6 ᠰᠠᠷ᠎ᠠ ᠶᠢᠨ 9 ᠤ ᠡᠳᠦᠷ ᠤᠨ 18 ᠴᠠᠭ ᠤᠨ ᠦᠶ᠎ᠡ ᠪᠠᠷ᠂ ᠪᠤᠭᠤᠲᠤ ᠶᠢᠨ ᠬᠢᠯᠢ ᠶᠢᠨ ᠬᠠᠮᠢᠶᠠᠷᠤᠯᠲᠠ ᠶᠢᠨ | ᠰᠠᠯᠪᠤᠷᠢ ᠠᠩᠭᠢ ᠶᠢᠨ ᠴᠠᠭᠠᠨᠬᠠᠳᠠ ᠶᠢᠨ ᠬᠢᠯᠢ ᠶᠢᠨ ᠲᠣᠮᠢᠯᠠᠭᠰᠠᠨ ᠰᠠᠯᠪᠤᠷᠢ ᠨᠢ ᠬᠠᠷᠢᠶᠠᠲᠤ ᠣᠷᠣᠨ ᠤ ᠭᠡᠷᠡᠯᠴᠢ | ᠴᠡᠨᠡᠭ ᠤᠨ ᠦᠨᠳᠦᠰᠦᠨ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠩᠭᠢ ᠶᠢᠨ ᠬᠠᠪᠰᠤᠷᠤᠯᠭ᠎ᠠ ᠭᠡᠷᠡᠭᠰᠡᠭᠦ | ᠴᠢᠮᠡᠭᠡ ᠶᠢ ᠣᠯᠵᠤ᠂ ︽ᠮᠤᠤᠷ︾ ᠰᠢᠭ᠋ ᠬᠠᠴᠢᠨ ᠰᠣᠨᠢᠨ ᠠᠮᠢᠲᠠᠨ ᠡᠭᠦᠳᠡ ᠪᠠᠨ ᠬᠠᠭᠠᠭᠰᠠᠨ ᠥᠬᠡᠶ ᠵᠢᠵᠢᠭ ᠮᠠᠰᠢᠨ | ᠲᠡᠷᠭᠡᠨ ᠤ ᠠᠵᠢᠯᠯᠠᠬᠤ ᠲᠠᠪᠴᠠᠩ ᠳᠤ ᠰᠢᠷᠭᠤᠨ ᠣᠷᠣᠵᠤ᠂ ᠪᠠᠷᠢᠯᠭ᠎ᠠ ᠶᠢᠨ ᠠᠵᠢᠯᠲᠠᠨ ᠠᠪᠤᠷᠠᠬᠤ ᠪᠠᠷ ᠲᠤᠷᠰᠢᠭᠠᠳ | ᠦᠷ᠎ᠡ ᠳ᠋ᠦᠩ ᠭᠠᠷᠤᠭᠰᠠᠨ ᠥᠬᠡᠶ᠂ ᠪᠢᠴᠢᠬᠠᠨ ᠠᠮᠢᠲᠠᠨ ᠤ ᠰᠢᠷᠬᠠᠳᠤᠬᠤ ᠠᠴᠠ ᠰᠡᠷᠭᠡᠶᠢᠯᠡᠵᠥ᠂ ᠴᠠᠭᠳᠠᠭᠠᠨ ᠤ | ᠬᠠᠮᠵᠢᠬᠤ ᠶᠢ ᠭᠤᠶᠤᠴᠢᠯᠠᠪᠠ᠃ | ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠳᠠᠷᠦ᠋ᠢᠬᠠᠨ ᠲᠤᠬᠠᠢ ᠶᠢᠨ ᠲᠠᠯᠠᠪᠠᠢ ᠳᠤ ᠬᠦᠷᠴᠦ | ᠢᠷᠡᠵᠡᠢ᠃ ᠲᠡᠷᠭᠡᠨ ᠤ ᠳᠣᠲᠣᠭᠠᠳᠤ ᠪᠦᠲᠦᠴᠡ ᠨᠢ ᠢᠪᠴᠤᠤ ᠪᠤᠳᠤᠯᠢᠶᠠᠨᠲᠠᠢ᠂ ᠠᠷᠠᠳ ᠤᠨ ᠴᠠᠭᠳᠠᠭ᠎ᠠ ᠣᠨᠴᠠᠭᠠᠢ | ᠬᠢᠨᠠᠭᠤᠷ ᠪᠣᠯᠭᠤᠮᠵᠢᠲᠠᠢ ᠪᠠᠷ ᠠᠵᠢᠯᠯᠠᠬᠤ ᠲᠡᠷᠭᠡᠨ ᠤ ᠲᠠᠪᠴᠠᠩ ᠶᠢ ᠨᠡᠭᠡᠭᠡᠵᠦ᠂ ᠭᠤᠷᠪᠠᠨ ᠬᠥᠭᠡᠷᠦᠭᠡᠨ ᠵᠢᠭᠠᠯ | ᠠᠮᠢᠳᠠᠨ ᠮᠠᠰᠢᠨ ᠤ ᠵᠠᠪᠰᠠᠷ ᠲᠤ ᠬᠠᠪᠴᠢᠭᠳᠠᠵᠤ᠂ ᠪᠦᠬᠦ ᠪᠡᠶ᠎ᠡ ᠨᠢ ᠴᠡᠴᠡᠷᠡᠵᠦ᠂ ᠦᠯᠦ ᠲᠠᠨᠢᠬᠤ ᠬᠥᠮᠦᠨ ᠤ | ᠣᠶᠢᠷᠠᠲᠤᠬᠤ ᠠᠴᠠ ᠰᠡᠷᠡᠮᠵᠢᠯᠡᠵᠥ ᠪᠠᠶᠢᠪᠠ᠃ ᠮᠠᠰᠢᠨ ᠤ ᠲᠡᠮᠦᠷᠯᠢᠭ ᠤᠨ ᠬᠥᠪᠡᠭᠡ ᠢᠷᠮᠡᠭ ᠨᠢ ᠳᠡᠳᠡᠨ ᠢ | ᠰᠢᠷᠬᠠᠳᠤᠭᠤᠯᠬᠤ ᠠᠴᠠ ᠰᠡᠷᠭᠡᠶᠢᠯᠡᠵᠥ᠂ ᠠᠷᠠᠳ ᠤᠨ ᠴᠠᠭᠳᠠᠭ᠎ᠠ ᠪᠡᠭᠡᠯᠡᠢ ᠵᠡᠭᠦᠵᠦ᠂ ᠨᠠᠷᠢᠨ ᠨᠢᠮᠪᠠᠢ ᠪᠠᠷ ᠵᠠᠪᠰᠠᠷ | ᠵᠠᠭ᠎ᠠ ᠠᠴᠠ ᠭᠠᠷᠭᠠᠨ ᠠᠪᠴᠤ᠂ ᠡᠴᠦᠰ ᠲᠡᠭᠡᠨ ᠭᠤᠷᠪᠠᠨ ︽ᠪᠢᠴᠢᠬᠠᠨ ᠠᠮᠢᠳᠠᠨ︾ ᠢ ᠠᠮᠤᠷ ᠳᠥᠪᠰᠢᠨ ᠠᠪᠤᠷᠠᠨ | ᠭᠠᠷᠭᠠᠪᠠ᠃ | ᠠᠷᠠᠳ ᠤᠨ ᠴᠠᠭᠳᠠᠭ᠎ᠠ ᠨᠠᠷᠢᠨ ᠨᠢᠮᠪᠠᠢ ᠠᠵᠢᠯᠯᠠᠬᠤ ᠳᠤᠮᠳᠠ᠂ ᠳᠡᠳᠡᠨ ᠤ ᠪᠠᠶ᠎ᠡ ᠶᠢᠨ ᠥᠩᠭᠡ ᠵᠢᠰᠣᠮ ᠨᠢ ᠬᠠᠴᠢᠨ | ᠰᠣᠨᠢᠨ᠂ ᠪᠡᠶ᠎ᠡ ᠪᠢᠯᠳᠠᠷ ᠨᠢ ᠪᠥᠬᠡᠯᠢᠭ᠂ ᠨᠢᠳᠦ ᠨᠢ ᠬᠤᠪᠠ ᠶᠢᠨ ᠥᠩᠭᠡ ᠲᠠᠢ ᠪᠥᠭᠡᠳ ᠵᠡᠷᠯᠢᠭ ᠴᠢᠨᠠᠷ ᠢᠯᠡᠷᠡᠵᠥ᠂ | ᠭᠡᠷ ᠤᠨ ᠮᠤᠤᠷ ᠤᠨ ᠵᠤᠯᠵᠠᠭ᠎ᠠ ᠲᠠᠢ ᠡᠷᠡᠰ ᠣᠨᠳᠣᠣ ᠪᠠᠶᠢᠬᠤ ᠶᠢ ᠣᠯᠵᠤ ᠮᠡᠳᠡᠭᠰᠡᠨ ᠪᠠᠶᠢᠨ᠎ᠠ᠃ ᠠᠷᠠᠳ ᠤᠨ | ᠴᠠᠭᠳᠠᠭ᠎ᠠ ᠲᠡᠷᠡ ᠳᠠᠷᠤᠶ ᠳᠤᠨᠢ ᠲᠣᠳᠣᠷᠬᠠᠶ ᠭᠡᠷᠡᠯ ᠵᠢᠷᠤᠭ ᠪᠠ ᠸᠢᠳᠢᠣ᠋ ᠰᠡᠭᠦᠳᠡᠷᠯᠡᠵᠦ᠂ ᠣᠢ ᠰᠢᠭᠤᠶ ᠶᠢᠨ | ᠲᠣᠪᠴᠢᠶᠠᠨ ᠤ ᠠᠵᠢᠯᠲᠠᠨ ᠳᠤ ᠳᠠᠮᠵᠢᠭᠤᠯᠤᠨ ᠥᠭᠴᠥ᠂ ᠢᠯᠭᠠᠨ ᠲᠠᠨᠢᠭᠤᠯᠵᠤ᠂ ᠤᠯᠤᠰ ᠤᠨ ᠬᠤᠶᠠᠳᠤᠭᠠᠷ | ᠳᠡᠰ ᠤᠨ ᠬᠠᠮᠠᠭᠠᠯᠠᠯᠲᠠ ᠶᠢᠨ ᠠᠮᠢᠲᠠᠨ ᠮᠠᠨᠤᠤᠯ ᠪᠣᠯᠬᠤ ᠶᠢ ᠨᠤᠲᠠᠯᠠᠵᠠᠶ᠃ | ᠨᠢᠯᠬ᠎ᠠ ᠠᠮᠢᠲᠠᠨ ᠤ ᠠᠷᠠᠰᠤ ᠨᠣᠣᠰᠣ ᠥᠩᠭᠡ ᠭᠢᠯᠪᠠᠭ᠎ᠠ ᠲᠠᠢ᠂ ᠪᠠᠶ᠎ᠡ ᠶᠢᠨ ᠪᠠᠶᠢᠳᠠᠯ ᠨᠢ ᠰᠠᠶᠢᠨ ᠪᠠᠶᠢᠬᠤ ᠶᠢ | ᠬᠠᠷᠠᠭᠠᠳ᠂ ᠨᠠᠰᠤᠨ ᠳᠤ ᠬᠦᠷᠦᠭᠰᠡᠨ ᠮᠠᠨᠤᠤᠯ ᠬᠠᠷᠠᠵᠤ ᠬᠠᠷᠠᠭᠠᠯᠵᠠᠵᠤ ᠪᠠᠶᠢᠬᠤ ᠶᠠᠩᠵᠤᠲᠠᠢ᠂ ᠬᠠᠮᠤᠭ ᠤᠨ ᠰᠠᠶᠢᠨ | ᠲᠥᠰᠦᠯ ᠪᠣᠯ ᠡᠷᠡᠭᠦᠯ ᠮᠡᠨᠳᠦ ᠪᠠᠶᠢᠬᠤ ᠶᠢ ᠨᠤᠲᠠᠯᠠᠭᠰᠠᠨ ᠤ ᠳᠠᠷᠠᠭ᠎ᠠ ᠤᠤᠯ ᠤᠨ ᠣᠯᠵᠤ ᠮᠡᠳᠡᠭᠰᠡᠨ ᠭᠠᠵᠠᠷ ᠤᠨ | ᠣᠶᠢᠷᠠᠯᠴᠠᠭ᠎ᠠ ᠲᠠᠯᠪᠢᠵᠤ᠂ ᠨᠠᠰᠤᠨ ᠳᠤ ᠬᠦᠷᠦᠭᠰᠡᠨ ᠮᠠᠨᠤᠤᠯ ᠤᠨ ᠡᠷᠢᠵᠥ ᠣᠯᠬᠤ ᠶᠢ ᠪᠠᠳᠣᠯᠠᠬᠤ ᠶᠠᠪᠤᠳᠠᠯ ᠪᠤᠯᠤᠨ᠎ᠠ | ᠃ ᠭᠡᠪᠡᠴᠦ ᠣᠷᠣᠶ ᠶᠢᠨ ᠠᠷᠪᠠᠨ ᠴᠠᠭ ᠤᠨ ᠦᠶ᠎ᠡ ᠪᠠᠷ ᠬᠡᠭᠡᠷ᠎ᠡ ᠭᠠᠳᠠᠭ᠎ᠠ ᠶᠢᠨ ᠦᠵᠡᠭᠳᠡᠴᠡ ᠶᠢᠨ ᠬᠡᠮᠵᠢᠶ᠎ᠡ | ᠲᠦᠢᠯ ᠤᠨ ᠳᠣᠤᠷ᠎ᠠ᠂ ᠰᠢᠭᠤᠳ ᠲᠠᠯᠪᠢᠵᠤ ᠶᠠᠪᠤᠭᠤᠯᠪᠠᠯ ᠠᠶᠤᠯ ᠲᠦᠭᠰᠢᠭᠦᠷᠢ ᠲᠠᠢ᠃ ᠠᠷᠠᠳ ᠤᠨ ᠴᠠᠭᠳᠠᠭ᠎ᠠ ᠴᠠᠭ | ᠲᠤᠬᠠᠶ ᠳᠤᠨᠢ ᠨᠢᠯᠬ᠎ᠠ ᠠᠮᠢᠳᠠᠳ ᠢ ᠲᠣᠮᠢᠯᠠᠭᠰᠠᠨ ᠰᠠᠯᠪᠤᠷᠢ ᠳᠤ ᠪᠠᠨ ᠠᠪᠠᠴᠢᠵᠤ ᠨᠠᠷᠢᠨ ᠨᠢᠮᠪᠠᠶ | ᠳᠣᠬᠢᠷᠠᠭᠤᠯᠬᠤ ᠶᠢᠨ ᠬᠠᠮᠲᠤ ᠴᠠᠭᠳᠠᠭ᠎ᠠ ᠠᠷᠠᠳ ᠤᠨ ᠸᠢᠴᠠᠲ ᠤᠨ ᠬᠤᠯᠪᠤᠭ᠎ᠠ ᠪᠠᠷ ᠳᠠᠮᠵᠢᠨ ᠨᠠᠰᠤᠨ ᠳᠤ ᠬᠦᠷᠦᠭᠰᠡᠨ | ᠮᠠᠨᠤᠤᠯ ᠤᠨ ᠰᠦᠪᠡᠭᠴᠢ ᠶᠢ ᠴᠤᠭᠯᠠᠭᠤᠯᠪᠠ᠃ | ᠳᠠᠷᠠᠭ᠎ᠠ ᠡᠳᠦᠷ ᠤᠨ ᠥᠷᠯᠥᠭᠡ᠂ ᠠᠷᠠᠳ ᠤᠨ ᠴᠠᠭᠳᠠᠭ᠎ᠠ ᠠᠮᠢᠵᠢᠷᠠᠯ ᠤᠨ ᠬᠦᠴᠦᠨ ᠢᠶᠠᠨ ᠰᠡᠷᠭᠦᠭᠡᠭᠰᠡᠨ | ᠨᠢᠯᠬ᠎ᠠ ᠠᠮᠢᠳᠡᠳ ᠢ ᠣᠯᠵᠤ ᠢᠯᠡᠷᠡᠭᠦᠯᠦᠭᠰᠡᠨ ᠭᠠᠵᠠᠷ ᠲᠤ ᠨᠢ ᠬᠦᠷᠭᠡᠵᠥ᠂ ᠬᠠᠯᠠᠭᠤᠨ ᠰᠡᠳᠬᠢᠯᠲᠦ ᠣᠯᠠᠨ ᠲᠦᠮᠡᠨ | ᠲᠠᠢ ᠬᠠᠮᠳᠥ ᠳᠣᠮᠣ ᠮᠠᠨᠤᠤᠯ ᠢ ᠪᠥᠬᠦ ᠲᠠᠯ᠎ᠠ ᠪᠠᠷ ᠬᠠᠶᠢᠨ ᠡᠷᠢᠪᠡ᠃ ᠭᠤᠷᠪᠠᠨ ᠴᠠᠭ ᠤᠨ ᠳᠠᠷᠠᠭ᠎ᠠ᠂ ᠪᠠᠷᠢᠯᠭ᠎ᠠ ᠶᠢᠨ | ᠠᠵᠢᠯᠴᠢᠨ ᠪᠠᠷᠢᠯᠭ᠎ᠠ ᠶᠢᠨ ᠭᠠᠵᠠᠷ ᠠᠴᠠ ᠪᠠᠷᠤᠭ 5 ᠺᠢᠯᠤᠮᠧᠲᠷ ᠵᠠᠶᠢᠲᠠᠶ ᠭᠠᠵᠠᠷ ᠲᠤ ᠨᠠᠰᠤᠨ ᠳᠤ ᠬᠦᠷᠦᠭᠰᠡᠨ | ᠮᠠᠨᠤᠤᠯ ᠡᠷᠭᠢᠴᠡᠵᠥ ᠪᠠᠶᠢᠬᠤ ᠶᠢ ᠣᠯᠵᠤ ᠦᠵᠡᠪᠡ᠃ | ᠠᠷᠠᠳ ᠤᠨ ᠴᠠᠭᠳᠠᠭ᠎ᠠ ᠠᠯᠭᠤᠷ ᠠᠭᠠᠵᠢᠮ ᠢᠶᠠᠷ ᠣᠶᠢᠷᠠᠳᠣᠨ ᠦᠵᠡᠵᠥ᠂ ᠨᠠᠰᠤᠨ ᠳᠤ ᠬᠦᠷᠦᠭᠰᠡᠨ ᠮᠠᠨᠤᠤᠯ | ᠤᠨ ᠵᠠᠶᠢᠯᠠᠵᠤ ᠶᠠᠪᠤᠭᠰᠠᠨ ᠦᠭᠡᠢ ᠶᠢ ᠪᠠᠳᠣᠯᠠᠭᠰᠠᠨ ᠤ ᠳᠠᠷᠠᠭ᠎ᠠ᠂ ᠰᠢᠩᠭᠡᠯᠢᠭ ᠤᠨ ᠡᠭᠦᠳᠡ ᠶᠢ ᠨᠢ ᠨᠡᠭᠡᠭᠡᠵᠤ᠂ | ᠨᠢᠯᠬ᠎ᠠ ᠠᠮᠢᠳᠠᠳ ᠢ ᠪᠡᠯᠴᠢᠭᠡᠷ ᠲᠤ ᠨᠢ ᠲᠠᠯᠪᠢᠵᠤ ᠶᠠᠪᠤᠭᠤᠯᠪᠠ᠃ ᠪᠢᠴᠢᠬᠠᠨ ᠠᠮᠢᠳᠠᠳ ᠵᠡᠷᠭᠡ ᠪᠠᠷ ᠨᠢᠭᠡ ᠴᠢᠭᠯᠡᠯ | ᠦᠭᠡᠳᠡ ᠬᠦᠶᠦᠵᠥ᠂ ᠡᠪᠡᠰᠥ ᠪᠤᠲᠠᠨ ᠳᠤᠮᠳᠠ ᠣᠷᠤᠭᠠᠳ ᠦᠵᠡᠭᠳᠡᠭᠦ ᠪᠠᠨ ᠪᠣᠯᠢᠵᠤ᠂ ᠲᠤᠬᠠᠢ ᠶᠢᠨ ᠲᠠᠯᠠᠪᠠᠢ ᠳᠤ | ᠪᠠᠶᠢᠭᠰᠠᠨ ᠬᠦᠮᠥᠰ ᠲᠦᠢᠯ ᠢᠶᠠᠷ ᠪᠠᠶᠠᠷᠯᠠᠵᠤ ᠰᠠᠨᠠᠭ᠎ᠠ ᠠᠮᠤᠷᠠᠭᠰᠠᠨ ᠪᠠᠶᠢᠨ᠎ᠡ᠃ | ᠮᠠᠨᠤᠤᠯ ᠢ ᠪᠠᠰᠠ ᠢᠮᠠᠭᠠᠨ ᠳᠡᠭᠦᠤ᠂ ᠤᠯᠠᠭᠠᠨᠠᠭᠤᠷ ᠪᠤᠶᠤ ᠮᠠᠨᠤ ᠭᠡᠳᠡᠭ᠂ ᠮᠤᠤᠷ ᠤᠨ ᠢᠵᠠᠭᠤᠷ ᠤᠨ ᠮᠠᠨᠤᠤᠯ | ᠤᠨ ᠳᠥᠷᠦᠯ᠂ ᠵᠤᠵᠠᠭᠠᠨ ᠭᠤᠶᠤ ᠰᠠᠶᠢᠬᠠᠨ ᠠᠷᠠᠰᠤ ᠨᠣᠣᠰᠣ᠂ ᠪᠥᠬᠡᠯᠢᠭ ᠪᠡᠶ᠎ᠡ ᠪᠢᠯᠳᠠᠷ ᠪᠠ ᠬᠥᠭᠡᠷᠥᠭᠦᠨ | ᠵᠢᠪᠬᠤᠭᠠᠯᠢᠭ ︽ᠨᠢᠭᠤᠷ ᠲᠦᠷᠢ︾ ᠪᠠᠷ ᠢᠶᠠᠨ ᠠᠯᠳᠠᠷᠰᠢᠵᠤ᠂ ᠲᠠᠯ᠎ᠠ ᠨᠤᠲᠤᠭ ᠤᠨ ᠠᠮᠢ ᠠᠬᠤᠢ ᠶᠢᠨ ᠰᠢᠰᠲ᠋ᠧᠮ ᠤᠨ | ᠬᠤᠪᠣᠷ ᠨᠠᠨᠳᠢᠨ ᠪᠦᠷᠢᠯᠳᠦᠬᠦᠨ ᠪᠠᠶᠢᠵᠤ᠂ 2021 ᠣᠨ ᠳᠤ ᠤᠯᠤᠰ ᠤᠨ ᠬᠤᠶᠠᠳᠤᠭᠠᠷ ᠳᠡᠰ ᠤᠨ | ᠬᠠᠮᠠᠭᠠᠯᠠᠯᠲᠠ ᠶᠢᠨ ᠬᠡᠭᠡᠷ᠎ᠡ ᠶᠢᠨ ᠠᠮᠢᠲᠠᠨ ᠳᠤ ᠵᠢᠭᠰᠠᠭᠠᠭᠳᠠᠪᠠ᠃ | ᠡᠨᠡ ᠬᠦ ᠪᠠᠶᠢᠳᠠᠯ ᠢ ᠠᠰᠢᠭᠯᠠᠨ᠂ ᠴᠠᠭᠠᠨᠬᠠᠳᠠ ᠶᠢᠨ ᠬᠢᠯᠢ ᠶᠢᠨ ᠬᠠᠮᠠᠭᠠᠯᠠᠯᠲᠠ ᠶᠢᠨ ᠲᠣᠮᠢᠯᠠᠭᠰᠠᠨ ᠰᠠᠯᠪᠤᠷᠢ | ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠤᠬᠠᠭᠤᠯᠭ᠎ᠠ ᠪᠠᠨ ᠦᠷᠭᠦᠯᠵᠢᠯᠡᠨ ᠴᠢᠩᠭᠠᠳᠬᠠᠵᠤ᠂ ᠷᠠᠳᠢᠣ᠋ ᠨᠡᠪᠲᠡᠷᠡᠭᠦᠯᠭᠡ᠂ | ᠴᠠᠭᠳᠠᠭ᠎ᠠ ᠠᠷᠠᠳ ᠤᠨ ᠸᠢᠴᠠᠲ ᠤᠨ ᠬᠤᠯᠪᠤᠭ᠎ᠠ᠂ ᠮᠠᠯᠵᠢᠬᠤ ᠣᠷᠣᠨ ᠳᠤ ᠭᠦᠨᠵᠡᠭᠡᠶᠢᠷᠡᠨ ᠤᠬᠠᠭᠤᠯᠤᠨ | ᠲᠠᠶᠢᠯᠪᠤᠷᠢᠯᠠᠬᠤ ᠵᠡᠷᠭᠡ ᠪᠠᠷ ᠳᠠᠮᠵᠢᠭᠤᠯᠤᠨ᠂ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠤᠯᠢ ᠴᠠᠭᠠᠵᠠ ᠬᠠᠤᠯᠢ | ᠲᠣᠭᠲᠠᠭᠠᠯ ᠪᠣᠯᠤᠨ ᠮᠡᠳᠡᠯᠭᠡ ᠶᠢ ᠲᠦᠭᠡᠮᠡᠯᠵᠢᠭᠦᠯᠵᠦ᠂ ᠬᠠᠷᠢᠶᠠᠲᠤ ᠣᠷᠣᠨ ᠤ ᠣᠯᠠᠨ ᠲᠦᠮᠡᠨ ᠤ ᠠᠮᠢ ᠠᠬᠤᠶ ᠶᠢ | ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠪᠡ᠃ ᠡᠭᠦᠨ ᠤ ᠬᠠᠮᠲᠤ ᠬᠡᠭᠡᠷ᠎ᠡ ᠶᠢᠨ ᠠᠮᠢᠲᠠᠨ ᠤ ᠣᠷᠣᠰᠢᠨ ᠠᠮᠢᠳᠤᠷᠠᠬᠤ | ᠭᠠᠵᠠᠷ᠂ ᠨᠡᠭᠦᠳᠡᠯ ᠤᠨ ᠵᠠᠮ ᠢ ᠪᠠᠶᠢᠩᠭᠤᠵᠢᠭᠤᠯᠬᠤ ᠲᠣᠭᠤᠷᠢᠨ ᠪᠠᠶᠢᠴᠠᠭᠠᠯᠲᠠ ᠶᠢ ᠴᠢᠩᠭᠠᠳᠬᠠᠵᠤ᠂ ᠤᠯᠠᠨ | ᠲᠦᠮᠡᠨ ᠲᠠᠢ ᠭᠠᠷ ᠬᠤᠯᠪᠣᠯᠴᠠᠨ ᠤᠮᠠᠷᠠᠲᠤ ᠶᠢᠨ ᠠᠮᠢ ᠠᠬᠤᠢ ᠶᠢᠨ ᠭᠡᠷ ᠣᠷᠣᠨ ᠢ ᠰᠠᠬᠢᠨ ᠬᠠᠮᠠᠭᠠᠯᠠᠪᠠ᠃ | |