠭᠤᠷᠪᠠᠨ ᠨᠣᠮᠧᠷ ︵1 ᠳ᠋ᠦᠭᠡᠷ᠂ 2 ᠳ᠋ᠤᠭᠠᠷ᠂ 3 ᠳ᠋ᠤᠭᠠᠷ ᠲᠣᠭᠠᠲᠤ︶ ᠣᠯᠬᠤ ᠬᠡᠷᠡᠭᠲᠡᠶ᠃      ᠲᠣᠰ ᠤᠳᠠᠭᠠᠨ ᠤ ᠬᠦᠳᠡᠯᠭᠡᠭᠡᠨ ᠳᠤ ᠱᠠᠩᠨᠠᠯ ᠰᠣᠩᠭᠤᠬᠤ ᠠᠷᠭ᠎ᠠ ᠮᠠᠶ᠋ᠢᠭ ᠢᠶᠠᠷ ᠨᠡᠷᠡᠰ ᠤᠨ ᠳᠠᠷᠠᠭᠠᠯᠠᠯ ᠢ ᠪᠣᠶ ᠪᠣᠯᠭᠠᠵᠤ᠂ ᠲᠤᠬᠠᠶ ᠶᠢᠨ ᠲᠠᠯᠠᠪᠤᠷ ᠲᠤ ᠣᠨᠴᠠ ᠲᠠᠰ ᠤᠨ ᠱᠠᠩᠨᠠᠯ 2 ᠨᠡᠷᠡᠰ᠂ ᠨᠢᠭᠡᠳᠦᠭᠡᠷ ᠳᠡᠰ ᠤᠨ ᠱᠠᠩᠨᠠᠯ 20 ᠨᠡᠷᠡᠰ᠂ ᠬᠤᠶᠠᠳᠤᠭᠠᠷ ᠳᠡᠰ ᠤᠨ ᠱᠠᠩᠨᠠᠯ 70 ᠨᠡᠷᠡᠰ᠂ ᠭᠤᠷᠪᠠᠳᠤᠭᠠᠷ ᠳᠡᠰ ᠤᠨ ᠱᠠᠩᠨᠠᠯ 150 ᠨᠡᠷᠡᠰ ᠰᠣᠩᠭᠤᠨ ᠠᠪᠴᠤ᠂ ᠱᠠᠩᠨᠠᠯ ᠣᠯᠭᠤᠨ᠎ᠠ᠃      ᠨᠠᠢᠮᠠ᠂ ᠬᠦᠳᠡᠯᠭᠡᠭᠡᠨ ᠤ ᠱᠠᠭᠠᠷᠳᠠᠯᠭ᠎ᠠ      ︵1︶ ᠡᠯ᠎ᠡ ᠰᠤᠮᠤ ᠰᠢᠶᠠᠩ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠥᠪᠡᠷᠲᠡᠭᠡᠨ ᠠᠩᠭᠢ ᠵᠣᠬᠢᠶᠠᠨ ᠪᠠᠶᠢᠭᠤᠯᠵᠤ᠂ ᠨᠢᠭᠡᠳᠦᠯᠲᠡᠢ ᠳᠤ ᠬᠦᠳᠡᠯᠭᠡᠭᠡᠨ ᠳᠤ ᠣᠷᠣᠯᠴᠠᠨ᠎ᠠ᠃      ︵2︶ ᠡᠯ᠎ᠡ ᠦᠨᠳᠦᠰᠦᠨ ᠱᠠᠲᠤᠨ ᠤ ᠠᠵᠢᠯᠴᠢᠨ ᠤ ᠡᠪᠯᠡᠯ ᠬᠦᠳᠡᠯᠭᠡᠭᠡᠨ ᠤ ᠴᠠᠭ᠂ ᠬᠦᠳᠡᠯᠭᠡᠭᠡᠨ ᠤ ᠳᠦᠷᠢᠮ ᠢ ᠴᠢᠩᠭ᠎ᠠ ᠵᠢᠷᠤᠮᠯᠠᠵᠤ᠂ ᠬᠥᠮᠦᠨ ᠤ ᠪᠡᠶ᠎ᠡ ᠶᠢᠨ ᠠᠮᠤᠷ ᠲᠦᠪᠰᠢᠨ ᠢ ᠠᠩᠬᠠᠷᠴᠤ᠂ ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷ ᠢᠶᠠᠨ ᠳᠡᠭᠡᠭᠰᠢᠯᠡᠭᠦᠯᠵᠦ᠂ ᠲᠣᠰ ᠤᠳᠠᠭᠠᠨ ᠤ ᠬᠦᠳᠡᠯᠭᠡᠭᠡᠨ ᠤ ᠤᠷᠤᠭᠰᠢᠲᠠᠶ ᠥᠷᠨᠢᠬᠦ ᠶᠢ ᠪᠠᠲᠤᠯᠠᠬᠤ ᠬᠡᠷᠡᠭᠲᠡᠶ᠃      ︵3︶ ᠬᠦᠳᠡᠯᠭᠡᠭᠡᠨ ᠳᠤ ᠣᠷᠣᠯᠴᠠᠭᠰᠠᠳ ᠤᠨ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠪᠠᠶᠢᠬᠤ ᠶᠢ ᠱᠠᠭᠠᠷᠳᠠᠵᠤ᠂ ᠶᠠᠪᠠᠭᠠᠨ ᠢᠶᠠᠷ ᠠᠯᠬᠤᠬᠤ ᠳᠤ ᠲᠣᠬᠢᠷᠠᠬᠤ ᠦᠭᠡᠢ ᠶᠠᠮᠠᠷᠪᠠ ᠡᠪᠡᠳᠴᠢᠨ ᠡᠮᠭᠡᠭ ᠭᠡᠵᠦ ᠪᠠᠶᠢᠵᠤ ᠪᠣᠯᠬᠤ ᠦᠭᠡᠢ᠃ ᠪᠦᠬᠦᠯᠢ 18 ᠨᠠᠰᠤᠨ ᠠᠴᠠ ᠳᠣᠷᠣᠭᠰᠢᠬᠢ ᠪᠠ ᠪᠦᠬᠦᠯᠢ 65 ᠨᠠᠰᠤᠨ ᠠᠴᠠ ᠳᠡᠭᠡᠭᠰᠢᠬᠢ ︵ᠪᠦᠬᠦᠯᠢ 65 ᠨᠠᠰᠤ ᠶᠢ ᠪᠠᠭᠲᠠᠨ᠎ᠠ︶ ᠴᠥᠮ ᠲᠤᠰ ᠤᠳᠠᠭᠠᠨ ᠤ ᠬᠦᠳᠡᠯᠭᠡᠭᠡᠨ ᠳᠤ ᠣᠷᠣᠯᠴᠠᠬᠤ ᠶᠢ ᠵᠥᠪᠰᠢᠶᠡᠷᠡᠬᠦ ᠦᠭᠡᠢ᠃      ︵4︶ ᠬᠦᠳᠡᠯᠭᠡᠭᠡᠨ ᠤ ᠱᠤᠭᠤᠮ ︵ᠳᠠᠭᠠᠯᠳᠤᠭᠤᠯᠤᠯ ᠳᠤ ᠦᠵᠡ︶ ᠃      ︵5︶ ᠡᠯ᠎ᠡ ᠨᠢᠬᠡᠴᠢ ᠠᠴᠠ ᠪᠠᠶᠢᠭᠤᠯᠤᠯᠭ᠎ᠠ ᠶᠢᠨ ᠬᠤᠪᠢᠶᠠᠭᠰᠠᠨ ᠨᠠᠷᠢᠯᠢᠭ ᠦᠷᠲᠡᠭᠡ ᠶᠢᠨ ᠠᠩᠭᠢ ︵ᠲᠠᠭᠠᠯᠲᠤᠭᠤᠯᠤᠯ 4︶᠃      ᠶᠢᠰᠦ᠂ ᠨᠡᠷ᠎ᠡ ᠮᠡᠳᠡᠭᠦᠯᠬᠦ ᠠᠷᠭ᠎ᠠ      ᠲᠤᠰ ᠤᠳᠠᠭᠠᠨ ᠤ ᠬᠦᠳᠡᠯᠭᠡᠭᠡᠨ ᠳᠤ ᠨᠡᠷ᠎ᠡ ᠮᠡᠳᠡᠭᠦᠯᠬᠦ ᠳᠤ ᠭᠤᠷᠪᠠᠨ ᠵᠦᠢᠯ ᠤᠨ ᠬᠡᠯᠪᠡᠷᠢ ᠶᠢ  ᠬᠡᠷᠡᠭᠯᠡᠨ᠎ᠡ      1. ᠪᠦᠯᠬᠦᠮ ᠨᠡᠶᠢᠲᠡ ᠨᠡᠷ᠎ᠡ ᠮᠡᠳᠡᠭᠦᠯᠬᠦ      ᠡᠯ᠎ᠡ ᠰᠤᠮᠤ ᠰᠢᠶᠠᠩ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠨᠦᠭᠦᠳ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠬᠡᠯᠪᠡᠷᠢ ᠪᠠᠷ ᠨᠢᠭᠡᠳᠦᠯᠲᠡᠶ ᠨᠡᠷ᠎ᠡ ᠮᠡᠳᠡᠭᠦᠯᠵᠦ᠂ 6 ᠳ᠋ᠤᠭᠠᠷ ᠰᠠᠷ᠎ᠠ ᠶᠢᠨ 12 ᠤᠨ ᠡᠳᠦᠷ ᠠᠴᠠ ᠡᠮᠦᠨ᠎ᠡ ᠲᠣᠰ ᠨᠢᠭᠡᠴᠢ ᠶᠢᠨ ᠢᠶᠠᠨ ᠠᠯᠪᠠᠨ ᠲᠠᠮᠠᠭ᠎ᠠ ᠶᠢ ᠳᠠᠷᠤᠬᠤ ᠠᠵᠢᠯᠯᠠᠭ᠎ᠠ ᠳᠤ ᠣᠷᠣᠯᠴᠠᠬᠤ ᠦᠨᠡᠨ ᠪᠣᠳᠠᠲᠠᠶ ᠵᠠᠬᠢᠳᠠᠯ᠂ ᠨᠢᠭᠡᠴᠢ ᠶᠢᠨ ᠳᠠᠭᠠᠭᠤᠯᠤᠭᠴᠢ ᠶᠢᠨ ᠨᠡᠷᠡᠰ᠂ ᠬᠠᠷᠢᠯᠴᠠᠬᠤ ᠠᠷᠭ᠎ᠠ ᠮᠠᠶ᠋ᠢᠭ᠂ ᠠᠵᠢᠯᠯᠠᠭ᠎ᠠ ᠳᠤ ᠣᠷᠣᠯᠴᠠᠬᠤ ᠬᠥᠮᠦᠰ ᠤᠨ ᠨᠡᠷᠡᠰ ᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠤᠨ ᠠᠯᠪᠠᠨ ᠬᠡᠷ ᠲᠤ ᠮᠡᠳᠡᠭᠦᠯᠵᠦ᠂ 6 ᠳ᠋ᠤᠭᠠᠷ ᠰᠠᠷ᠎ᠠ ᠶᠢᠨ 12 ᠤᠨ ᠡᠳᠦᠷ ᠠᠴᠠ 13 ᠤ ᠡᠳᠦᠷ ᠪᠣᠯᠲᠠᠯ᠎ᠠ ᠬᠦᠳᠡᠯᠭᠡᠭᠡᠨ ᠤ ᠳ᠋ᠤᠭᠠᠷ ᠫᠠᠶᠢᠰᠠ ᠪᠠ ᠬᠤᠪᠴᠠᠰᠤ ᠬᠤᠨᠠᠷ ᠠᠪᠴᠤ ᠬᠦᠳᠡᠯᠭᠡᠭᠡᠨ‌‍ᠳᠤ ᠣᠷᠣᠯᠴᠠᠨ᠎ᠠ᠃      ᠬᠠᠷᠢᠯᠴᠠᠬᠤ ᠪᠠᠶᠢᠭᠤᠯᠭ᠎ᠠ ᠨᠢᠭᠡᠴᠢ᠄ ᠳᠠᠷᠬᠠᠨ ᠮᠤᠤᠮᠢᠩᠭᠠᠨ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ︵ᠬᠤᠶᠠᠳᠤᠭᠠᠷ ᠳᠠᠪᠬᠤᠷᠯᠢᠭ ᠤᠨ ᠠᠯᠪᠠᠨ ᠭᠡᠷ︶      ᠬᠠᠷᠢᠯᠴᠠᠬᠤ ᠬᠥᠮᠥᠨ᠄ ᠵᠠᠩ ᠰᠢᠤᠸᠠᠢ ᠬᠤᠸᠠ      ᠬᠠᠷᠢᠯᠴᠠᠬᠤ ᠤᠲᠠᠰᠤ᠄ 0472 - 8422202      ᠢᠮᠧᠯ᠄ dmqzgh2008@163.com      2. ᠬᠤᠪᠢ ᠬᠥᠮᠦᠨ ᠨᠡᠷ᠎ᠡ ᠮᠡᠳᠡᠭᠦᠯᠬᠦ      ᠲᠣᠰ ᠬᠥᠮᠦᠨ 6 ᠳ᠋ᠤᠭᠠᠷ ᠰᠠᠷ᠎ᠠ ᠶᠢᠨ 13 ᠤ ᠡᠳᠦᠷ ᠠᠴᠠ ᠡᠮᠦᠨ᠎ᠡ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠤᠨ ᠠᠯᠪᠠᠨ ᠬᠡᠷ ᠲᠤ ᠬᠦᠷᠴᠦ ᠨᠡᠷ᠎ᠡ ᠮᠡᠳᠡᠭᠦᠯᠵᠦ᠂ ᠨᠡᠷ᠎ᠡ ᠮᠡᠳᠡᠭᠦᠯᠬᠦ ᠳᠡᠭᠡᠨ ᠬᠠᠷᠢᠭᠤᠴᠠᠯᠭ᠎ᠠ ᠠᠴᠠ ᠬᠡᠯᠳᠦᠷᠢᠭᠦᠯᠬᠦ ᠢᠯᠡᠷᠬᠡᠶᠢᠯᠡᠯᠲᠡ ︵ᠳᠠᠭᠠᠯᠳᠤᠭᠤᠯᠤᠯ 1 ᠳᠤ ᠯᠠᠪᠯᠠᠯᠲᠠ ᠶᠢ ᠦᠵᠡ︶ ᠶᠢ ᠨᠠᠷᠢᠨ ᠨᠢᠮᠪᠠᠶ ᠤᠩᠰᠢᠨ ᠨᠡᠶᠢᠲᠡᠯᠡᠬᠦ ᠶᠢᠨ ᠬᠠᠮᠲᠤ ᠭᠠᠷ ᠤᠨ ᠥᠰᠥᠭ ᠵᠢᠷᠤᠵᠤ ᠨᠤᠲᠠᠯᠠᠭᠰᠠᠨ ᠤ ᠳᠠᠷᠠᠭ᠎ᠠ᠂ ᠬᠦᠳᠡᠯᠭᠡᠭᠡᠨ ᠤ ᠳ᠋ᠤᠭᠠᠷ ᠢ ᠠᠪᠤᠭᠠᠷᠠᠢ᠃ ᠲᠤᠰ ᠡᠳᠦᠷ ᠤᠨ ᠳ᠋ᠤᠭᠠᠷ ᠫᠠᠶᠢᠰᠠ ᠪᠠᠨ ᠠᠪᠴᠤ ᠲᠤᠬᠠᠶ ᠶᠢᠨ ᠡᠳᠦᠷ ᠲᠤ ᠬᠤᠪᠴᠠᠰᠤ ᠠᠪᠴᠤ ᠬᠦᠳᠡᠯᠭᠡᠭᠡᠨ ᠳᠤ ᠣᠷᠣᠯᠴᠠᠪᠠ᠃      ᠬᠠᠷᠢᠯᠴᠠᠬᠤ ᠪᠠᠶᠢᠭᠤᠯᠭ᠎ᠠ ᠨᠢᠭᠡᠴᠢ᠄ ᠳᠠᠷᠬᠠᠨ ᠮᠤᠤᠮᠢᠩᠭᠠᠨ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ︵ᠬᠤᠶᠠᠳᠤᠭᠠᠷ ᠳᠠᠪᠬᠤᠷᠯᠢᠭ ᠤᠨ ᠠᠯᠪᠠᠨ ᠭᠡᠷ︶      ᠬᠠᠷᠢᠯᠴᠠᠬᠤ ᠬᠥᠮᠥᠨ᠄ ᠵᠠᠩ ᠰᠢᠤᠸᠠᠢ ᠬᠤᠸᠠ      ᠬᠠᠷᠢᠯᠴᠠᠬᠤ ᠤᠲᠠᠰᠤ᠄ 0472 - 8422202      ᠢᠮᠧᠯ᠄ dmqzgh2008@163.com      3. ᠲᠤᠬᠠᠢ ᠶᠢᠨ ᠲᠠᠯᠠᠪᠤᠷ ᠲᠤ ᠨᠡᠷ᠎ᠡ ᠮᠡᠳᠡᠭᠦᠯᠬᠦᠲᠤᠰ ᠡᠳᠦᠷ ᠤᠨ 7᠄ 00 ᠴᠠᠭ ᠠᠴᠠ ᠡᠮᠦᠨ᠎ᠡ ᠲᠤᠬᠠᠶ ᠶᠢᠨ ᠲᠠᠯᠠᠪᠤᠷ ᠲᠤ ᠨᠡᠷ᠎ᠡ ᠮᠡᠳᠡᠭᠦᠯᠵᠦ᠂ ᠬᠠᠷᠢᠭᠤᠴᠠᠯᠭ᠎ᠠ ᠠᠴᠠ ᠬᠡᠯᠲᠦᠷᠢᠭᠦᠯᠬᠦ ᠲᠣᠳᠣᠷᠬᠠᠶᠢᠯᠠᠯᠲᠠ ︵ᠳᠠᠭᠠᠯᠳᠤᠭᠤᠯᠤᠯ 1︶ ᠪᠠᠷ ᠨᠤᠲᠠᠯᠠᠭᠰᠠᠨ ᠤ ᠳᠠᠷᠠᠭ᠎ᠠ᠂ ᠲᠤᠬᠠᠶ ᠶᠢᠨ ᠲᠠᠯᠠᠪᠤᠷ ᠲᠤ ᠬᠦᠳᠡᠯᠭᠡᠭᠡᠨ ᠤ ᠳ᠋ᠤᠭᠠᠷ ᠫᠠᠶᠢᠰᠠ ᠪᠠ ᠬᠤᠪᠴᠠᠰᠤ ᠠᠪᠴᠤ ᠬᠦᠳᠡᠯᠭᠡᠭᠡᠨ ᠳᠤ ᠣᠷᠣᠯᠴᠠᠨ᠎ᠠ       ᠳᠣᠣᠷᠠᠬᠢ ᠬᠤᠶᠠᠷ ᠬᠡᠮᠵᠢᠯᠲᠦ ᠺᠣᠳ᠋ ᠶᠢ ᠤᠷᠲᠤ ᠳᠠᠷᠣᠵᠣ ᠳᠠᠭᠠᠯᠳᠤᠭᠤᠯᠤᠯ ᠢ ᠪᠠᠭᠤᠯᠭᠠᠬᠤ ᠪᠠᠶᠢᠴᠠᠭᠠᠨ ᠦᠵᠡᠭᠡᠷᠡᠢ      ᠶᠠᠰᠤ ᠰᠢᠷᠪᠥᠰᠥ ᠪᠠᠨ ᠰᠤᠯᠠᠳᠬᠠᠵᠤ᠂ ᠤᠳᠠᠲᠠᠯ᠎ᠠ ᠰᠠᠭᠤᠵᠤ ᠨᠢᠷᠤᠭᠤ ᠪᠠᠨ ᠡᠪᠡᠳᠦᠭᠡᠬᠦ ᠠᠴᠠ ᠵᠠᠶᠢᠯᠠᠵᠤ᠂ ᠰᠢᠨ᠎ᠡ ᠰᠤᠷᠭᠤᠭ ᠠᠭᠤᠷ ᠠᠮᠢᠰᠬᠤᠯ ᠢᠶᠠᠷ ᠠᠮᠢᠰᠬᠤᠵᠤ᠂ ᠭᠱᠠᠨ ᠵᠠᠭᠤᠷ᠎ᠠ ᠠᠵᠢᠯ ᠤᠨ ᠳᠠᠷᠤᠭᠠᠰᠤ ᠪᠠᠨ ᠲᠠᠶᠠᠭᠳᠠᠵᠤ᠂ ᠬᠠᠮᠲᠤ ᠠᠵᠢᠯᠯᠠᠭᠴᠢ ᠲᠠᠢ ᠪᠠᠨ ᠪᠣᠯᠵᠣᠵᠤ᠂ ᠶᠠᠪᠤᠬᠤ ᠶᠢᠨ ᠳᠠᠭᠠᠤ ᠶᠠᠷᠢᠯᠴᠠᠵᠤ᠂ ᠬᠠᠶᠢᠷ᠎ᠠ ᠰᠡᠳᠬᠢᠯᠭᠡ ᠨᠡᠩ ᠡᠪᠲᠡᠢ ᠪᠣᠯᠣᠨ᠎ᠠ᠂ ᠲᠦᠷᠭᠡᠨ ᠨᠡᠷ᠎ᠡ ᠮᠡᠳᠡᠭᠦᠯᠵᠦ ᠣᠷᠣᠯᠴᠠᠭᠠᠷᠠᠢ︕
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号