ᠪᠠᠶ᠋ᠬᠠᠤᠪᠤᠭ᠎ᠠ ᠰᠤᠮᠤ ᠨᠢ ᠳᠠᠷᠬᠠᠨ ᠮᠤᠤᠮᠢᠩᠭᠠᠨ ᠬᠤᠰᠢᠭᠤᠨ ᠤ ᠬᠤᠶᠢᠲᠤ ᠬᠡᠰᠡᠭ ᠲᠤ ᠪᠠᠶᠢᠷᠢᠯᠠᠵᠤ᠂ | ᠬᠤᠰᠢᠭᠤᠨ ᠤ ᠵᠠᠰᠠᠭ ᠤᠨ ᠣᠷᠳᠣᠨ ᠤ ᠪᠠᠶᠢᠭ᠎ᠠ ᠭᠠᠵᠠᠷ ᠤᠨ ᠪᠠᠲᠤᠬᠠᠭᠠᠯᠭ᠎ᠠ ᠪᠠᠯᠭᠠᠰᠤ ᠠᠴᠠ 35 ᠺᠢᠯᠤᠮᠧᠲᠷ | ᠵᠠᠶᠢᠲᠠᠢ᠂ ᠪᠦᠬᠦ ᠰᠤᠮᠤ ᠶᠢᠨ ᠶᠡᠷᠦᠩᠬᠡᠢ ᠲᠠᠯᠠᠪᠠᠢ 2331 ᠲᠡᠭᠰᠢ ᠳᠥᠷᠪᠡᠯᠵᠢᠨ ᠺᠢᠯᠤᠮᠧᠲᠷ᠂ ᠳᠣᠣᠷ᠎ᠠ | ᠬᠠᠷᠢᠶᠠᠨ ᠳᠤ 7 ᠭᠠᠴᠠᠭ᠎ᠠ᠂ ᠡᠷᠦᠬᠡ ᠠᠮᠠ ᠶᠢᠨ ᠬᠠᠷᠢᠶ᠎ᠠ ᠶᠢᠨ ᠬᠥᠮᠦᠨ ᠠᠮᠠ 1720 ᠡᠷᠦᠬᠡ᠂ 3839 ᠬᠥᠮᠦᠨ | ᠠᠮᠠ ᠲᠠᠢ᠃ ᠰᠢᠨ᠎ᠡ ᠴᠠᠭ ᠦᠶ᠎ᠡ ᠶᠢᠨ ︽ᠹᠧᠩ ᠴᠢᠶᠣᠣ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠬᠦ ᠶᠢᠨ | ᠲᠦᠯᠦᠭᠡ᠂ ᠰᠤᠮᠤ ᠶᠢᠨ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠲᠥᠪ ᠤᠨ ᠭᠤᠣᠯᠯᠠᠬᠤ | ᠦᠢᠯᠡᠳᠦᠯ ᠢ ᠪᠠᠳᠠᠷᠠᠭᠤᠯᠵᠤ᠂ ᠮᠠᠯᠴᠢᠳ ᠤᠨ ᠵᠥᠷᠢᠴᠡᠯ ᠢ ᠰᠢᠢᠳᠪᠦᠷᠢᠯᠡᠬᠦ ᠶᠢᠨ ᠲᠥᠯᠥᠭᠡ᠂ ᠰᠤᠮᠤ ᠨᠠᠮ ᠤᠨ | ᠬᠤᠷᠢᠶ᠎ᠠ ᠵᠠᠰᠠᠭ ᠤᠨ ᠣᠷᠳᠣᠨ ᠨᠢ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠮᠣᠷᠢᠨ ᠨᠢᠷᠤᠭᠤᠨ | ᠳᠡᠭᠡᠷᠡᠬᠢ ︽ᠵᠦᠷᠢᠴᠡᠯ ᠢ ᠡᠶᠡᠳᠡᠭᠦᠯᠬᠦ ᠠᠩᠭᠢ︾ ᠶᠢ ᠵᠣᠬᠢᠶᠠᠨ ᠪᠠᠶᠢᠭᠤᠯᠵᠤ᠂ ᠠᠵᠢᠯ ᠤᠨ ᠬᠦᠴᠦᠨ ᠢᠶᠠᠨ | ᠮᠠᠯᠴᠢᠳ ᠤᠨ ᠢᠰᠡᠭᠡᠢ ᠭᠡᠷ ᠲᠤ ᠬᠦᠷᠲᠡᠯ᠎ᠡ ᠥᠷᠭᠡᠳᠬᠡᠵᠦ᠂ ᠦᠨᠳᠦᠰᠦᠨ ᠱᠠᠲᠤᠨ ᠤ ᠵᠥᠷᠢᠴᠡᠯ ᠵᠢᠭᠤᠷᠠᠯᠳᠤᠭᠠᠨ ᠢ | ᠡᠶᠡᠳᠡᠭᠦᠯᠦᠨ ᠰᠢᠢᠳᠪᠦᠷᠢᠯᠡᠬᠦ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠦᠨ᠂ ᠡᠯ᠎ᠡ ᠲᠥᠷᠥᠯ ᠤᠨ ᠵᠥᠷᠢᠴᠡᠯ | ᠵᠢᠭᠤᠷᠠᠯᠳᠤᠭᠠᠨ ᠢ ᠬᠠᠤᠯᠢ ᠲᠣᠭᠲᠠᠭᠠᠯ ᠶᠣᠰᠣᠭᠠᠷ ᠲᠥᠪ ᠭᠤᠣᠯᠴᠢ ᠪᠠᠷ ᠰᠢᠢᠳᠪᠦᠷᠢᠯᠡᠵᠦ᠂ ᠮᠠᠯᠵᠢᠬᠤ ᠣᠷᠣᠨ ᠤ | ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ᠃ | ᠨᠢᠭᠡ᠂ ︽ᠴᠡᠷᠢᠭ ᠰᠣᠷᠢᠵᠤ ᠮᠣᠷᠢ ᠰᠣᠶᠢᠨ︾ ᠨᠢᠭᠡᠨ ᠰᠠᠯᠠᠭ᠎ᠠ | ᠲᠤᠰᠬᠠᠢ ᠡᠶᠡᠳᠡᠭᠦᠯᠬᠦ ᠡᠩᠨᠡᠭᠡ ᠶᠢ ᠬᠦᠮᠦᠵᠢᠭᠦᠯᠬᠦ | ᠲᠤᠰ ᠭᠠᠵᠠᠷ ᠣᠷᠣᠨ ᠤ ᠭᠠᠵᠠᠷ ᠠᠭᠤᠳᠠᠮ ᠬᠦᠮᠦᠨ ᠴᠦᠬᠡᠨ ᠪᠠᠶᠢᠬᠤ ᠪᠣᠳᠠᠲᠤ ᠪᠠᠶᠢᠳᠠᠯ ᠳᠤ ᠰᠠᠭᠤᠷᠢᠯᠠᠵᠤ | ᠂ ᠨᠢᠭᠡ ᠪᠦᠯᠦᠭ ᠰᠢᠯᠢᠳᠡᠭ ᠡᠶᠡᠳᠡᠭᠦᠯᠦᠭᠴᠢ ᠶᠢ ᠬᠠᠨᠳᠤᠯᠭᠠᠲᠤ ᠴᠢᠨᠠᠷᠲᠠᠶ ᠪᠠᠷ ᠬᠥᠮᠦᠵᠢᠭᠦᠯᠵᠦ᠂ ᠨᠢᠭᠡᠨ ᠰᠠᠯᠠᠭ᠎ᠠ | ᠡᠶᠡᠳᠡᠭᠦᠯᠬᠦ ᠡᠩᠨᠡᠭᠡ ᠶᠢ ᠰᠠᠶᠢᠲᠤᠷ ᠪᠠᠶᠢᠭᠤᠯᠬᠤ ᠬᠡᠷᠡᠭᠲᠡᠶ᠃ ᠵᠥᠷᠢᠴᠡᠯ ᠵᠢᠭᠤᠷᠠᠯᠳᠤᠭᠠᠨ ᠢ ᠲᠠᠯ᠎ᠠ ᠨᠤᠲᠤᠭ ᠲᠤ ᠨᠢ | ᠡᠶᠡᠳᠡᠭᠦᠯᠬᠦ ᠪᠠᠷ ᠴᠢᠷᠮᠠᠶᠢᠵᠤ᠂ ᠴᠤᠬᠤᠶᠢᠵᠤ ᠪᠠᠶᠢᠭ᠎ᠠ ᠦᠶ᠎ᠡ ᠳᠤ ᠨᠢ ᠠᠷᠢᠯᠭᠠᠬᠤ ᠬᠡᠷᠡᠭᠲᠡᠶ᠃ ᠮᠠᠯᠴᠢᠳ ᠤᠨ | ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠰᠢᠨ᠎ᠡ ᠬᠡᠷᠡᠭᠴᠡᠭᠡ ᠳᠤ ᠬᠠᠷᠢᠭᠤᠯᠲᠠ ᠥᠭᠬᠦ ᠶᠢᠨ | ᠲᠥᠯᠥᠭᠡ᠂ ᠬᠠᠤᠯᠢ ᠴᠠᠭᠠᠵᠠ᠂ ᠲᠣᠮᠢᠯᠠᠭᠰᠠᠨ ᠰᠠᠯᠪᠤᠷᠢ᠂ ᠰᠢᠭᠦᠬᠦ ᠲᠢᠩᠬᠢᠮ᠂ ᠬᠠᠤᠯᠢ ᠬᠡᠷᠡᠭᠵᠢᠭᠦᠯᠬᠦ ᠠᠩᠭᠢ ᠵᠡᠷᠭᠡ | ᠬᠦᠴᠦᠨ ᠢ ᠨᠢᠭᠡᠲᠦᠭᠦᠯᠵᠦ᠂ ᠠᠵᠢᠯ ᠤᠨ ᠲᠤᠰᠬᠠᠶ ᠠᠩᠭᠢ ᠶᠢ ᠵᠣᠬᠢᠶᠠᠨ ᠪᠠᠶᠢᠭᠤᠯᠵᠤ᠂ ᠮᠤᠷᠢᠨ ᠨᠢᠷᠤᠭᠤᠨ ᠳᠡᠭᠡᠷᠡᠬᠢ | ︽ᠵᠦᠷᠢᠴᠡᠯ ᠢ ᠡᠶᠡᠳᠡᠭᠦᠯᠬᠦ ᠠᠩᠭᠢ︾ ᠶᠢ ᠪᠠᠶᠢᠭᠤᠯᠬᠤ ᠶᠢᠨ ᠬᠠᠮᠲᠤ ᠠᠬᠠᠮᠠᠳ ᠨᠠᠮ ᠤᠨ ᠭᠡᠰᠢᠭᠦᠨ᠂ ᠬᠤᠶᠠᠷ | ᠲᠥᠯᠥᠭᠡᠯᠡᠭᠴᠢ ᠨᠢᠭᠡ ᠭᠡᠰᠢᠭᠦᠨ᠂ ᠮᠠᠯᠴᠢᠨ ᠤ ᠲᠣᠮᠣ ᠡᠷᠦᠬᠡ᠂ ᠨᠤᠲᠤᠭ ᠤᠨ ᠴᠢᠳᠠᠪᠤᠷᠢᠲᠠᠨ ᠢ ᠨᠢᠭᠡᠲᠦᠭᠦᠯᠵᠦ᠂ | ᠡᠶᠡᠳᠡᠭᠦᠯᠦᠭᠴᠢ ᠶᠢᠨ ᠡᠩᠨᠡᠭᠡ ᠶᠢ ᠪᠤᠵᠠᠭᠠᠶᠢᠷᠠᠭᠤᠯᠤᠨ᠎ᠠ᠃ ᠬᠠᠮᠲᠤ ᠳᠤ ᠨᠢ᠂ ᠤᠷᠮᠠᠰᠢᠭᠤᠯᠤᠯ ᠢ ᠴᠢᠩᠭᠠᠳᠬᠠᠵᠤ᠂ | ᠮᠣᠩᠭᠤᠯ ᠬᠢᠲᠠᠳ ᠬᠤᠤᠰ ᠬᠡᠯᠡ ᠳᠤ ᠴᠠᠭᠠᠷᠠᠭᠰᠠᠨ᠂ ᠣᠯᠠᠨ ᠲᠦᠮᠡᠨ ᠤ ᠰᠠᠭᠤᠷᠢ ᠲᠠᠢ᠂ ᠠᠷᠠᠳ ᠤᠨ ᠵᠠᠩ | ᠳᠠᠳᠬᠠᠯ ᠳᠤ ᠨᠡᠪᠲᠡᠷᠡᠭᠰᠡᠨ᠂ ᠬᠠᠤᠯᠢ ᠴᠠᠭᠠᠵᠠ ᠬᠠᠤᠯᠢ ᠲᠣᠭᠲᠠᠭᠠᠯ ᠢ ᠰᠠᠶᠢᠨ ᠮᠡᠳᠡᠬᠦ ᠮᠠᠯᠴᠢᠨ ᠢ ᠵᠣᠷᠢᠭᠵᠢᠭᠤᠯᠤᠨ | ᠬᠥᠲᠥᠯᠥᠨ ᠵᠢᠯᠣᠭᠤᠳᠴᠤ ᠪᠠᠶᠢᠭᠠᠳ ᠡᠶᠡᠳᠡᠭᠦᠯᠦᠭᠴᠢ ᠶᠢᠨ ᠲᠤᠰᠢᠶᠠᠯ ᠢ ᠡᠭᠦᠷᠭᠡᠯᠡᠭᠦᠯᠵᠦ᠂ ᠮᠠᠯᠵᠢᠬᠤ ᠣᠷᠣᠨ ᠳᠤ | ᠭᠦᠨᠵᠡᠭᠡᠶᠢᠷᠡᠨ ᠡᠶᠡᠳᠡᠭᠦᠯᠵᠦ᠂ ᠰᠢᠯᠢᠳᠡᠭ ᠡᠶᠡᠳᠡᠭᠦᠯᠦᠭᠴᠢ ᠶᠢ ᠰᠢᠯᠭᠠᠷᠠᠭᠤᠯᠵᠤ ᠵᠣᠬᠢᠬᠤ ᠱᠠᠩᠨᠠᠯ ᠣᠯᠭᠤᠵᠤ᠂ | ᠠᠵᠢᠯ ᠤᠨ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠢ ᠳᠠᠶᠢᠴᠢᠯᠠᠨ᠂ ᠪᠠᠶᠢᠳᠠᠯ ᠳᠤ ᠨᠢ ᠲᠣᠬᠢᠷᠠᠭᠤᠯᠤᠨ ᠬᠥᠲᠥᠯᠥᠨ | ᠵᠢᠯᠣᠭᠤᠳᠴᠤ ᠪᠠᠶᠢᠭᠠᠳ ᠭᠡᠰᠢᠭᠦᠳ ᠤᠨ ᠬᠡᠪ ᠴᠢᠨᠠᠷ ᠢ ᠳᠡᠭᠡᠭᠰᠢᠯᠡᠭᠦᠯᠦᠨ᠎ᠡ᠃ ᠴᠠᠭ ᠦᠶ᠎ᠡ ᠲᠠᠢ ᠵᠡᠷᠭᠡᠪᠡᠷ | ᠤᠷᠤᠭᠰᠢᠯᠠᠨ ᠵᠣᠬᠢᠶᠠᠨ ᠪᠠᠶᠢᠭᠤᠯᠤᠯᠲᠠ ᠶᠢᠨ ᠪᠣᠯᠪᠠᠰᠤᠷᠠᠯ ᠢ ᠰᠠᠶᠢᠲᠤᠷ ᠠᠳᠬᠤᠵᠤ᠂ ︽ᠰᠦᠯᠵᠢᠶᠡᠨ ᠳᠣᠣᠷᠠᠬᠢ + | ᠰᠦᠯᠵᠢᠶᠡᠨ ᠳᠡᠭᠡᠷᠡᠬᠢ︾ ᠲᠥᠪᠯᠡᠷᠡᠭᠦᠯᠦᠨ ᠪᠣᠯᠪᠠᠰᠤᠷᠠᠭᠤᠯᠬᠤ ᠵᠠᠭᠪᠤᠷ ᠢᠶᠠᠷ ᠳᠠᠮᠵᠢᠭᠤᠯᠤᠨ᠂ ᠨᠠᠮ ᠤᠨ | ᠲᠠᠷᠢᠶᠠᠴᠢᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠵᠣᠬᠢᠶᠠᠨ | ᠪᠠᠶᠢᠭᠤᠯᠤᠨ ᠰᠤᠷᠤᠯᠴᠠᠵᠤ᠂ ᠨᠡᠶᠢᠲᠡᠯᠢᠭ ᠵᠢᠱᠢᠶ᠎ᠡ ᠪᠣᠯᠬᠤ ᠡᠶᠡᠳᠡᠭᠦᠯᠬᠦ ᠠᠷᠭ᠎ᠠ ᠶᠢ ᠰᠤᠳᠤᠯᠤᠨ ᠰᠤᠷᠤᠯᠴᠠᠵᠤ᠂ ︽ | ᠵᠦᠷᠢᠴᠡᠯ ᠢ ᠡᠶᠡᠳᠡᠭᠦᠯᠬᠦ ᠠᠩᠭᠢ︾ ᠶᠢᠨ ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠬᠠᠤᠯᠢ ᠴᠠᠭᠠᠵᠠ ᠶᠢᠨ ᠬᠡᠪ | ᠪᠣᠯᠪᠠᠰᠤᠷᠠᠯ ᠢ ᠬᠦᠴᠦᠲᠡᠶ ᠳᠡᠭᠡᠭᠰᠢᠯᠡᠭᠦᠯᠦᠨ᠎ᠡ᠃ | ᠬᠤᠶᠠᠷ᠂ ︽ᠮᠣᠷᠢᠨ ᠭᠦᠶᠦᠳᠡᠯ ᠢᠶᠠᠷ︾ ᠨᠢᠭᠡ ᠢᠵᠢ ᠠᠵᠢᠯ ᠤᠨ ᠲᠣᠭᠲᠠᠴᠠ ᠶᠢ ᠪᠠᠶᠢᠭᠤᠯᠬᠤ | ᠰᠤᠮᠤᠨ ᠤ ᠶᠡᠷᠦᠩᠬᠡᠢᠯᠡᠨ ᠵᠠᠰᠠᠬᠤ ᠲᠥᠪ ᠨᠢ ᠲᠠᠯ᠎ᠠ ᠨᠤᠲᠤᠭ ᠤᠨ ᠵᠥᠷᠢᠴᠡᠯ ᠤᠨ ᠪᠠᠶᠢᠳᠠᠯ ᠢ ᠣᠶᠢᠯᠠᠭᠠᠨ | ᠰᠢᠢᠳᠪᠦᠷᠢᠯᠡᠬᠦ ᠲᠣᠭᠲᠠᠴᠠ ᠶᠢ ᠲᠠᠰᠤᠷᠠᠯᠲᠠ ᠦᠭᠡᠢ ᠪᠠᠢᠭᠤᠯᠤᠨ ᠲᠡᠭᠦᠯᠳᠡᠷᠵᠢᠭᠦᠯᠵᠦ᠂ ᠠᠵᠢᠯ ᠤᠨ ᠳᠦᠷᠢᠮ | ᠲᠣᠭᠲᠠᠭᠠᠨ᠂ ᠵᠢᠭᠤᠷᠠᠯᠳᠤᠭᠠᠨ ᠢ ᠰᠢᠢᠳᠪᠦᠷᠢᠯᠡᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠪᠠ᠃ ︽ᠨᠢᠭᠡ ᠭᠠᠷᠠᠭ ᠲᠤ | ᠨᠢᠭᠡ ᠪᠠᠶᠢᠴᠠᠭᠠᠬᠤ︾ ᠳᠦᠷᠢᠮ ᠢ ᠬᠡᠷᠡᠭᠵᠢᠭᠦᠯᠦᠨ᠎ᠡ᠃ ᠭᠠᠴᠠᠭᠠᠨ ᠤ ︽ᠬᠤᠶᠠᠷ ᠵᠥᠪᠯᠡᠯ︾ ᠤᠨ ᠪᠠᠭ ᠤᠨ ᠭᠡᠰᠢᠭᠦᠨ | ᠂ ᠲᠤᠤᠷᠵᠢᠯ ᠤᠨ ᠠᠵᠢᠯᠲᠠᠨ ᠪᠠ ᠡᠯ᠎ᠡ ᠨᠠᠮ ᠤᠨ ᠳᠤᠭᠤᠶᠢᠯᠠᠩ ᠤᠨ ᠳᠠᠷᠤᠭ᠎ᠠ ᠶᠢ ︽ᠵᠦᠷᠢᠴᠡᠯ ᠢ ᠡᠶᠡᠳᠡᠭᠦᠯᠬᠦ ᠠᠩᠭᠢ | ︾ ᠳᠤ ᠨᠡᠮᠡᠵᠦ ᠣᠷᠣᠭᠤᠯᠠᠨ᠂ ᠮᠠᠯᠵᠢᠬᠤ ᠣᠷᠣᠨ ᠢ ᠬᠡᠰᠡᠭ ᠬᠤᠪᠢᠶᠠᠨ ᠳᠠᠭᠠᠭᠠᠴᠢᠯᠠᠨ ᠠᠳᠬᠤᠵᠤ᠂ ᠡᠳᠦᠷ ᠪᠦᠷᠢ | ᠬᠠᠷᠢᠶᠠᠲᠤ ᠣᠷᠣᠨ ᠤ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠬᠤ ᠪᠠ ᠴᠤᠭᠯᠠᠭᠤᠯᠵᠤ᠂ ᠡᠷᠲᠡ | ᠢᠯᠡᠷᠡᠭᠦᠯᠵᠦ᠂ ᠮᠡᠳᠡᠭᠦᠯᠵᠦ᠂ ᠰᠢᠢᠳᠪᠦᠷᠢᠯᠡᠬᠦ ᠶᠢ ᠪᠡᠶᠡᠯᠡᠭᠦᠯᠪᠡ᠃ ︽ᠨᠢᠭᠡ ᠬᠡᠷᠡᠭ ᠢ ᠨᠢᠭᠡ ᠰᠢᠢᠳᠪᠦᠷᠢᠯᠡᠵᠦ | ᠳᠠᠭᠤᠰᠬᠠᠬᠤ︾ ᠳᠦᠷᠢᠮ ᠢ ᠬᠡᠷᠡᠭᠵᠢᠭᠦᠯᠦᠨ᠎ᠡ᠃ ᠵᠥᠷᠢᠴᠡᠯ ᠵᠢᠭᠤᠷᠠᠯᠳᠤᠭᠠᠨ ᠢ ᠬᠤᠷᠢᠶᠠᠩᠭᠤᠶᠢᠯᠠᠨ ᠲᠥᠷᠥᠯ | ᠬᠤᠪᠢᠶᠠᠵᠤ᠂ ᠤᠴᠢᠷ ᠰᠢᠯᠲᠠᠭᠠᠨ᠂ ᠬᠤᠯᠪᠣᠭᠳᠠᠭᠰᠠᠨ ᠬᠥᠮᠦᠨ ᠤ ᠲᠤᠭ᠎ᠠ᠂ ᠭᠤᠤᠯᠳᠠᠯᠭ᠎ᠠ ᠲᠠᠢ ᠬᠥᠮᠦᠰ᠂ | ᠬᠡᠷᠡᠭ ᠤᠨ ᠪᠠᠶᠢᠳᠠᠯ ᠤᠨ ᠬᠥᠭᠵᠢᠯᠲᠡ ᠶᠢ ᠲᠥᠰᠦᠭᠡᠯᠡᠭᠰᠡᠨ ᠵᠡᠷᠭᠡ ᠪᠠᠷ ᠳᠡᠩᠰᠡᠯᠡᠨ ᠳᠠᠩᠰᠠ ᠡᠪᠬᠡᠮᠡᠯ ᠪᠠᠶᠢᠭᠤᠯᠤᠨ᠎ᠠ᠃ | ᠨᠡᠯᠢᠶᠡᠳ ᠪᠤᠳᠤᠯᠢᠶᠠᠨᠲᠠᠶ ᠪᠤᠶᠤ ᠨᠡᠶᠢᠭᠡᠮ ᠤᠨ ᠲᠣᠭᠲᠠᠭᠤᠨ ᠪᠠᠶᠢᠳᠠᠯ ᠢ ᠨᠥᠯᠥᠭᠡᠯᠡᠵᠦ ᠮᠡᠳᠡᠬᠦ ᠮᠥᠷᠲᠡᠭᠡᠨ ᠲᠦᠷ | ᠴᠠᠭ ᠡᠶᠡᠳᠡᠭᠦᠯᠦᠨ ᠰᠢᠢᠳᠪᠦᠷᠢᠯᠡᠬᠦ ᠶᠢᠨ ᠠᠷᠭ᠎ᠠ ᠥᠬᠡᠶ ᠵᠥᠷᠢᠴᠡᠯ ᠢ ᠰᠤᠮᠤ ᠶᠢᠨ ᠶᠡᠷᠦᠩᠬᠡᠶᠢᠯᠡᠨ ᠵᠠᠰᠠᠬᠤ ᠲᠥᠪ | ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ ᠵᠠᠳᠠᠯᠤᠯᠲᠠ ᠬᠢᠵᠦ᠂ ᠰᠢᠢᠳᠪᠦᠷᠢᠯᠡᠬᠦ ᠠᠷᠭ᠎ᠠ ᠪᠣᠳᠣᠯᠭ᠎ᠠ ᠶᠢ | ᠳᠤᠷᠠᠳᠤᠨ ᠭᠠᠷᠭᠠᠵᠤ᠂ ᠬᠡᠷᠡᠭ ᠢ ᠳᠠᠭᠠᠭᠠᠴᠢᠯᠠᠨ ᠰᠢᠢᠳᠪᠦᠷᠢᠯᠡᠬᠦ ᠬᠡᠷᠡᠭᠲᠡᠢ᠃ ᠡᠶᠡᠳᠡᠭᠦᠯᠦᠭᠡᠳ ᠬᠡᠯᠡᠯᠴᠡᠭᠡᠷ | ᠲᠣᠭᠲᠠᠬᠤ ᠬᠡᠮᠵᠢᠶᠡᠨ ᠳᠤ ᠬᠦᠷᠪᠡᠯ ᠬᠠᠤᠯᠢ ᠴᠠᠭᠠᠵᠠ ᠶᠢᠨ ᠭᠠᠵᠠᠷ ᠠᠴᠠ ᠡᠶᠡᠳᠡᠭᠦᠯᠭᠡ ᠶᠢᠨ ᠬᠡᠯᠡᠯᠴᠡᠭᠡᠷ ᠤᠨ ᠪᠢᠴᠢᠭ | ᠭᠠᠷᠭᠠᠵᠤ᠂ ᠬᠠᠮᠢᠶ᠎ᠠ ᠪᠦᠬᠦᠢ ᠮᠠᠲ᠋ᠧᠷᠢᠶᠠᠯ ᠢ ᠴᠤᠭᠯᠠᠭᠤᠯᠤᠨ ᠡᠮᠬᠢᠳᠬᠡᠵᠦ᠂ ᠲᠠᠩᠰᠠ ᠡᠪᠬᠡᠮᠡᠯ ᠳᠤ ᠣᠷᠣᠭᠤᠯᠤᠨ | ᠳᠠᠩᠰᠠᠯᠠᠭᠤᠯᠤᠨ᠎ᠠ᠃ ︽ᠨᠢᠭᠡ ᠰᠠᠷ᠎ᠠ ᠳᠤ ᠨᠢᠭᠡ ᠲᠣᠭᠲᠠᠮᠠᠯ ᠬᠤᠷᠠᠯ︾ ᠤᠨ ᠳᠦᠷᠢᠮ ᠢ ᠬᠡᠷᠡᠭᠵᠢᠭᠦᠯᠦᠨ᠎ᠡ᠃ | ᠰᠤᠮᠤᠨ ᠤ ᠶᠡᠷᠦᠩᠬᠡᠢᠯᠡᠨ ᠵᠠᠰᠠᠬᠤ ᠲᠥᠪ ᠨᠢ ᠰᠠᠷ᠎ᠠ ᠪᠦᠷᠢ ᠠᠵᠢᠯ ᠤᠨ ᠲᠣᠭᠲᠠᠮᠠᠯ ᠬᠤᠷᠠᠯ ᠬᠤᠷᠠᠯᠳᠤᠭᠤᠯᠵᠤ᠂ ︽ | ᠵᠦᠷᠢᠴᠡᠯ ᠢ ᠡᠶᠡᠳᠡᠭᠦᠯᠬᠦ ᠠᠩᠭᠢ︾ ᠶᠢᠨ ᠠᠵᠢᠯ ᠤᠨ ᠬᠦᠴᠢᠷ ᠠᠰᠠᠭᠤᠳᠠᠯ ᠢ ᠵᠠᠳᠠᠯᠵᠤ᠂ ᠶᠠᠪᠤᠵᠤ ᠰᠠᠭᠤᠬᠤ ᠲᠡᠷᠭᠡ | ᠬᠥᠰᠬᠡ ᠵᠡᠷᠭᠡ ᠠᠰᠠᠭᠤᠳᠠᠯ ᠢ ᠰᠢᠢᠳᠪᠦᠷᠢᠯᠡᠨ᠂ ᠭᠡᠰᠢᠭᠦᠳ ᠤᠨ ᠬᠤᠶᠢᠰᠢᠳᠠ ᠶᠢᠨ ᠵᠣᠪᠠᠨᠢᠯ ᠢ ᠰᠢᠢᠳᠪᠦᠷᠢᠯᠡᠨ᠎ᠡ᠃ | ᠡᠶᠡᠳᠡᠭᠦᠯᠬᠦ ᠳᠤᠮᠳᠠᠬᠢ ᠬᠦᠴᠢᠷ ᠠᠰᠠᠭᠤᠳᠠᠯ ᠳᠤ ᠰᠤᠮᠤᠨ ᠤ ᠶᠡᠷᠦᠩᠬᠡᠶᠢᠯᠡᠨ ᠵᠠᠰᠠᠬᠤ ᠲᠥᠪ ᠤᠨ ᠵᠣᠬᠢᠶᠠᠨ | ᠪᠠᠢᠭᠤᠯᠤᠭᠰᠠᠨ ᠲᠣᠮᠢᠯᠠᠭᠰᠠᠨ ᠰᠠᠯᠪᠤᠷᠢ᠂ ᠬᠠᠤᠯᠢ ᠴᠠᠭᠠᠵᠠ ᠶᠢᠨ ᠭᠠᠵᠠᠷ ᠵᠡᠷᠭᠡ ᠬᠤᠯᠪᠣᠭᠳᠠᠯ ᠪᠦᠬᠦᠢ ᠥᠷᠲᠡᠭᠡ | ᠭᠠᠵᠠᠷ ᠲᠤ ᠬᠠᠪᠰᠤᠷᠤᠯᠭ᠎ᠠ ᠦᠵᠡᠭᠦᠯᠵᠦ᠂ ᠲᠥᠪᠯᠡᠷᠡᠭᠦᠯᠦᠨ ᠪᠣᠭᠤᠮᠲᠠ ᠰᠢᠪᠲᠤᠯᠵᠤ᠂ ᠪᠦᠬᠦ ᠬᠦᠴᠦᠨ ᠢᠶᠠᠷ ᠢᠶᠠᠨ | ᠰᠢᠢᠳᠪᠦᠷᠢᠯᠡᠨ᠎ᠡ᠃ ︽ᠠᠷᠠᠳᠡᠴᠠ ᠡᠷᠡᠭᠦᠦ︾᠂ ︽ᠡᠷᠡᠭᠦᠦ ᠠᠴᠠ ᠠᠮᠢ︾ ᠶᠢᠨ ᠬᠡᠷᠡᠭ ᠭᠠᠷᠴᠤ ᠮᠡᠳᠡᠬᠦ ᠬᠡᠷᠡᠭ ᠢ | ᠤᠷᠢᠳᠴᠢᠯᠠᠨ ᠰᠡᠷᠡᠮᠵᠢᠯᠡᠭᠦᠯᠦᠨ ᠬᠠᠮᠢᠶᠠᠷᠤᠨ ᠡᠵᠡᠮᠳᠡᠵᠦ᠂ ᠬᠦᠨᠳᠦ ᠣᠨᠴᠠ ᠶᠡᠭᠡ ᠪᠠ ᠬᠡᠲᠦᠷᠡᠮᠡᠬᠡᠢ ᠬᠡᠷᠡᠭ | ᠡᠭᠦᠰᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ︽ᠵᠦᠷᠢᠴᠡᠯ ᠢ ᠡᠶᠡᠳᠡᠭᠦᠯᠬᠦ ᠠᠩᠭᠢ︾ ᠶᠢ ᠪᠠᠶᠢᠭᠤᠯᠤᠭᠰᠠᠨ ᠠᠴᠠ | ᠨᠠᠭᠠᠰᠢ᠂ ᠲᠥᠪᠯᠡᠷᠡᠭᠦᠯᠦᠨ ᠵᠥᠪᠳᠡᠯᠴᠡᠵᠦ ᠰᠤᠳᠤᠯᠤᠨ ᠮᠠᠭᠠᠳᠯᠠᠭᠰᠠᠨ ᠪᠠ ᠪᠤᠳᠤᠯᠢᠶᠠᠨᠲᠠᠶ ᠵᠥᠷᠢᠴᠡᠯ | ᠵᠢᠭᠤᠷᠠᠯᠳᠤᠭᠠᠨ ᠢ 18 ᠬᠤᠪᠢ ᠰᠢᠢᠳᠪᠦᠷᠢᠯᠡᠵᠦ᠂ ᠬᠦᠴᠦ ᠪᠠᠨ ᠬᠠᠮᠲᠤᠳᠬᠠᠨ ᠪᠣᠭᠤᠮᠲᠠ ᠶᠢ ᠰᠢᠪᠲᠤᠯᠤᠭᠰᠠᠨ 12 | ᠬᠤᠪᠢ᠂ ᠬᠠᠤᠯᠢ ᠴᠠᠭᠠᠵᠠ ᠶᠢᠨ ᠡᠶᠡᠳᠡᠭᠦᠯᠭᠡ 2 ᠬᠤᠪᠢ ᠪᠠᠶᠢᠨ᠎ᠠ᠃ | ᠭᠤᠷᠪᠠ᠂ ︽ᠬᠤᠷᠳᠤᠨ ᠮᠣᠷᠢᠨ ᠳᠤ ᠲᠠᠰᠢᠭᠤᠷ ᠨᠡᠮᠡᠵᠦ︾ ᠨᠢᠭᠡ ᠬᠡᠰᠡᠭ ᠤᠷᠢᠳᠴᠢᠯᠠᠨ ᠰᠡᠷᠡᠮᠵᠢᠯᠡᠭᠦᠯᠬᠦ | ᠡᠬᠡ ᠲᠠᠩᠰᠠ ᠪᠠᠶᠢᠭᠤᠯᠤᠨ᠎ᠠ | ᠵᠥᠷᠢᠴᠡᠯ ᠵᠢᠭᠤᠷᠠᠯᠳᠤᠭᠠᠨ ᠤ ︽ᠭᠤᠷᠪᠠᠨ ᠥᠩᠭᠡ ᠶᠢᠨ ᠰᠡᠷᠡᠮᠵᠢᠯᠡᠭᠦᠯᠦᠯ︾ ᠤᠨ ᠡᠬᠡ ᠲᠠᠩᠰᠠ ᠶᠢ | ᠪᠠᠶᠢᠭᠤᠯᠵᠤ᠂ ᠤᠯᠠᠭᠠᠨ᠂ ᠰᠢᠷ᠎ᠠ᠂ ᠨᠣᠭᠤᠭᠠᠨ ᠢᠶᠠᠷ ᠲᠠᠰ ᠬᠤᠪᠢᠶᠠᠨ ᠬᠠᠳᠠᠨ᠎ᠠ᠃ ᠣᠯᠠᠨ ᠲᠦᠮᠡᠨᠴᠢ ᠴᠢᠨᠠᠷᠲᠠᠶ | ᠬᠡᠷᠡᠭ ᠡᠭᠦᠰᠭᠡᠵᠦ ᠮᠡᠳᠡᠬᠦ ᠬᠦᠨᠳᠦ ᠶᠡᠭᠡ ᠵᠥᠷᠢᠴᠡᠯ ᠵᠢᠭᠤᠷᠠᠯᠳᠤᠭᠠᠨ ᠳᠤ ᠤᠯᠠᠭᠠᠨ ᠥᠩᠭᠡ ᠶᠢᠨ ᠲᠣᠳᠣᠷᠬᠠᠶᠢᠯᠠᠯᠲᠠ | ᠬᠢᠵᠦ᠂ ᠲᠦᠷ ᠴᠠᠭ ᠡᠶᠡᠳᠡᠭᠦᠯᠦᠨ ᠰᠢᠢᠳᠪᠦᠷᠢᠯᠡᠬᠦ ᠳᠤ ᠬᠦᠴᠢᠷᠲᠡᠶ ᠪᠤᠳᠤᠯᠢᠶᠠᠨᠲᠠᠶ ᠵᠥᠷᠢᠴᠡᠯ ᠵᠢᠭᠤᠷᠠᠯᠳᠤᠭᠠᠨ ᠳᠤ | ᠰᠢᠷ᠎ᠠ ᠥᠩᠭᠡ ᠶᠢᠨ ᠲᠣᠳᠣᠷᠬᠠᠶᠢᠯᠠᠯᠲᠠ ᠬᠢᠵᠦ᠂ ᠡᠩ ᠤᠨ ᠲᠥᠬᠦᠮ ᠵᠥᠷᠢᠴᠡᠯ ᠳᠤ ᠨᠣᠭᠤᠭᠠᠨ ᠲᠣᠳᠣᠷᠬᠠᠶᠢᠯᠠᠯᠲᠠ | ᠬᠢᠵᠦ᠂ ᠰᠠᠭᠤᠷᠢ ᠲᠤᠭ᠎ᠠ ᠨᠢ ᠲᠣᠳᠣᠷᠬᠠᠶ᠂ ᠪᠠᠶᠢᠳᠠᠯ ᠨᠢ ᠲᠣᠳᠣᠷᠬᠠᠶ ᠪᠠᠶᠢᠬᠤ ᠬᠡᠷᠡᠭᠲᠡᠶ᠃ ᠤᠯᠠᠭᠠᠨ ᠥᠩᠭᠡ ᠶᠢᠨ | ᠰᠡᠷᠡᠮᠵᠢᠯᠡᠭᠦᠯᠦᠯ ᠤᠨ ᠵᠥᠷᠢᠴᠡᠯ ᠵᠢᠭᠤᠷᠠᠯᠳᠤᠭᠠᠨ ᠢ ︽ᠵᠦᠷᠢᠴᠡᠯ ᠢ ᠡᠶᠡᠳᠡᠭᠦᠯᠬᠦ ᠠᠩᠭᠢ︾ ᠨᠢ ᠭᠠᠷᠠᠭ ᠪᠦᠷᠢ | ᠠᠬᠢᠴᠠ ᠶᠢᠨ ᠪᠠᠶᠢᠳᠠᠯ ᠢᠶᠠᠨ ᠬᠠᠷᠢᠭᠤ ᠮᠡᠳᠡᠭᠦᠯᠵᠦ᠂ ᠬᠦᠴᠢᠷᠳᠡᠯ ᠢ ᠵᠠᠳᠠᠯᠤᠨ᠂ ᠰᠤᠮᠤᠨ ᠤ ᠶᠡᠷᠦᠩᠬᠡᠶᠢᠯᠡᠨ ᠵᠠᠰᠠᠬᠤ | ᠲᠥᠪ ᠨᠢ ᠰᠠᠷ᠎ᠠ ᠪᠦᠷᠢ ᠨᠢᠭᠡ ᠤᠳᠠᠭ᠎ᠠ ᠠᠵᠢᠯ ᠤᠨ ᠠᠬᠢᠴᠠ ᠶᠢ ᠲᠣᠬᠢᠷᠠᠭᠤᠯᠵᠤ᠂ ᠰᠢᠢᠳᠪᠦᠷᠢᠯᠡᠬᠦ ᠠᠷᠭ᠎ᠠ ᠶᠢ | ᠵᠥᠪᠳᠡᠯᠴᠡᠨ ᠶᠠᠷᠢᠯᠴᠠᠵᠤ᠂ ᠰᠢᠢᠳᠪᠦᠷᠢᠯᠡᠬᠦ ᠴᠠᠭ ᠤᠨ ᠬᠢᠵᠠᠭᠠᠷ ᠢ ᠲᠣᠳᠣᠷᠬᠠᠶᠢᠯᠠᠨ᠂ ᠲᠣᠭᠲᠠᠭᠰᠠᠨ | ᠬᠤᠭᠤᠴᠠᠭᠠᠨ ᠳᠤ ᠰᠢᠢᠳᠪᠦᠷᠢᠯᠡᠬᠦ ᠪᠠᠷ ᠴᠢᠷᠮᠠᠶᠢᠨ᠎ᠠ᠃ ᠰᠢᠷ᠎ᠠ ᠥᠩᠭᠡ ᠶᠢᠨ ᠰᠡᠷᠡᠮᠵᠢᠯᠡᠭᠦᠯᠦᠯ ᠤᠨ ᠵᠥᠷᠢᠴᠡᠯ | ᠵᠢᠭᠤᠷᠠᠯᠳᠤᠭᠠᠨ ᠢ ︽ᠵᠦᠷᠢᠴᠡᠯ ᠢ ᠡᠶᠡᠳᠡᠭᠦᠯᠬᠦ ᠠᠩᠭᠢ︾ ᠳᠣᠷᠣᠭᠰᠢ ᠮᠠᠯᠴᠢᠳ ᠤᠨ ᠬᠡᠷ ᠲᠤ ᠪᠠᠭᠤᠵᠤ ︽ | ᠵᠠᠭᠤᠷᠠᠯᠳᠤᠬᠤ ᠴᠡᠭ︾ ᠢ ᠡᠵᠡᠮᠰᠢᠵᠦ᠂ ᠦᠵᠡᠯ ᠰᠠᠨᠠᠭᠠᠨ ᠤ ᠵᠢᠯᠣᠭᠤᠳᠣᠯᠭ᠎ᠠ ᠪᠠ ᠲᠠᠶᠢᠯᠪᠤᠷᠢᠯᠠᠬᠤ ᠬᠡᠯᠡᠯᠭᠡ ᠶᠢ | ᠥᠷᠨᠢᠭᠦᠯᠵᠦ᠂ ᠡᠶᠡᠳᠡᠭᠦᠯᠭᠡ ᠶᠢᠨ ᠪᠠᠶᠢᠳᠠᠯ ᠢᠶᠠᠨ ᠴᠠᠭ ᠲᠤᠬᠠᠶ ᠳᠤ ᠨᠢ ᠳᠡᠭᠡᠭᠰᠢ ᠮᠡᠳᠡᠭᠦᠯᠵᠦ᠂ ᠰᠤᠮᠤᠨ ᠤ | ᠶᠡᠷᠦᠩᠬᠡᠶᠢᠯᠡᠨ ᠵᠠᠰᠠᠬᠤ ᠲᠥᠪ ᠤᠨ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠪᠠᠨ ᠴᠢᠩᠭᠠᠳᠬᠠᠵᠤ᠂ | ᠲᠦᠢᠯᠪᠤᠷᠢᠲᠠᠶ ᠠᠷᠢᠯᠭᠠᠬᠤ ᠶᠢ ᠠᠬᠢᠭᠤᠯᠤᠨ᠎ᠠ᠃ ᠨᠣᠭᠤᠭᠠᠨ ᠦᠩᠭᠡ ᠶᠢᠨ ᠤᠷᠢᠳᠴᠢᠯᠠᠨ ᠰᠡᠷᠡᠮᠵᠢᠯᠡᠭᠦᠯᠬᠦ ᠵᠥᠷᠢᠴᠡᠯ | ᠵᠢᠭᠤᠷᠠᠯᠳᠤᠭᠠᠨ ᠢ ᠴᠠᠭ ᠲᠤᠬᠠᠶ ᠳᠤ ᠨᠢ ᠰᠤᠷᠪᠤᠯᠵᠢᠯᠠᠵᠤ᠂ ᠳᠠᠬᠢᠨ ᠡᠭᠦᠰᠬᠦ ᠶᠢ ᠰᠡᠷᠭᠡᠶᠢᠯᠡᠨ᠎ᠡ᠃ ᠣᠳᠣᠬᠠᠨ ᠳᠤ᠂ | ᠳᠠᠩᠰᠠᠨ ᠳᠤ ᠪᠠᠶᠢᠭ᠎ᠠ ᠤᠯᠠᠭᠠᠨ ᠥᠩᠭᠡ ᠶᠢᠨ ᠰᠡᠷᠡᠮᠵᠢᠯᠡᠭᠦᠯᠦᠯ 1 ᠬᠤᠪᠢ᠂ ᠰᠢᠷ᠎ᠠ ᠥᠩᠭᠡ ᠶᠢᠨ ᠰᠡᠷᠡᠮᠵᠢᠯᠡᠭᠦᠯᠦᠯ | 4 ᠬᠤᠪᠢ᠂ ᠨᠣᠭᠤᠭᠠᠨ ᠦᠩᠭᠡ ᠶᠢᠨ ᠰᠡᠷᠡᠮᠵᠢᠯᠡᠭᠦᠯᠦᠯ 32 ᠬᠤᠪᠢ ᠪᠠᠶᠢᠵᠤ᠂ 1 ᠬᠤᠪᠢ ᠤᠯᠠᠭᠠᠨ ᠥᠩᠭᠡ ᠶᠢᠨ | ᠰᠡᠷᠡᠮᠵᠢᠯᠡᠭᠦᠯᠬᠦ ᠵᠢᠭᠤᠷᠠᠯᠳᠤᠭᠠᠨ ᠢ ᠶᠠᠭ ᠡᠶᠡᠳᠡᠭᠦᠯᠦᠨ ᠰᠢᠢᠳᠪᠦᠷᠢᠯᠡᠵᠦ ᠪᠠᠶᠢᠬᠤ ᠠᠴᠠ ᠭᠠᠳᠠᠨ᠎ᠠ ᠪᠤᠰᠤᠳ ᠢ ᠨᠢ | ᠴᠥᠮ ᠰᠢᠢᠳᠪᠦᠷᠢᠯᠡᠪᠡ᠃ | ᠮᠣᠷᠢᠨ ᠨᠢᠷᠤᠭᠤᠨ ᠳᠡᠭᠡᠷᠡᠬᠢ ︽ᠵᠦᠷᠢᠴᠡᠯ ᠢ ᠡᠶᠡᠳᠡᠭᠦᠯᠬᠦ ᠠᠩᠭᠢ︾ ᠶᠢᠨ ᠪᠠᠶᠢᠭᠤᠯᠤᠭᠳᠠᠭᠰᠠᠨ ᠨᠢ | ᠮᠠᠯᠴᠢᠳ ᠤᠨ ᠰᠡᠳᠬᠢᠯ ᠤᠨ ᠵᠠᠩᠭᠢᠷᠠᠭ᠎ᠠ ᠶᠢ ᠲᠠᠶᠢᠯᠵᠤ᠂ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ | ᠰᠢᠢᠳᠪᠦᠷᠢᠯᠡᠭᠰᠡᠨ ᠢᠶᠠᠷ ᠪᠠᠷᠠᠬᠤ ᠦᠭᠡᠢ ᠪᠠᠰᠠ ᠮᠠᠯᠴᠢᠳ ᠤᠨ ᠬᠠᠷᠢᠴᠠᠭ᠎ᠠ ᠶᠢ ᠰᠢᠯᠤᠭᠤᠳᠬᠠᠵᠤ᠂ ᠪᠦᠬᠦ ᠰᠤᠮᠤ ᠶᠢᠨ | ᠵᠥᠷᠢᠴᠡᠯ ᠢ ᠡᠶᠡᠳᠡᠭᠦᠯᠬᠦ ︽ᠠᠯᠲᠠᠨ ᠲᠦᠯᠬᠢᠭᠦᠷ︾᠂ ᠨᠡᠶᠢᠭᠡᠮ ᠤᠨ ᠲᠣᠭᠲᠠᠭᠤᠨ ︽ᠳᠠᠷᠤᠯᠲᠠ ᠶᠢ ᠪᠠᠭᠠᠰᠬᠠᠬᠤ | ᠨᠡᠭᠡᠯᠡᠬᠡᠶ︾᠂ ᠺᠠᠳ᠋ᠷ ᠤᠯᠠᠨ ᠲᠦᠮᠡᠨ ᠤ ᠬᠠᠷᠢᠴᠠᠭ᠎ᠠ ᠶᠢᠨ ︽ᠵᠢᠷᠦᠬᠡ ᠶᠢ ᠬᠤᠯᠪᠣᠬᠤ ᠬᠥᠭᠦᠷᠭᠡ︾ ᠪᠣᠯᠤᠭᠰᠠᠨ | ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠰᠤᠮᠤᠨ ᠤ ᠶᠡᠷᠦᠩᠬᠡᠢᠯᠡᠨ ᠵᠠᠰᠠᠬᠤ ᠲᠥᠪ ᠨᠢ ᠰᠢᠨ᠎ᠡ ᠴᠠᠭ ᠦᠶ᠎ᠡ ᠶᠢᠨ | ︽ᠹᠧᠩᠴᠢᠶᠣᠣ ᠶᠢᠨ ᠲᠤᠷᠰᠢᠯᠭ᠎ᠠ︾ ᠶᠢ ᠦᠷᠭᠦᠯᠵᠢᠯᠡᠨ ᠪᠠᠷᠢᠮᠲᠠᠯᠠᠨ ᠬᠥᠭᠵᠢᠭᠦᠯᠵᠦ᠂ ᠮᠣᠷᠢᠨ ᠨᠢᠷᠤᠭᠤᠨ ᠳᠡᠭᠡᠷᠡᠬᠢ | ︽ᠵᠦᠷᠢᠴᠡᠯ ᠢ ᠡᠶᠡᠳᠡᠭᠦᠯᠬᠦ ᠠᠩᠭᠢ︾ ᠶᠢᠨ ᠦᠢᠯᠡᠳᠦᠯ ᠢ ᠪᠠᠳᠠᠷᠠᠭᠤᠯᠤᠨ᠂ ᠵᠥᠷᠢᠴᠡᠯ ᠵᠢᠭᠤᠷᠠᠯᠳᠤᠭᠠᠨ ᠢ ᠵᠢᠭᠰᠠᠭᠠᠨ | ᠪᠠᠶᠢᠴᠠᠭᠠᠵᠤ ᠰᠢᠢᠳᠪᠦᠷᠢᠯᠡᠬᠦ ᠠᠵᠢᠯ ᠢ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠬᠠᠮᠠᠭᠠᠯᠠᠬᠤ | ᠲᠡᠷᠢᠭᠦᠨ ᠴᠢᠬᠤᠯᠠ ᠡᠭᠦᠷᠭᠡ ᠪᠣᠯᠭᠠᠨ ᠠᠳᠬᠤᠵᠤ᠂ ᠣᠯᠠᠨ ᠢᠶᠠᠷ ᠢᠶᠠᠨ ᠰᠡᠷᠭᠡᠶᠢᠯᠡᠵᠦ ᠵᠠᠰᠠᠬᠤ ᠬᠦᠴᠦᠨ ᠢ | ᠲᠡᠭᠦᠯᠳᠡᠷᠵᠢᠭᠦᠯᠦᠨ᠂ ᠵᠥᠷᠢᠴᠡᠯ ᠵᠢᠭᠤᠷᠠᠯᠳᠤᠭᠠᠨ ᠢ ᠤᠷᠢᠳᠴᠢᠯᠠᠨ ᠰᠡᠷᠭᠡᠶᠢᠯᠡᠵᠦ ᠰᠢᠢᠳᠪᠦᠷᠢᠯᠡᠬᠦ ᠴᠢᠳᠠᠪᠤᠷᠢ ᠶᠢ | ᠳᠡᠭᠡᠭᠰᠢᠯᠡᠭᠦᠯᠵᠦ᠂ ᠪᠥᠬᠦ ᠬᠦᠴᠦᠨ ᠢᠶᠠᠷ ᠢᠶᠠᠨ ᠲᠣᠭᠲᠠᠭᠤᠨ ᠡᠶ᠎ᠡ ᠵᠣᠬᠢᠴᠠᠯ ᠲᠠᠢ ᠨᠡᠶᠢᠭᠡᠮ ᠤᠨ ᠣᠷᠴᠢᠨ | ᠲᠣᠭᠤᠷᠢᠨ ᠢ ᠪᠣᠢ ᠪᠣᠯᠭᠠᠨ᠎ᠠ᠃ |