6 ᠰᠠᠷ᠎ᠠ ᠶᠢᠨ 9 ᠤ ᠡᠳᠦᠷ ᠤᠨ ᠦᠳᠡ ᠶᠢᠨ ᠡᠮᠦᠨ᠎ᠡ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ | ᠲᠠᠩᠰᠠ ᠡᠪᠬᠡᠮᠡᠯ ᠤᠨ ᠲᠣᠪᠴᠢᠶ᠎ᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠠᠩᠰᠠ ᠡᠪᠬᠡᠮᠡᠯ ᠤᠨ | ᠣᠷᠳᠣᠨ ᠠᠴᠠ ᠭᠤᠤᠯᠯᠠᠨ ᠡᠷᠭᠢᠯᠡᠭᠰᠡᠨ ︽ᠲᠠᠩᠰᠠ ᠡᠪᠬᠡᠮᠡᠯ ᠤᠨ ᠦᠬᠦᠯᠡᠬᠦ ᠶᠢ ᠰᠤᠨᠤᠰᠤᠭᠠᠷᠠᠢ᠄ ᠬᠤᠪᠢᠰᠬᠠᠯ ᠤᠨ | ᠤᠳᠤᠮᠰᠢᠯ ᠢ ᠤᠯᠠᠮᠵᠢᠯᠠᠨ ᠵᠠᠯᠭᠠᠮᠵᠢᠯᠠᠵᠤ᠂ ᠣᠶᠤᠨ ᠰᠠᠨᠠᠭᠠᠨ ᠤ ᠠᠮᠢᠨ ᠰᠤᠳᠠᠰᠤ ᠶᠢ ᠦᠷᠭᠦᠯᠵᠢᠯᠡᠭᠦᠯᠦᠶ᠎ᠡ︾ ᠭᠡᠬᠦ | ᠭᠤᠤᠯ ᠰᠡᠳᠦᠪᠲᠦ ᠶᠠᠷᠢᠶ᠎ᠠ ᠢᠯᠡᠳᠬᠡᠯ ᠤᠨ ᠤᠷᠤᠯᠳᠤᠭᠠᠨ ᠡᠬᠢᠯᠡᠪᠡ᠃ ᠪᠥᠬᠦ ᠬᠤᠰᠢᠭᠤᠨ ᠤ ᠡᠯ᠎ᠡ ᠰᠤᠮᠤ ᠰᠢᠶᠠᠩ | ᠪᠠᠯᠭᠠᠰᠤ᠂ ᠰᠠᠯᠠᠭ᠎ᠠ ᠮᠥᠴᠢᠷ ᠪᠠᠶᠢᠭᠤᠯᠭ᠎ᠠ ᠨᠢᠭᠡᠴᠡ ᠶᠢᠨ ᠰᠣᠩᠭᠤᠨ ᠲᠣᠮᠢᠯᠠᠭᠰᠠᠨ 10 ᠤᠷᠤᠯᠴᠠᠭᠴᠢ ᠲᠠᠰ | ᠳᠠᠷᠠᠭᠠᠯᠠᠨ ᠲᠠᠶᠢᠰᠠᠨ ᠳᠤ ᠭᠠᠷᠴᠤ᠂ ᠲᠤᠬᠠᠶ ᠶᠢᠨ ᠲᠠᠯᠠᠪᠠᠶ ᠶᠢᠨ ᠦᠵᠡᠭᠴᠢᠳ ᠲᠤ ᠰᠡᠳᠬᠢᠯ ᠵᠢᠷᠦᠬᠡ ᠶᠢ | ᠳᠣᠭᠳᠣᠯᠤᠭᠤᠯᠤᠮ᠎ᠠ ᠶᠠᠷᠢᠶ᠎ᠠ ᠢᠯᠡᠳᠬᠡᠯ ᠤᠨ ᠤᠷᠤᠯᠳᠤᠭᠠᠨ ᠠᠪᠴᠢᠷᠠᠵᠤ ᠦᠭᠪᠡ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠤᠷᠤᠯᠳᠤᠭᠠᠨ ᠳᠤ ᠣᠷᠣᠯᠴᠠᠭᠰᠠᠳ ᠠᠮᠢᠳᠤᠯᠢᠭ ᠰᠠᠶᠢᠬᠠᠨ | ᠲᠠᠩᠰᠠ ᠡᠪᠬᠡᠮᠡᠯ ᠤᠨ ᠲᠡᠦᠬᠡ ᠶᠢᠨ ᠮᠠᠲ᠋ᠧᠷᠢᠶᠠᠯ ᠳᠤ ᠲᠦᠰᠢᠭᠯᠡᠨ᠂ ᠲᠠᠩᠰᠠ ᠡᠪᠬᠡᠮᠡᠯ ᠲᠡᠦᠬᠡ ᠣᠶᠢᠯᠠᠯᠭ᠎ᠠ ᠶᠢᠨ | ᠠᠷᠤ ᠳᠠᠬᠢ ᠴᠠᠭ ᠦᠶ᠎ᠡ ᠶᠢᠨ ᠲᠤᠷᠠᠰᠤᠮᠵᠢ᠂ ᠬᠤᠪᠢᠰᠬᠠᠯ ᠤᠨ ᠢᠮ ᠲᠡᠮᠳᠡᠭ ᠪᠣᠯᠤᠨ ᠦᠶ᠎ᠡ ᠤᠯᠠᠷᠢᠨ | ᠤᠯᠠᠮᠵᠢᠯᠠᠭᠳᠠᠭᠰᠠᠨ ᠵᠣᠷᠢᠭ ᠰᠠᠨᠠᠭᠠᠨ ᠤ ᠠᠮᠢᠨ ᠰᠤᠳᠠᠰᠤ ᠶᠢ ᠭᠦᠨ ᠰᠡᠳᠬᠢᠯᠭᠡ ᠲᠠᠢ ᠪᠠᠷ ᠶᠠᠷᠢᠪᠠ᠃ ᠮᠣᠷᠢᠲᠤ | ᠴᠡᠷᠢᠭ ᠤᠨ ᠬᠤᠶᠢᠴᠢ ᠦᠶ᠎ᠡ ᠢᠦᠶ ᠳ᠋ᠢᠩ ᠵᠦ ᠦᠨᠳᠦᠰᠦᠲᠡᠨ ᠤ ᠪᠦᠯᠬᠦᠮᠳᠡᠯ ᠤᠨ ᠥᠯᠢᠭᠡᠷ ᠢ ᠶᠠᠷᠢᠵᠤ᠂ ᠢᠲᠡᠭᠡᠯ | ᠪᠢᠰᠢᠷᠡᠯ ᠤᠨ ᠤᠯᠠᠮᠵᠢᠯᠠᠯ ᠤᠨ ᠰᠦᠷ ᠳᠠᠯᠠᠶᠢᠴᠠᠲᠠᠶ ᠬᠦᠴᠦᠨ ᠢ ᠳᠠᠮᠵᠢᠭᠤᠯᠪᠠ︔ ᠯᠢᠦ ᠵᠦᠸᠧ᠂ ᠴᠢ ᠢᠦᠶ ᠬᠤᠩ | ᠣᠯᠠᠨ ᠢ ᠳᠠᠭᠠᠭᠤᠯᠤᠨ ᠲᠠᠩᠰᠠ ᠡᠪᠬᠡᠮᠡᠯ ᠤᠨ ᠶᠢᠷᠲᠢᠨᠴᠦ ᠪᠠᠷ ᠲᠤᠭᠤᠷᠢᠭᠤᠯᠵᠤ᠂ ᠴᠠᠭ ᠦᠶ᠎ᠡ ᠶᠢᠨ | ᠬᠠᠮᠠᠭᠠᠯᠠᠯᠳᠠ ᠶᠢᠨ ᠢᠮ ᠲᠠᠮᠠᠭ᠎ᠠ ᠶᠢ ᠤᠶᠢᠯᠠᠭᠠᠭᠤᠯᠪᠠ︔ ᡁᠢ ᠶᠠ ᠷᠦ᠋ ᠲᠠᠩᠰᠠ ᠡᠪᠬᠡᠮᠡᠯ ᠤᠨ ᠠᠵᠢᠯᠲᠠᠳ ᠤᠨ | ᠰᠢᠷᠠᠭᠠᠭᠤ ᠬᠠᠳᠠᠭᠤᠵᠢᠯᠳᠠᠢ ᠠᠵᠢᠯ ᠠᠮᠢᠳᠤᠷᠠᠯ ᠢ ᠮᠡᠳᠡᠷᠡᠬᠦᠯᠵᠦ᠂ ᠲᠡᠳᠡᠨ ᠤ ᠠᠭᠤᠤ ᠶᠡᠭᠡ ᠪᠠᠷ ᠪᠣᠯᠪᠠᠰᠤᠨ ᠢ | ᠰᠠᠬᠢᠨ ᠬᠠᠮᠠᠭᠠᠯᠠᠭᠰᠠᠨ ᠤᠯᠠ ᠮᠥᠷ ᠢ ᠢᠯᠡᠷᠡᠭᠦᠯᠪᠡ᠃ ᠤᠷᠤᠯᠴᠠᠭᠴᠢᠳ ᠲᠠᠩᠰᠠ ᠡᠪᠭᠡᠮᠡᠯ ᠢᠶᠠᠷ ᠵᠠᠭᠤᠴᠢ ᠪᠣᠯᠭᠠᠵᠤ | ᠂ ᠲᠠᠭᠤᠨ ᠢᠶᠠᠷ ᠬᠠᠶᠢᠷ᠎ᠠ ᠰᠡᠳᠬᠢᠯᠭᠡ ᠪᠠᠨ ᠳᠠᠮᠵᠢᠭᠤᠯᠵᠤ᠂ ᠲᠣᠭᠤᠰᠣᠨ ᠲᠠᠷᠤᠭᠳᠠᠭᠰᠠᠨ ᠲᠡᠦᠬᠡ ᠶᠢ ᠰᠡᠳᠬᠢᠯ | ᠬᠦᠳᠡᠯᠭᠡᠮ᠎ᠡ ᠬᠦᠴᠦᠨ ᠪᠣᠯᠭᠠᠨ ᠬᠤᠪᠢᠷᠠᠭᠤᠯᠪᠠ᠃ ᠠᠵᠢᠯᠯᠠᠭ᠎ᠠ ᠶᠢᠨ ᠳᠤᠮᠳᠠ ᠪᠠᠰᠠ ᠲᠣᠭᠯᠠᠯᠲᠠ ᠭᠠᠷᠭᠠᠵᠤ᠂ | ᠳᠠᠭᠤᠤ᠂ ᠪᠥᠵᠢᠭ ᠵᠡᠷᠭᠡ ᠪᠠᠶᠠᠯᠢᠭ ᠰᠠᠶᠢᠬᠠᠨ ᠲᠣᠭᠯᠠᠯᠲᠠ ᠨᠢ ᠤᠷᠤᠯᠳᠤᠭᠠᠨ ᠳᠤ ᠤᠷᠠᠯᠢᠭ ᠤᠨ ᠠᠭᠤᠷ ᠠᠮᠢᠰᠬᠤᠯ ᠢ | ᠨᠡᠮᠡᠷᠢᠯᠡᠵᠦ᠂ ᠦᠵᠡᠭᠴᠢᠳ ᠲᠤ ᠦᠯᠢᠭᠡᠷ ᠰᠣᠨᠣᠰᠬᠤ ᠶᠢᠨ ᠬᠠᠮᠲᠤ ᠨᠢᠭᠡ ᠤᠳᠠᠭᠠᠨ ᠤ ᠦᠵᠡᠵᠦ ᠰᠣᠨᠣᠰᠬᠤ | ᠦᠪᠡᠳᠡᠭᠰᠢ ᠨᠠᠶᠢᠷ ᠢ ᠬᠦᠷᠲᠡᠭᠡᠪᠡ᠃ | ᠤᠷᠤᠯᠳᠤᠭᠠᠨ ᠳᠤ ᠨᠢᠭᠡᠳᠦᠭᠡᠷ ᠲᠡᠰ ᠲᠤ ᠤᠷᠤᠭᠰᠠᠨ ᡁᠢ ᠶᠠ ᠷᠦ᠋ ᠤᠷᠤᠯᠳᠤᠭᠠᠨ ᠤ ᠳᠠᠷᠠᠭ᠎ᠠ᠄ ︽ᠡᠨᠡ | ᠤᠳᠠᠭᠠᠨ ᠤ ᠤᠷᠤᠯᠳᠤᠭᠠᠨ ᠪᠣᠯ ᠨᠢᠭᠡ ᠤᠳᠠᠭᠠᠨ ᠤ ᠮᠠᠰᠢ ᠰᠠᠶᠢᠨ ᠥᠩᠭᠡᠷᠡᠯᠲᠡ ᠮᠥᠨ᠂ ᠠᠵᠢᠯ ᠠᠮᠢᠳᠤᠷᠠᠯ ᠤᠨ | ᠲᠤᠮᠳᠠ ᠠᠴᠠ ᠲᠠᠩᠰᠠ ᠡᠪᠬᠡᠮᠡᠯ ᠤᠨ ᠴᠢᠬᠤᠯᠠ ᠴᠢᠨᠠᠷ ᠢ ᠪᠢᠳᠠᠨ ᠳᠤ ᠣᠶᠢᠯᠠᠭᠠᠭᠤᠯᠬᠤ ᠶᠢᠨ ᠬᠠᠮᠲᠤ ᠪᠠᠰᠠ ᠪᠢᠳᠡᠨ ᠢ | ᠲᠠᠩᠰᠠ ᠡᠪᠬᠡᠮᠡᠯ ᠤᠨ ᠠᠵᠢᠯ ᠢ ᠨᠠᠩ ᠭᠦᠨ ᠪᠢᠰᠢᠷᠡᠨ ᠬᠦᠨᠳᠦᠳᠭᠡᠵᠦ ᠬᠠᠶᠢᠷᠠᠯᠠᠬᠤ ᠰᠡᠳᠬᠢᠯᠭᠡ ᠲᠠᠢ ᠪᠤᠯᠭᠠᠪᠠ︾ | ᠭᠡᠵᠦ ᠬᠡᠯᠡᠪᠡ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠠᠩᠰᠠ ᠡᠪᠬᠡᠮᠡᠯ ᠤᠨ ᠣᠷᠳᠣᠨ ᠤ ᠳᠡᠳ᠋ | ᠳᠠᠷᠤᠭ᠎ᠠ ᠠᠮᠤᠭᠤᠯᠠᠩ ᠄ ︽6 ᠰᠠᠷ᠎ᠠ ᠶᠢᠨ 9 ᠤ ᠡᠳᠦᠷ ᠤᠨ ︿ᠣᠯᠠᠨ ᠤᠯᠤᠰ ᠤᠨ ᠲᠠᠩᠰᠠ ᠡᠪᠬᠡᠮᠡᠯ ᠤᠨ ᠡᠳᠦᠷ﹀ | ᠳᠤ᠂ ᠪᠢᠳᠡ ︿ᠬᠤᠪᠢᠰᠬᠠᠯᠲᠤ ᠤᠳᠤᠮᠰᠢᠯ ᠢ ᠤᠯᠠᠮᠵᠢᠯᠠᠨ ᠵᠠᠯᠭᠠᠮᠵᠢᠯᠠᠵᠤ᠂ ᠣᠶᠤᠨ ᠰᠠᠨᠠᠭᠠᠨ ᠤ ᠠᠮᠢᠨ | ᠰᠤᠳᠠᠰᠤ ᠶᠢ ᠦᠷᠭᠦᠯᠵᠢᠯᠡᠭᠦᠯᠦᠶ᠎ᠡ﹀ ᠭᠡᠬᠦ ᠭᠤᠤᠯ ᠰᠡᠳᠦᠪᠲᠦ ᠶᠠᠷᠢᠶ᠎ᠠ ᠢᠯᠡᠳᠬᠡᠯ ᠤᠨ ᠤᠷᠤᠯᠳᠤᠭᠠᠨ ᠥᠷᠨᠢᠭᠦᠯᠵᠦ᠂ | ᠶᠠᠭ ᠡᠲᠡᠭᠡᠷ ᠨᠦᠢᠷᠰᠤᠭᠰᠠᠨ ᠲᠠᠩᠰᠠ ᠡᠪᠬᠡᠮᠡᠯ ᠢ ᠠᠮᠢᠯᠠᠭᠤᠯᠵᠤ᠂ ᠬᠤᠪᠢᠰᠬᠠᠯ ᠤᠨ ᠦᠷᠡᠭᠳᠡᠭᠰᠡᠨ | ᠪᠠᠭᠠᠲᠤᠷᠴᠤᠳ ᠤᠨ ᠢᠲᠡᠭᠡᠯ ᠪᠢᠰᠢᠷᠡᠯ ᠤᠨ ᠬᠡᠷᠡᠯ ᠬᠢᠯᠪᠠᠭ᠎ᠠ ᠨᠢ ᠴᠠᠭ ᠬᠤᠭᠤᠴᠠᠭ᠎ᠠ ᠣᠷᠣᠨ ᠵᠠᠶ ᠶᠢ ᠨᠡᠪᠲᠡᠯᠵᠦ᠂ | ᠰᠢᠨ᠎ᠡ ᠴᠠᠭ ᠦᠶ᠎ᠡ ᠶᠢᠨ ᠡᠷᠡᠯᠬᠡᠭᠯᠡᠨ ᠤᠷᠤᠭᠰᠢᠯᠠᠬᠤ ᠵᠠᠮ ᠢ ᠭᠡᠷᠡᠯᠲᠦᠭᠦᠯᠬᠦ ᠪᠣᠯᠤᠨ᠎ᠠ᠃ ᠲᠠᠷᠠᠭᠠᠴᠢ ᠶᠢᠨ | ᠠᠯᠬᠤᠮ ᠳᠤ᠂ ᠪᠢᠳᠡ ᠲᠠᠩᠰᠠ ᠡᠪᠬᠡᠮᠡᠯ ᠤᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ | ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠲᠠᠩᠰᠠ ᠡᠪᠬᠡᠮᠡᠯ ᠤᠨ ᠦᠢᠯᠡᠰ ᠤᠨ ᠴᠢᠨᠠᠷ ᠰᠠᠶᠢᠲᠠᠶ | ᠬᠥᠭᠵᠢᠯᠲᠡ ᠶᠢ ᠴᠢᠷᠮᠠᠶᠢᠨ ᠠᠬᠢᠭᠤᠯᠤᠨ᠎ᠠ︾ ᠭᠡᠵᠦ ᠬᠡᠯᠡᠪᠡ᠃ | ᠲᠣᠰ ᠤᠳᠠᠭᠠᠨ ᠤ ᠶᠠᠷᠢᠶ᠎ᠠ ᠢᠯᠡᠳᠬᠡᠯ ᠤᠨ ᠤᠷᠤᠯᠳᠤᠭᠠᠨ ᠢ ᠠᠮᠵᠢᠯᠲᠠ ᠲᠠᠢ ᠡᠷᠬᠢᠯᠡᠭᠰᠡᠨ ᠨᠢ | ᠣᠷᠣᠯᠴᠠᠭᠴᠢ ᠳᠤ ᠠᠪᠢᠶᠠᠰ ᠴᠢᠳᠠᠪᠤᠷᠢ ᠪᠠᠨ ᠳᠡᠯᠭᠡᠨ ᠦᠵᠡᠭᠦᠯᠬᠦ᠂ ᠰᠣᠯᠢᠯᠴᠠᠨ ᠰᠤᠷᠤᠯᠴᠠᠬᠤ ᠲᠠᠪᠴᠠᠩ | ᠬᠠᠩᠭᠠᠭᠰᠠᠨ ᠢᠶᠠᠷ ᠪᠠᠷᠠᠬᠤ ᠥᠬᠡᠶ᠂ ᠨᠠᠩ ᠴᠤ ᠲᠠᠩᠰᠠ ᠡᠪᠬᠡᠮᠡᠯ ᠤᠨ ᠠᠵᠢᠯᠲᠠᠳ ᠤᠨ ᠲᠠᠩᠰᠠ ᠡᠪᠬᠡᠮᠡᠯ ᠤᠨ ᠡᠬᠢ | ᠪᠠᠶᠠᠯᠢᠭ ᠢ ᠭᠦᠨᠵᠡᠭᠡᠶ ᠠᠭᠤᠳᠠᠯᠬᠤ᠂ ᠰᠤᠳᠤᠯᠬᠤ ᠪᠠ ᠠᠰᠢᠭᠯᠠᠬᠤ ᠬᠠᠯᠠᠭᠤᠨ ᠰᠡᠳᠬᠢᠯᠭᠡ ᠶᠢ ᠬᠥᠭᠵᠢᠭᠡᠭᠰᠡᠨ ᠪᠠᠶᠢᠨ᠎ᠠ | ᠃ |