— ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ | ᠭᠤᠷᠪᠠᠳᠤᠭᠠᠷ ᠡᠭᠡᠯᠵᠢ ᠶᠢᠨ ᠨᠢᠯᠬ᠎ᠠ ᠪᠠᠭ᠎ᠠ ᠶᠢ ᠵᠤᠯᠭᠠᠭᠤᠯᠬᠤ ᠬᠢᠨᠠᠨ ᠬᠡᠮᠵᠢᠯᠲᠡ ᠶᠢᠨ ᠮᠡᠳᠡᠭᠦᠯᠦᠯᠲᠡ ᠶᠢᠨ | ᠲᠠᠶᠢᠯᠤᠮᠵᠢ ᠬᠢᠪᠡ | ᠳᠡᠭᠡᠳᠦ ᠱᠠᠲᠤᠨ ᠤ ᠬᠡᠣᠬᠡᠳ ᠤᠨ ᠴᠡᠴᠡᠷᠯᠢᠭ ᠪᠠ ᠪᠠᠭ᠎ᠠ ᠰᠣᠷᠭᠠᠭᠤᠯᠢ ᠶᠢᠨ ᠵᠤᠯᠭᠠᠭᠤᠯᠬᠤ ᠠᠵᠢᠯ ᠤᠨ | ᠲᠤᠬᠠᠶ ᠠᠯᠢ ᠣᠯᠠᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢᠨ ᠲᠦᠯᠦᠭᠡ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠢᠯᠬ᠎ᠠ ᠪᠠᠭ᠎ᠠ ᠶᠢᠨ | ᠨᠠᠩ ᠴᠢᠨᠠᠷ ᠰᠠᠶᠢᠲᠠᠶ ᠴᠢᠭᠯᠡᠯ ᠢᠶᠠᠷ ᠬᠥᠭᠵᠢᠬᠦ ᠶᠢ ᠠᠬᠢᠭᠤᠯᠬᠤ ᠶᠢᠨ ᠲᠥᠯᠥᠭᠡ᠂ 5 ᠳ᠋ᠤᠭᠠᠷ ᠰᠠᠷ᠎ᠠ ᠶᠢᠨ 30 ᠤ | ᠡᠳᠦᠷ ᠤᠨ ᠦᠳᠡ ᠶᠢᠨ ᠬᠤᠶᠢᠨ᠎ᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠤᠷᠭᠠᠨ ᠬᠥᠮᠦᠵᠢᠯ ᠤᠨ | ᠲᠣᠪᠴᠢᠶ᠎ᠠ ᠭᠤᠷᠪᠠᠳᠤᠭᠠᠷ ᠡᠭᠡᠯᠵᠢ ᠶᠢᠨ ᠨᠢᠯᠬ᠎ᠠ ᠪᠠᠭ᠎ᠠ ᠶᠢ ᠵᠤᠯᠭᠠᠭᠤᠯᠬᠤ ᠬᠢᠨᠠᠨ ᠬᠡᠮᠵᠢᠯᠲᠡ ᠶᠢᠨ ᠮᠡᠳᠡᠭᠦᠯᠦᠯᠲᠡ ᠶᠢᠨ | ᠤᠩᠰᠢᠨ ᠲᠠᠶᠢᠯᠪᠤᠷᠢᠯᠠᠬᠤ ᠬᠤᠷᠠᠯ ᠢ ᠨᠠᠷᠢᠨ ᠨᠢᠮᠪᠠᠶ ᠪᠡᠯᠡᠳᠬᠡᠨ ᠬᠤᠷᠠᠯᠳᠤᠭᠤᠯᠪᠠ᠃ ᠬᠤᠰᠢᠭᠤᠨ ᠤ ᠰᠤᠷᠭᠠᠨ | ᠬᠥᠮᠦᠵᠢᠯ ᠤᠨ ᠲᠣᠪᠴᠢᠶᠠᠨ ᠤ ᠬᠢᠨᠠᠨ ᠵᠢᠯᠣᠭᠤᠳᠬᠤ ᠲᠠᠰᠤᠭ ᠤᠨ ᠡᠷᠬᠢᠯᠡᠭᠴᠢ ᠵᠠᠩ ᠳ᠋ᠧ ᠯᠢᠶᠠᠩ᠂ ᠡᠯ᠎ᠡ ᠪᠠᠭ᠎ᠠ | ᠰᠤᠷᠭᠠᠭᠤᠯᠢ ᠶᠢᠨ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠵᠠᠬᠢᠷᠤᠯ᠂ ᠵᠢᠭᠠᠨ ᠰᠤᠳᠤᠯᠬᠤ ᠳᠤᠭᠤᠶᠢᠯᠠᠩ ᠤᠨ | ᠳᠠᠷᠤᠭ᠎ᠠ᠂ ᠨᠢᠭᠡᠳᠦᠭᠡᠷ ᠣᠨ ᠤ ᠪᠠᠭᠰᠢ ᠵᠢᠴᠢ ᠬᠡᠷ ᠤᠨ ᠠᠬᠠᠮᠠᠳ ᠤᠨ ᠲᠥᠯᠥᠭᠡᠯᠡᠭᠴᠢ᠂ ᠪᠠᠰᠠ ᠠᠷᠠᠳ | ᠢᠷᠭᠡᠳ ᠤᠨ ᠴᠡᠴᠡᠷᠯᠢᠭ ᠢ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠴᠡᠴᠡᠷᠯᠢᠭ ᠤᠨ ᠳᠠᠷᠤᠭ᠎ᠠ᠂ ᠶᠡᠭᠡ ᠠᠩᠭᠢ ᠶᠢᠨ | ᠪᠠᠭᠰᠢ ᠵᠢᠴᠢ ᠬᠡᠷ ᠤᠨ ᠠᠬᠠᠮᠠᠳ ᠤᠨ ᠲᠥᠯᠥᠭᠡᠯᠡᠭᠴᠢ ᠵᠡᠷᠭᠡ 20 ᠭᠠᠷᠤᠶ ᠬᠥᠮᠦᠨ ᠴᠤᠭᠯᠠᠷᠠᠵᠤ᠂ ᠡᠨᠡ | ᠤᠳᠠᠭᠠᠨ ᠤ ᠬᠡᠤᠬᠡᠳ ᠤᠨ ᠰᠤᠷᠭᠠᠨ ᠬᠥᠮᠦᠵᠢᠯ ᠤᠨ ᠬᠥᠭᠵᠢᠯᠲᠡ ᠳᠤ ᠬᠤᠯᠪᠣᠭᠳᠠᠬᠤ ᠴᠢᠬᠤᠯᠠ ᠬᠤᠷᠠᠯ ᠳᠤ | ᠬᠠᠮᠲᠤ ᠪᠠᠷ ᠣᠷᠣᠯᠴᠠᠪᠠ᠃ ᠬᠤᠷᠠᠯ ᠢ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶᠠᠨ ᠤ ᠬᠢᠨᠠᠨ | ᠵᠢᠯᠣᠭᠤᠳᠬᠤ ᠲᠠᠰᠤᠭ ᠤᠨ ᠯᠢᠶᠠᠩ ᠧᠨ ᠢ ᠪᠠᠭᠰᠢ ᠡᠷᠭᠢᠯᠡᠪᠡ᠃ | ᠬᠤᠷᠠᠯ ᠳᠡᠭᠡᠷ᠎ᠡ᠂ ᠬᠤᠰᠢᠭᠤᠨ ᠤ ᠬᠤᠶᠠᠳᠤᠭᠠᠷ ᠬᠡᠤᠬᠡᠳ ᠤᠨ ᠴᠡᠴᠡᠷᠯᠢᠭ ᠤᠨ ᠳᠠᠷᠤᠭ᠎ᠠ ᠴᠧᠨ ᠵᠢᠶᠧ ᠿᠦ᠋᠂ | ᠰᠢᠪᠠᠷᠬᠦᠷᠢᠶ᠎ᠡ ᠬᠡᠤᠬᠡᠳ ᠤᠨ ᠴᠡᠴᠡᠷᠯᠢᠭ ᠤᠨ ᠪᠠᠭᠰᠢ ᠸᠠᠩ ᠾᠦᠢ ᠴᠢᠩ ᠲᠣᠰ ᠲᠣᠰ ᠭᠤᠷᠪᠠᠳᠤᠭᠠᠷ ᠡᠭᠡᠯᠵᠢ ᠶᠢᠨ | ᠨᠢᠯᠬ᠎ᠠ ᠪᠠᠭ᠎ᠠ ᠶᠢ ᠵᠤᠯᠭᠠᠭᠤᠯᠬᠤ ᠬᠢᠨᠠᠨ ᠬᠡᠮᠵᠢᠯᠲᠡ ᠶᠢᠨ ᠮᠡᠳᠡᠭᠦᠯᠦᠯᠲᠡ ᠶᠢᠨ ᠳᠤᠮᠳᠠᠳᠤ ᠪᠠᠭ᠎ᠠ ᠰᠤᠷᠭᠠᠭᠤᠯᠢ᠂ | ᠬᠡᠤᠬᠡᠳ ᠤᠨ ᠴᠡᠴᠡᠷᠯᠢᠭ ᠤᠨ ᠬᠡᠰᠡᠭ ᠲᠤ ᠪᠥᠬᠦ ᠲᠠᠯ᠎ᠠ ᠶᠢᠨ ᠨᠠᠷᠢᠨ ᠵᠠᠳᠠᠯᠤᠯᠲᠠ ᠬᠢᠵᠡᠶ᠃ ᠲᠡᠳᠡ ᠨᠠᠷᠢᠨ ᠪᠣᠳᠠᠲᠠᠶ | ᠣᠨᠣᠪᠴᠢᠲᠠᠶ ᠲᠤᠭ᠎ᠠ ᠪᠠᠷᠢᠮᠲᠠ ᠪᠠᠷ ᠰᠠᠭᠤᠷᠢ ᠪᠣᠯᠭᠠᠵᠤ᠂ ᠲᠤᠰᠬᠠᠶ ᠮᠡᠷᠭᠡᠵᠢᠯ ᠤᠨ ᠨᠠᠷᠢᠯᠢᠭ ᠣᠨᠣᠪᠴᠢᠲᠠᠢ ᠪᠠᠷ | ᠵᠠᠳᠠᠯᠬᠤ ᠴᠢᠳᠠᠪᠤᠷᠢ ᠳᠠᠭᠠᠨ ᠲᠦᠰᠢᠭᠯᠡᠨ᠂ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢᠨ ᠠᠷᠤ ᠳᠤ ᠨᠢᠭᠤᠭᠳᠠᠵᠤ | ᠪᠠᠶᠢᠭ᠎ᠠ ᠰᠤᠷᠭᠠᠨ ᠬᠥᠮᠦᠵᠢᠯ ᠤᠨ ᠦᠵᠡᠭᠳᠡᠯ ᠵᠢᠴᠢ ᠳᠠᠯᠳᠠ ᠠᠰᠠᠭᠤᠳᠠᠯ ᠢ ᠱᠠᠲᠤ ᠱᠠᠲᠤ ᠪᠠᠷ ᠭᠦᠨᠵᠡᠭᠡᠶ | ᠢᠯᠡᠷᠡᠭᠦᠯᠦᠭᠰᠡᠨ ᠪᠥᠭᠡᠳ ᠬᠠᠷᠠᠯᠲᠠ ᠲᠠᠢ ᠪᠠᠷ ᠦᠨᠡᠨ ᠬᠦ ᠬᠡᠷᠡᠭᠵᠢᠭᠦᠯᠵᠦ ᠪᠣᠯᠬᠤᠶᠢᠴᠠ ᠬᠠᠯᠠᠨ ᠰᠠᠶᠢᠵᠢᠷᠠᠭᠤᠯᠬᠤ | ᠰᠠᠨᠠᠭᠤᠯᠭ᠎ᠠ ᠪᠠ ᠪᠣᠳᠠᠲᠠᠶ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠠᠶ᠃ ᠡᠨᠡ ᠲᠠᠶᠢᠯᠤᠮᠵᠢ ᠨᠢ ᠶᠠᠭ ᠯᠡ ᠡᠭᠦᠯᠡ ᠶᠢ | ᠰᠠᠷᠨᠢᠭᠤᠯᠵᠤ ᠨᠠᠷᠠ ᠶᠢ ᠦᠵᠡᠭᠰᠡᠨ ᠮᠡᠲᠦ ᠪᠠᠷ ᠬᠤᠷᠠᠯ ᠳᠤ ᠣᠷᠣᠯᠴᠠᠭᠰᠠᠳ ᠲᠤ ᠪᠥᠬᠦ ᠬᠤᠰᠢᠭᠤᠨ ᠤ ᠨᠢᠯᠬ᠎ᠠ | ᠪᠠᠭ᠎ᠠ ᠶᠢᠨ ᠣᠳᠣᠬᠢ ᠪᠠᠶᠢᠳᠠᠯ ᠤᠨ ᠲᠤᠬᠠᠶ ᠨᠠᠩ ᠲᠣᠳᠣᠷᠬᠠᠶ᠂ ᠰᠢᠭᠤᠳ ᠪᠥᠭᠡᠳ ᠲᠤᠭᠤᠰᠢᠲᠠᠢ ᠲᠠᠨᠢᠯᠲᠠ ᠲᠠᠢ | ᠪᠣᠯᠭᠠᠪᠠ᠃ ᠳᠥᠷᠪᠡᠳᠦᠭᠡᠷ ᠬᠡᠦᠬᠡᠳ ᠤᠨ ᠴᠡᠴᠡᠷᠯᠢᠭ ᠤᠨ ᠪᠠᠭᠰᠢ ᠵᠠᠩ ᠠᠢ ᠯᠢ ︽︿ᠴᠢᠨᠠᠷ ᠴᠢᠨᠰᠠᠭ᠎ᠠ﹀ ᠶᠢ | ᠵᠣᠯᠭᠠᠭᠤᠯᠵᠤ ︿ᠦᠰᠦᠨ ᠪᠤᠶᠢᠵᠢᠯᠲᠠ﹀ ᠶᠢ ᠵᠠᠯᠭᠠᠬᠤ︾ ᠭᠡᠬᠦ ᠰᠡᠳᠦᠪ ᠢᠶᠠᠷ ᠭᠤᠶᠢᠳᠠ ᠰᠠᠶᠢᠬᠠᠨ ᠬᠡᠷᠡᠭ ᠤᠨ | ᠵᠢᠱᠢᠶ᠎ᠡ ᠶᠢ ᠬᠤᠪᠢᠶᠠᠯᠴᠠᠪᠠ᠃ ᠲᠡᠷᠡ ᠡᠳᠦᠷ ᠲᠤᠲᠤᠮ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ | ᠠᠵᠢᠯᠯᠠᠭᠠᠨ ᠤ ᠳᠤᠮᠳᠠᠬᠢ ᠠᠯᠢ ᠣᠯᠠᠨ ᠠᠮᠢᠳᠤᠯᠢᠭ ᠰᠠᠶᠢᠬᠠᠨ᠂ ᠲᠦᠢᠯ ᠤᠨ ᠲᠥᠯᠥᠭᠡᠯᠡᠬᠦ ᠴᠢᠨᠠᠷᠲᠠᠶ ᠪᠣᠳᠠᠲᠤ | ᠵᠢᠱᠢᠶ᠎ᠡ ᠲᠠᠢ ᠨᠢᠭᠲᠠ ᠤᠶᠠᠯᠳᠤᠭᠤᠯᠵᠤ᠂ ᠨᠢᠯᠬ᠎ᠠ ᠬᠡᠦᠬᠡᠳ ᠤᠨ ᠴᠢᠳᠠᠪᠤᠷᠢ᠂ ᠳᠠᠳᠬᠠᠯ᠂ ᠰᠡᠳᠬᠢᠴᠡ ᠶᠢ | ᠵᠣᠯᠭᠠᠭᠤᠯᠬᠤ ᠵᠡᠷᠭᠡ ᠭᠤᠷᠪᠠᠨ ᠬᠠᠷᠠᠭᠠᠰᠤ ᠠᠴᠠ ᠰᠢᠨ᠎ᠡ ᠶᠢ ᠡᠭᠦᠳᠬᠦ ᠦᠢᠯᠡᠳᠦᠯᠭᠡ ᠶᠢᠨ ᠶᠠᠪᠤᠴᠠ ᠳᠠᠬᠢ ᠲᠤᠷᠰᠢᠯᠭ᠎ᠠ | ᠪᠠ ᠦᠷ᠎ᠡ ᠪᠦᠲᠦᠭᠡᠯ ᠢᠶᠠᠨ ᠥᠴᠦᠬᠡᠨ ᠴᠦ ᠦᠯᠡᠳᠡᠭᠡᠯ ᠥᠬᠡᠶ ᠪᠠᠷ ᠬᠤᠪᠢᠶᠠᠯᠴᠠᠪᠠ᠃ ᠡᠲᠡᠭᠡᠷ ᠡᠷᠬᠢᠮ ᠨᠠᠨᠳᠢᠨ | ᠲᠤᠷᠰᠢᠯᠭ᠎ᠠ ᠨᠢ ᠶᠠᠭ ᠭᠡᠷᠡᠯᠲᠦ ᠳ᠋ᠧᠩ ᠰᠢᠭ ᠬᠤᠷᠠᠯ ᠳᠤ ᠣᠷᠣᠯᠴᠠᠭᠰᠠᠳ ᠲᠤ ᠨᠢᠯᠬ᠎ᠠ ᠪᠠᠭ᠎ᠠ ᠶᠢ ᠵᠣᠯᠭᠠᠭᠤᠯᠬᠤ | ᠠᠵᠢᠯ ᠤᠨ ᠤᠷᠤᠭᠰᠢᠯᠠᠯᠲᠠ ᠶᠢᠨ ᠵᠠᠮ ᠢ ᠭᠡᠷᠡᠯᠳᠦᠭᠦᠯᠵᠦ᠂ ᠮᠠᠰᠢ ᠶᠡᠭᠡ ᠯᠠᠪᠯᠠᠯᠲᠠ ᠪᠣᠯᠭᠠᠬᠤ ᠦᠨ᠎ᠡ ᠦᠷᠳᠡᠭ ᠲᠠᠢ | ᠦᠯᠢᠭᠡᠷ ᠵᠢᠱᠢᠶ᠎ᠡ ᠶᠢ ᠬᠠᠩᠭᠠᠵᠠᠢ᠃ | ᠳᠠᠷᠠᠭ᠎ᠠ ᠨᠢ᠂ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶᠠᠨ ᠤ ᠬᠢᠨᠠᠨ ᠵᠢᠯᠣᠭᠤᠳᠬᠤ ᠲᠠᠰᠤᠭ ᠤᠨ | ᠯᠢᠶᠠᠩ ᠧᠨ ᠢ ᠪᠠᠭᠰᠢ ᠲᠠᠷᠠᠭᠠᠴᠢ ᠶᠢᠨ ᠱᠠᠲᠤᠨ ᠤ ᠠᠵᠢᠯ ᠳᠤ ᠮᠠᠰᠢ ᠨᠠᠷᠢᠨ ᠲᠣᠳᠣᠷᠬᠠᠶ ᠲᠡᠭᠦᠯᠳᠡᠷ | ᠪᠠᠶᠢᠷᠢᠯᠠᠭᠤᠯᠤᠯᠲᠠ ᠬᠢᠵᠡᠶ᠃ ᠲᠡᠷᠡ ᠡᠯ᠎ᠡ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠨᠢ ᠬᠢᠨᠠᠨ | ᠬᠡᠮᠵᠢᠯᠲᠡ ᠶᠢᠨ ᠮᠡᠳᠡᠭᠦᠯᠦᠯᠲᠡ ᠶᠢᠨ ᠦᠷ᠎ᠡ ᠳ᠋ᠦᠩ ᠢ ᠴᠢᠩᠭ᠎ᠠ ᠵᠢᠷᠤᠮᠯᠠᠨ᠂ ᠰᠤᠷᠭᠠᠭᠤᠯᠢ ᠶᠢᠨ ᠲᠠᠰ ᠤᠨ ᠲᠠᠶᠢᠯᠤᠮᠵᠢ | ᠬᠢᠬᠦ ᠠᠵᠢᠯ ᠢ ᠯᠠᠪᠳᠠᠭᠤᠨ ᠪᠠᠲᠤᠲᠠᠶ ᠥᠷᠨᠢᠭᠦᠯᠬᠦ ᠶᠢᠨ ᠬᠠᠮᠲᠤ᠂ ᠨᠢᠯᠬ᠎ᠠ ᠪᠠᠭ᠎ᠠ ᠶᠢ ᠵᠣᠯᠭᠠᠭᠤᠯᠬᠤ ᠠᠵᠢᠯ ᠤᠨ | ᠬᠡᠷᠡᠭ ᠤᠨ ᠵᠢᠱᠢᠶ᠎ᠡ ᠶᠢ ᠪᠢᠴᠢᠬᠦ ᠪᠠ ᠮᠡᠳᠡᠭᠦᠯᠬᠦ ᠠᠵᠢᠯ ᠢ ᠬᠢᠨᠠᠮᠠᠭᠠᠶ ᠰᠠᠶᠢᠲᠤᠷ ᠬᠢᠬᠦ ᠬᠡᠷᠡᠭᠲᠡᠶ ᠭᠡᠵᠦ ᠲᠣᠳᠣᠷᠬᠠᠶ | ᠱᠠᠭᠠᠷᠳᠠᠪᠠ᠃ ᠬᠢᠨᠠᠨ ᠬᠡᠮᠵᠢᠭᠰᠡᠨ ᠦᠷ᠎ᠡ ᠳ᠋ᠦᠩ ᠢ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠪᠠᠷ ᠬᠡᠷᠡᠭᠯᠡᠵᠦ᠂ | ᠲᠤᠭ᠎ᠠ ᠪᠠᠷᠢᠮᠲᠠ ᠨᠢᠭᠡᠪᠦᠷᠢ ᠶᠢ ᠴᠥᠮ ᠨᠢᠯᠬ᠎ᠠ ᠪᠠᠭ᠎ᠠ ᠶᠢ ᠳᠥᠯᠭᠢᠨ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ | ᠬᠦᠴᠦᠨ ᠪᠣᠯᠭᠠᠨ ᠬᠤᠪᠢᠷᠠᠭᠤᠯᠵᠤ᠂ ᠡᠯ᠎ᠡ ᠵᠦᠢᠯ ᠤᠨ ᠠᠵᠢᠯ ᠤᠨ ᠥᠷᠨᠢᠯᠲᠡ ᠶᠢ ᠯᠠᠪᠳᠠᠭᠤᠨ ᠪᠥᠭᠡᠳ ᠡᠮᠬᠢ | ᠵᠢᠷᠤᠮ ᠲᠠᠢ ᠪᠠᠷ ᠳᠥᠯᠭᠢᠨ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ᠃ | ᠬᠤᠷᠠᠯ ᠤᠨ ᠡᠴᠦᠰ ᠲᠤ᠂ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶᠠᠨ ᠤ ᠬᠢᠨᠠᠨ ᠵᠢᠯᠣᠭᠤᠳᠬᠤ | ᠲᠠᠰᠤᠭ ᠤᠨ ᠡᠷᠬᠢᠯᠡᠭᠴᠢ ᠵᠠᠩ ᠳ᠋ᠧ ᠯᠢᠶᠠᠩ ᠳ᠋ᠦᠩᠨᠡᠯᠲᠡ ᠶᠢᠨ ᠶᠠᠷᠢᠶ᠎ᠠ ᠲᠠᠯᠪᠢᠪᠠ᠃ ᠲᠡᠷᠡ ᠡᠩ ᠲᠡᠷᠢᠭᠦᠨ ᠳᠤ | ᠠᠵᠢᠯ ᠤᠨ ᠦᠷ᠎ᠡ ᠪᠦᠲᠦᠮᠵᠢ ᠶᠢ ᠨᠤᠲᠠᠯᠠᠵᠤ᠂ ᠤᠷᠤᠭᠰᠢᠯᠠᠯᠲᠠ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ | ᠠᠰᠠᠭᠤᠳᠠᠯ ᠤᠨ ᠳᠤᠲᠠᠭᠤᠳᠠᠯ ᠳᠤ ᠰᠢᠭᠤᠳ ᠬᠠᠨᠳᠤᠵᠤ᠂ ᠴᠢᠭᠯᠡᠯ ᠢᠶᠠᠨ ᠰᠠᠶᠢᠵᠢᠷᠠᠭᠤᠯᠬᠤ ᠬᠤᠶᠠᠷ ᠲᠠᠯ᠎ᠠ ᠶᠢ | ᠣᠨᠣᠪᠴᠢᠲᠠᠢ ᠡᠷᠢᠨ ᠣᠯᠵᠤ᠂ ᠲᠤᠭ᠎ᠠ ᠪᠠᠷᠢᠮᠲᠠ ᠶᠢᠨ ᠮᠥᠨ ᠴᠢᠨᠠᠷ ᠢ ᠨᠡᠪᠲᠡᠯᠵᠦ᠂ ᠠᠰᠠᠭᠤᠳᠠᠯ ᠢᠶᠠᠷ | ᠤᠳᠤᠷᠢᠳᠤᠮᠵᠢ ᠪᠣᠯᠭᠠᠨ ᠬᠥᠭᠵᠢᠯᠲᠡ ᠶᠢ ᠡᠷᠢᠯᠬᠢᠯᠡᠪᠡ᠃ ᠲᠡᠷᠡ᠂ ᠨᠢᠯᠬ᠎ᠠ ᠪᠠᠭ᠎ᠠ ᠶᠢ ᠵᠣᠯᠭᠠᠭᠤᠯᠬᠤ ᠬᠢᠨᠠᠨ | ᠬᠡᠮᠵᠢᠯᠲᠡ ᠪᠣᠯ ᠪᠦᠬᠦ ᠬᠤᠳᠠ ᠶᠢᠨ ᠰᠠᠭᠤᠷᠢ ᠰᠤᠷᠭᠠᠨ ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ᠂ ᠰᠤᠷᠭᠠᠨ ᠬᠥᠮᠦᠵᠢᠯ ᠤᠨ ᠥᠨᠳᠦᠷᠯᠢᠭ ᠢ ᠪᠠᠶᠢᠭᠤᠯᠬᠤ᠂ ᠰᠤᠷᠭᠠᠨ ᠬᠥᠮᠦᠵᠢᠯ ᠤᠨ ᠬᠦᠴᠦᠷᠬᠡᠭ | ᠬᠤᠳᠠ ᠶᠢ ᠪᠦᠳᠦᠭᠡᠨ ᠪᠠᠶᠢᠭᠤᠯᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠣᠯᠤᠨ᠎ᠠ᠃ ᠡᠯ᠎ᠡ ᠰᠤᠷᠭᠠᠭᠤᠯᠢ ᠶᠢᠨ ᠬᠦᠷᠢᠶ᠎ᠡ | ᠨᠢ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭᠠᠨ ᠤ ᠲᠠᠨᠢᠯᠲᠠ ᠪᠠᠨ ᠨᠢᠭᠡᠳᠬᠡᠵᠦ᠂ | ᠰᠢᠨᠵᠢᠯᠡᠬᠦ ᠤᠬᠠᠭᠠᠨᠴᠢ ᠨᠢᠯᠬ᠎ᠠ ᠪᠠᠭ᠎ᠠ ᠶᠢᠨ ᠵᠣᠯᠭᠠᠯᠴᠠᠭ᠎ᠠ ᠨᠢ ᠶᠣᠰᠣ ᠰᠤᠷᠲᠠᠬᠤᠨ ᠢ ᠪᠤᠢ ᠪᠣᠯᠭᠠᠵᠤ ᠬᠥᠮᠦᠨ ᠢ | ᠬᠥᠮᠦᠵᠢᠭᠦᠯᠬᠦ ᠦᠨᠳᠦᠰᠦᠨ ᠡᠭᠦᠷᠭᠡ ᠪᠣᠯᠬᠤ ᠂ ᠬᠡᠦᠬᠡᠳ ᠤᠨ ᠪᠡᠶ᠎ᠡ ᠰᠡᠳᠬᠢᠯ ᠤᠨ ᠪᠦᠬᠦ ᠲᠠᠯ᠎ᠠ ᠶᠢᠨ ᠬᠥᠭᠵᠢᠯᠲᠡ ᠶᠢ | ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠪᠣᠯᠬᠤ ᠶᠢ ᠭᠦᠨᠵᠡᠭᠡᠢ ᠣᠶᠢᠯᠠᠭᠠᠬᠤ ᠬᠡᠷᠡᠭᠲᠡᠢ ᠭᠡᠪᠡ᠃ | ᠲᠡᠷᠡ᠂ ᠡᠯ᠎ᠡ ᠰᠤᠷᠭᠠᠭᠤᠯᠢ ᠶᠢᠨ ᠬᠦᠷᠢᠶ᠎ᠡ ᠨᠢ ᠲᠣᠰ ᠤᠳᠠᠭᠠᠨ ᠤ ᠬᠢᠨᠠᠨ ᠬᠡᠮᠵᠢᠵᠦ ᠲᠠᠶᠢᠯᠪᠤᠷᠢᠯᠠᠬᠤ | ᠬᠤᠷᠠᠯ ᠢᠶᠠᠷ ᠴᠣ ᠰᠢᠨ᠎ᠡ ᠡᠬᠢᠯᠡᠯᠲᠡ ᠪᠣᠯᠭᠠᠵᠤ᠂ ᠬᠢᠨᠠᠨ ᠬᠡᠮᠵᠢᠭᠰᠡᠨ ᠦᠷ᠎ᠡ ᠳ᠋ᠦᠩ ᠤᠨ ᠬᠡᠷᠡᠭᠯᠡᠯᠲᠡ ᠶᠢᠨ ᠠᠵᠢᠯ ᠢ | ᠰᠢᠰᠲ᠋ᠧᠮ ᠲᠠᠢ ᠠᠬᠢᠭᠤᠯᠬᠤ ᠬᠡᠷᠡᠭᠲᠡᠶ ᠭᠡᠪᠡ᠃ ᠬᠡᠦᠬᠡᠳ ᠤᠨ ᠪᠠᠭ᠎ᠠ ᠰᠤᠷᠭᠠᠭᠤᠯᠢ ᠶᠢ ᠵᠣᠯᠭᠠᠭᠤᠯᠬᠤ ᠤᠷᠳᠤ | ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠲᠦᠷᠢᠮ ᠤᠨ ᠪᠠᠲᠤᠯᠠᠭ᠎ᠠ ᠶᠢ | ᠴᠢᠩᠭᠠᠳᠭᠠᠨ︔ ᠬᠠᠮᠲᠤᠷᠠᠭᠰᠠᠨ ᠵᠢᠭᠠᠨ ᠰᠤᠳᠤᠯᠬᠤ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ | ᠬᠡᠦᠬᠡᠳ ᠤᠨ ᠴᠡᠴᠡᠷᠯᠢᠭ ᠪᠣᠯᠤᠨ ᠪᠠᠭ᠎ᠠ ᠰᠤᠷᠭᠠᠭᠤᠯᠢ ᠶᠢᠨ ᠬᠤᠭᠤᠷᠣᠨᠳᠣᠬᠢ ᠰᠤᠷᠤᠯᠴᠠᠯᠭ᠎ᠠ ᠶᠢᠨ ᠬᠠᠮᠲᠤ ᠶᠢᠨ | ᠴᠣᠭᠴᠠ ᠶᠢ ᠪᠠᠶᠢᠭᠤᠯᠵᠤ᠂ ᠵᠢᠭᠠᠨ ᠰᠤᠳᠤᠯᠬᠤ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ | ᠰᠤᠷᠭᠠᠭᠤᠯᠢ ᠳᠤ ᠣᠷᠣᠬᠤ ᠪᠡᠯᠡᠳᠬᠡᠯ ᠪᠠ ᠰᠤᠷᠭᠠᠭᠤᠯᠢ ᠳᠤ ᠣᠷᠣᠬᠤ ᠦᠢᠯᠡᠳᠦᠯᠭᠡ ᠶᠢᠨ ᠳᠤᠮᠳᠠᠬᠢ ᠲᠤᠪᠤᠶᠢᠮ᠎ᠠ | ᠬᠦᠴᠢᠷ ᠠᠰᠠᠭᠤᠳᠠᠯ ᠢ ᠭᠠᠷ ᠬᠤᠯᠪᠣᠨ ᠰᠢᠢᠳᠪᠦᠷᠢᠯᠡᠨ︔ ᠬᠡᠤᠬᠡᠳ ᠤᠨ ᠴᠡᠴᠡᠷᠯᠢᠭ᠂ ᠪᠠᠭ᠎ᠠ ᠰᠤᠷᠭᠠᠭᠤᠯᠢ᠂ ᠬᠡᠷ | ᠪᠦᠯᠢ ᠭᠤᠷᠪᠠᠨ ᠲᠠᠯ᠎ᠠ ᠪᠠᠷ ᠢᠶᠠᠨ ᠬᠤᠯᠪᠣᠭᠠᠯᠠᠨ ᠬᠥᠳᠡᠯᠦᠯᠴᠡᠵᠦ ᠬᠠᠮᠲᠤ ᠪᠠᠷ ᠪᠤᠶᠢᠵᠢᠭᠤᠯᠬᠤ ᠲᠣᠭᠲᠠᠴᠠ ᠶᠢ | ᠪᠠᠶᠢᠭᠤᠯᠵᠤ᠂ ᠬᠡᠷ ᠪᠦᠯᠢ ᠪᠠ ᠰᠤᠷᠭᠠᠭᠤᠯᠢ ᠶᠢᠨ ᠬᠤᠭᠤᠷᠣᠨᠳᠣᠬᠢ ᠨᠡᠪᠲᠡᠷᠡᠯᠴᠡᠭᠡ ᠪᠠ ᠬᠠᠮᠲᠤᠷᠠᠯᠴᠠᠭ᠎ᠠ ᠶᠢ | ᠴᠢᠩᠭᠠᠳᠬᠠᠨ᠂ ᠬᠦᠴᠦᠷᠬᠡᠭ ᠶᠡᠭᠡ ᠰᠤᠷᠭᠠᠨ ᠬᠥᠮᠦᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠵᠤ᠂ ᠬᠠᠮᠲᠤ ᠪᠠᠷ | ᠬᠡᠤᠬᠡᠳ ᠤᠨ ᠦᠰᠦᠨ ᠪᠤᠶᠢᠵᠢᠯᠲᠠ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠨ᠎ᠠ︔ ᠭᠦᠳᠡᠯᠦᠩᠬᠦᠢ | ᠦᠨᠡᠯᠡᠬᠦ ᠲᠤᠨᠨᠳᠠᠴᠠ ᠶᠢ ᠪᠠᠶᠢᠭᠤᠯᠵᠦ᠂ ᠨᠢᠯᠬ᠎ᠠ ᠪᠠᠭ᠎ᠠ ᠶᠢ ᠵᠤᠯᠭᠠᠭᠤᠯᠬᠤ ᠠᠵᠢᠯ ᠢ ᠰᠤᠷᠭᠠᠭᠤᠯᠢ ᠶᠢᠨ ᠰᠤᠷᠭᠠᠨ | ᠭᠦᠮᠦᠵᠢᠯ ᠤᠨ ᠶᠠᠰᠤ ᠴᠢᠨᠠᠷ ᠤᠨ ᠦᠨᠡᠯᠡᠯᠳᠡ ᠶᠢᠨ ᠰᠢᠰᠲ᠋ᠧᠮᠵᠢ ᠳᠤ ᠤᠷᠤᠭᠤᠯᠤᠨ᠂ ᠲᠤᠨᠨᠳᠠᠮᠠᠯ | ᠬᠤᠭᠤᠴᠠᠭ᠎ᠠ ᠲᠠᠢ ᠪᠠᠷ ᠬᠡᠤᠬᠡᠳ ᠤᠨ ᠰᠤᠷᠭᠠᠭᠤᠯᠢ ᠳᠤ ᠣᠷᠣᠬᠤ ᠪᠡᠯᠡᠳᠬᠡᠯ ᠪᠠ ᠵᠤᠬᠢᠴᠠᠬᠤ ᠪᠠᠶᠢᠳᠠᠯ ᠳᠤ | ᠦᠨᠡᠯᠡᠯᠳᠡ ᠬᠢᠵᠦ᠂ ᠦᠨᠡᠯᠡᠨ ᠵᠢᠱᠢᠭᠰᠡᠨ ᠦᠷ᠎ᠡ ᠳ᠋ᠦᠩ ᠢ ᠦᠨᠳᠦᠰᠦᠯᠡᠨ ᠵᠢᠭᠠᠨ ᠰᠤᠷᠭᠠᠬᠤ ᠠᠷᠭ᠎ᠠ ᠪᠤᠳᠤᠯᠭ᠎ᠠ ᠪᠠ | ᠠᠷᠭ᠎ᠠ ᠬᠡᠮᠵᠢᠶ᠎ᠡ ᠶᠢ ᠴᠠᠭ ᠲᠤᠬᠠᠢ ᠳᠤ ᠨᠢ ᠲᠤᠬᠢᠷᠠᠭᠤᠯᠵᠦ᠂ ᠰᠤᠷᠭᠠᠭᠤᠯᠢ ᠶᠢᠨ ᠦᠪᠡᠷ ᠢ ᠪᠠᠨ ᠤᠨᠤᠰᠢᠯᠠᠬᠤ ᠪᠠ | ᠰᠠᠶᠢᠵᠢᠷᠠᠭᠤᠯᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠳᠡᠢ ᠭᠡᠪᠡ᠃ | ᠲᠣᠰ ᠤᠳᠠᠭᠠᠨ ᠤ ᠨᠢᠯᠬ᠎ᠠ ᠪᠠᠭ᠎ᠠ ᠶᠢ ᠵᠣᠯᠭᠠᠭᠤᠯᠬᠤ ᠬᠢᠨᠠᠨ ᠬᠡᠮᠵᠢᠯᠲᠡ ᠶᠢᠨ ᠲᠠᠶᠢᠯᠤᠮᠵᠢ ᠶᠢᠨ ᠬᠤᠷᠠᠯ | ᠲᠡᠭᠦᠰ ᠠᠮᠵᠢᠯᠲᠠ ᠲᠠᠢ ᠪᠠᠷ ᠶᠠᠪᠤᠭᠳᠠᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠢᠯᠬ᠎ᠠ ᠪᠠᠭ᠎ᠠ ᠶᠢᠨ | ᠲᠣᠳᠣᠷᠬᠠᠶ ᠴᠢᠭᠯᠡᠯ ᠪᠠ ᠭᠤᠤᠯᠳᠠᠯᠭ᠎ᠠ ᠶᠢ ᠲᠣᠳᠣᠷᠬᠠᠶᠢᠯᠠᠪᠠ᠃ ᠪᠢᠳᠡ ᠪᠦᠬᠦ ᠰᠤᠷᠭᠠᠨ ᠬᠥᠮᠦᠵᠢᠯ ᠤᠨ ᠠᠵᠢᠯᠲᠠᠳ | ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠠᠮᠲᠤ ᠪᠠᠷ ᠡᠷᠡᠯᠬᠡᠭᠯᠡᠨ ᠤᠷᠤᠭᠰᠢᠯᠠᠵᠤ᠂ ᠰᠤᠷᠭᠠᠭᠤᠯᠢ ᠶᠢᠨ | ᠡᠯ᠎ᠡ ᠰᠠᠯᠠᠭ᠎ᠠ ᠮᠥᠴᠢᠷ ᠤᠨ ᠬᠠᠮᠲᠤᠷᠠᠯᠴᠠᠭᠠᠨ ᠤ ᠳᠤᠮᠳᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ | ᠨᠢᠯᠬ᠎ᠠ ᠪᠠᠭ᠎ᠠ ᠶᠢ ᠵᠣᠯᠭᠠᠭᠤᠯᠬᠤ ᠠᠵᠢᠯ ᠨᠢ ᠯᠠᠪᠲᠠᠢ ᠰᠢᠨ᠎ᠡ ᠦᠨᠳᠦᠷᠴᠡ ᠳᠤ ᠬᠦᠷᠴᠦ᠂ ᠬᠡᠤᠬᠡᠳ ᠤᠨ ᠦᠰᠦᠨ | ᠪᠤᠶᠢᠵᠢᠯᠲᠠ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠬᠦ ᠬᠡᠷᠡᠭᠲᠡᠢ᠃ | |