6 ᠰᠠᠷ᠎ᠠ ᠶᠢᠨ 10 ᠤ ᠡᠳᠦᠷ ᠤᠨ ᠦᠳᠡ ᠶᠢᠨ ᠬᠤᠶᠢᠨ᠎ᠠ᠂ ᠬᠤᠰᠢᠭᠤᠨ ᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠬᠤᠰᠢᠭᠤᠨ ᠳᠠᠷᠤᠭ᠎ᠠ ᠰᠤ᠋ ᠷᠦᠢ ᠹᠧᠩ | ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠳᠤ ᠭᠦᠨᠵᠡᠭᠡᠶᠢᠷᠡᠨ᠂ ᠪᠠᠴᠢᠮ | ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠤᠨ ᠲᠣᠭᠤᠷᠢᠨ ᠳᠤ ᠲᠤᠰᠬᠠᠶ ᠰᠡᠳᠦᠪᠲᠦ ᠪᠠᠶᠢᠴᠠᠭᠠᠨ | ᠰᠤᠳᠤᠯᠤᠯᠲᠠ ᠬᠢᠵᠦ ᠵᠢᠭᠠᠨ ᠵᠢᠯᠣᠭᠤᠳᠴᠤ᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ | ᠲᠣᠪᠴᠢᠶ᠎ᠠ ᠶᠢᠨ ᠤᠳᠤᠷᠢᠳᠬᠤ ᠪᠠᠭ ᠵᠢᠴᠢ ᠡᠯ᠎ᠡ ᠲᠠᠰᠤᠭ ᠤᠨ ᠬᠠᠷᠢᠭᠤᠴᠠᠯᠭᠠᠲᠠᠨ ᠣᠷᠣᠯᠴᠠᠵᠠᠶ᠃ | ᠰᠤ᠋ ᠷᠦᠢ ᠹᠧᠩ ᠨᠠᠷ ᠪᠠᠴᠢᠮ ᠪᠠᠶᠢᠳᠠᠯ ᠢ ᠠᠷᠭᠠᠴᠠᠭᠠᠬᠤ ᠲᠣᠪᠴᠢᠶ᠎ᠠ ᠶᠢᠨ ᠠᠯᠪᠠᠨ ᠬᠡᠷ᠂ ᠵᠢᠵᠢᠭᠦᠷᠯᠡᠬᠦ | ᠲᠠᠰᠤᠭ᠂ ᠸᠢᠳᠢᠤ᠋ ᠬᠤᠷᠠᠯ ᠤᠨ ᠬᠡᠷ᠂ ᠵᠢᠯᠣᠭᠤᠳᠬᠤ ᠲᠥᠪ ᠵᠡᠷᠭᠡ ᠭᠤᠤᠯ ᠠᠵᠢᠯᠯᠠᠬᠤ ᠣᠷᠣᠨ ᠪᠦᠰᠡ ᠳᠤ | ᠬᠦᠷᠴᠦ᠂ ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷᠯᠡᠨ ᠰᠠᠬᠢᠬᠤ ᠲᠦᠷᠢᠮ ᠤᠨ ᠬᠡᠷᠡᠭᠵᠢᠭᠦᠯᠦᠯᠲᠡ᠂ ᠪᠠᠴᠢᠮ | ᠪᠠᠶᠢᠳᠠᠯ ᠢ ᠠᠷᠭᠠᠴᠠᠭᠠᠬᠤ ᠵᠢᠯᠣᠭᠤᠳᠬᠤ ᠰᠢᠰᠲ᠋ᠧᠮ ᠤᠨ ᠠᠵᠢᠯᠯᠠᠭᠠᠨ ᠤ ᠦᠢᠯᠡᠳᠦᠯ ᠴᠢᠳᠠᠪᠤᠷᠢ ᠵᠡᠷᠭᠡ ᠠᠵᠢᠯ ᠤᠨ | ᠪᠠᠶᠢᠳᠠᠯ ᠢ ᠣᠶᠢᠯᠠᠭᠠᠵᠤ᠂ ᠵᠢᠵᠢᠭᠦᠷᠯᠡᠵᠦ ᠵᠢᠭᠰᠠᠭᠠᠬᠤ ᠶᠢᠨ ᠰᠢᠨᠵᠢᠯᠡᠬᠦ ᠤᠬᠠᠭᠠᠨᠴᠢ ᠴᠢᠨᠠᠷ᠂ ᠮᠡᠳᠡᠭᠡ ᠵᠠᠩᠭᠢ | ᠳᠠᠮᠵᠢᠭᠤᠯᠬᠤ ᠴᠠᠭ ᠬᠤᠭᠤᠴᠠᠭᠠᠲᠤ ᠴᠢᠨᠠᠷ᠂ ᠲᠠᠪᠴᠠᠩ ᠤᠨ ᠲᠤᠭ᠎ᠠ ᠪᠠᠷᠢᠮᠲᠠ ᠶᠢᠨ ᠣᠨᠣᠪᠴᠢᠲᠤ ᠴᠢᠨᠠᠷ ᠲᠤ | ᠭᠤᠤᠯᠳᠠᠯᠭ᠎ᠠ ᠲᠠᠢ ᠪᠣᠳᠠᠲᠠᠶ ᠵᠢᠯᠣᠭᠤᠳᠬᠤ ᠰᠠᠨᠠᠯ ᠳᠤᠷᠠᠳᠪᠠ᠃ | ᠶᠠᠷᠢᠯᠴᠠᠬᠤ ᠬᠤᠷᠠᠯ ᠳᠡᠭᠡᠷ᠎ᠡ᠂ ᠰᠤ᠋ ᠷᠦᠢ ᠹᠧᠩ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠲᠣᠪᠴᠢᠶ᠎ᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠢ ᠭᠦᠢᠴᠡᠳ | ᠨᠤᠲᠠᠯᠠᠬᠤ ᠶᠢᠨ ᠬᠠᠮᠲᠤ ᠣᠳᠣᠬᠠᠨ ᠳᠤ ᠪᠥᠬᠦ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠰᠠᠭᠤᠷᠢ ᠪᠠᠭᠤᠷᠠᠶ᠂ | ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠴᠢᠳᠠᠪᠤᠷᠢ ᠬᠦᠷᠦᠯᠴᠡᠬᠦ ᠥᠬᠡᠶ᠂ ᠦᠨᠳᠦᠰᠦᠨ ᠱᠠᠲᠤᠨ ᠤ | ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠬᠦ ᠴᠢᠬᠤᠯᠠᠲᠠᠶ ᠵᠡᠷᠭᠡ | ᠠᠰᠠᠭᠤᠳᠠᠯ ᠢ ᠮᠥᠨ ᠬᠦ ᠣᠮᠲᠣᠭᠠᠶᠢᠯᠠᠵᠤ ᠪᠣᠯᠤᠰᠢ ᠥᠬᠡᠶ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠳᠤ | ᠲᠣᠳᠣᠷᠬᠠᠶ ᠱᠠᠭᠠᠷᠳᠠᠯᠭ᠎ᠠ ᠳᠤᠷᠠᠳᠪᠠ᠄ ᠨᠢᠭᠡ ᠳᠤ᠂ ᠬᠠᠷᠢᠭᠤᠴᠠᠯᠭ᠎ᠠ ᠶᠢᠨ ᠬᠡᠯᠬᠢᠶ᠎ᠡ ᠶᠢ ᠪᠣᠳᠠᠲᠠᠶᠢᠵᠢᠭᠤᠯᠵᠤ᠂ | ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ | ᠬᠡᠷᠡᠭᠲᠡᠢ᠃ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠣᠰ | ᠬᠠᠷᠢᠭᠤᠴᠠᠯᠭ᠎ᠠ ᠡᠭᠦᠷᠭᠡᠯᠡᠬᠦ᠂ ᠵᠡᠷᠭᠡᠪᠡᠷ ᠠᠳᠬᠤᠨ ᠬᠠᠮᠲᠤᠪᠠᠷ ᠬᠠᠮᠢᠶᠠᠷᠬᠤ᠂ ᠲᠤᠰᠢᠶᠠᠯ ᠳᠠᠭᠠᠨ ᠣᠰᠣᠯᠳᠠᠪᠠᠯ | ᠬᠠᠷᠢᠭᠤᠴᠠᠯᠭ᠎ᠠ ᠨᠡᠬᠡᠮᠵᠢᠯᠡᠬᠦ︾ ᠪᠠ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠭᠦᠢᠴᠡᠳᠬᠡᠬᠦ︾ | ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠷᠢᠶ᠎ᠠ ᠭᠠᠵᠠᠷ᠂ ᠰᠠᠯᠠᠭ᠎ᠠ ᠮᠥᠴᠢᠷ᠂ ᠠᠵᠤ ᠠᠬᠤᠶᠢᠯᠠᠯ ᠤᠨ | ᠬᠠᠷᠢᠭᠤᠴᠠᠯᠭ᠎ᠠ ᠶᠢ ᠨᠠᠷᠢᠯᠢᠭᠵᠢᠭᠤᠯᠵᠤ᠂ ︽ᠱᠠᠳᠤ ᠱᠠᠳᠤ ᠪᠠᠷ ᠬᠠᠷᠢᠭᠤᠴᠠᠬᠤ︾ ᠬᠠᠷᠢᠭᠤᠴᠠᠯᠭ᠎ᠠ ᠶᠢᠨ ᠰᠢᠰᠲ᠋ᠧᠮ ᠢ | ᠪᠠᠶᠢᠭᠤᠯᠬᠤ ᠬᠡᠷᠡᠭᠳᠡᠢ᠃ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ | ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠭᠤᠣᠯᠳᠠᠯᠭ᠎ᠠ ᠲᠠᠢ ᠠᠵᠢᠯ ᠲᠦᠷᠦᠯ ᠳᠤ | ᠠᠩᠬᠠᠷᠤᠯ ᠢᠶᠠᠨ ᠲᠥᠪᠯᠡᠷᠡᠭᠦᠯᠦᠨ ᠲᠤᠰᠬᠠᠢ ᠪᠠᠶᠢᠴᠠᠭᠠᠯᠲᠠ ᠶᠢ ᠥᠷᠨᠢᠭᠦᠯᠵᠦ᠂ ᠪᠦᠬᠦ ᠬᠡᠯᠬᠢᠶᠡᠨ ᠤ ᠬᠢᠨᠠᠯᠲᠠ | ᠬᠠᠮᠢᠶᠠᠷᠤᠯᠲᠠ ᠶᠢ ᠴᠢᠩᠭᠠᠳᠬᠠᠬᠤ ᠬᠡᠷᠡᠭᠳᠡᠢ᠃ ᠬᠤᠶᠠᠷ ᠲᠤ᠂ ᠰᠢᠯᠭᠠᠷᠠᠭᠰᠠᠨ ᠡᠩᠨᠡᠭᠡ ᠶᠢ ᠳᠠᠪᠲᠠᠨ | ᠪᠣᠯᠪᠠᠰᠤᠷᠠᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠴᠢᠳᠠᠪᠤᠷᠢᠲᠠᠨ ᠤ ᠰᠠᠭᠤᠷᠢ ᠶᠢ | ᠪᠠᠬᠢᠵᠢᠭᠦᠯᠦᠨ᠎ᠡ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠤᠨ ᠲᠤᠰᠬᠠᠶ ᠮᠡᠷᠭᠡᠵᠢᠯ ᠤᠨ | ᠴᠢᠨᠠᠷ ᠢᠶᠠᠷ ᠴᠢᠩᠭ᠎ᠠ᠂ ᠡᠭᠦᠷᠭᠡ ᠬᠦᠨᠳᠦ᠂ ᠲᠦᠭᠰᠢᠭᠦᠷᠢ ᠶᠡᠬᠡᠲᠡᠶ ᠪᠠᠶᠢᠬᠤ ᠣᠨᠴᠠᠯᠢᠭ ᠤᠨ ᠡᠮᠦᠨ᠎ᠡ᠂ ︽ᠲᠤᠰᠬᠠᠶ | ᠮᠡᠷᠭᠡᠵᠢᠯ ᠢ ᠬᠤᠣᠰᠯᠠᠭᠤᠯᠤᠭᠰᠠᠨ᠂ ᠲᠤᠰᠬᠠᠯ ᠢᠶᠠᠷ ᠬᠤᠷᠴᠠ ᠰᠡᠷᠭᠡᠭ᠂ ᠰᠤᠷᠲᠠᠯ ᠢᠶᠠᠷ ᠴᠢᠩᠭ᠎ᠠ᠂ ᠴᠢᠳᠠᠪᠤᠷᠢ | ᠰᠠᠶᠢᠲᠠᠶ︾ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠡᠩᠨᠡᠭᠡ ᠶᠢ ᠪᠠᠶᠢᠭᠤᠯᠬᠤ ᠴᠢᠬᠤᠯᠠᠲᠠᠶ᠃ | ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ ᠬᠥᠮᠦᠵᠢᠭᠦᠯᠬᠦ ᠶᠢ ᠴᠢᠩᠭᠠᠳᠬᠠᠬᠤ ᠪᠠᠷ | ᠳᠠᠮᠵᠢᠭᠤᠯᠤᠨ᠂ ᠺᠠᠳ᠋ᠷ ᠤᠨ ᠬᠥᠮᠦᠵᠢᠯ ᠪᠣᠯᠪᠠᠰᠤᠷᠠᠭᠤᠯᠤᠯ ᠢ ᠴᠢᠩᠭᠠᠳᠬᠠᠵᠤ᠂ ᠺᠠᠳ᠋ᠷ ᠤᠨ ᠲᠤᠬᠠᠶᠢᠯᠠᠭᠰᠠᠨ ᠠᠵᠢᠯ ᠤᠨ | ᠬᠢᠷᠢ ᠬᠡᠮᠵᠢᠶ᠎ᠡ ᠬᠢᠭᠡᠳ ᠪᠠᠴᠢᠮ ᠪᠠᠶᠢᠳᠠᠯ ᠢ ᠠᠷᠭᠠᠴᠠᠭᠠᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠴᠢᠳᠠᠪᠤᠷᠢ ᠶᠢ | ᠪᠥᠬᠦ ᠲᠠᠯ᠎ᠠ ᠪᠠᠷ ᠳᠡᠭᠡᠭᠰᠢᠯᠡᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠳᠤ ᠪᠠᠲᠤ ᠪᠠᠬᠢ | ᠬᠥᠮᠦᠨ ᠤ ᠬᠦᠴᠦᠨ ᠤ ᠪᠠᠲᠤᠯᠠᠭ᠎ᠠ ᠬᠠᠩᠭᠠᠨ᠎ᠠ᠃ ᠭᠤᠷᠪᠠ ᠳᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠡᠨᠧᠷᠭᠢ ᠣᠯᠭᠤᠬᠤ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠬᠡᠯᠪᠡᠷᠢ ᠪᠠᠨ | ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠤᠨ᠎ᠠ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ | ᠰᠢᠨ᠎ᠡ ᠶᠢ ᠡᠭᠦᠳᠬᠦ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠵᠤ᠂ ᠲᠡᠷᠢᠭᠦᠨ ᠤ ᠮᠡᠷᠭᠡᠵᠢᠯ ᠲᠣᠨᠣᠭᠯᠠᠯ ᠤᠨ | ᠬᠡᠷᠡᠭᠯᠡᠯᠲᠡ ᠶᠢ ᠳᠡᠯᠭᠡᠷᠡᠭᠦᠯᠬᠦ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠲᠦᠷᠭᠡᠳᠬᠡᠬᠦ᠂ ᠲᠤᠰᠬᠠᠶ | ᠮᠡᠷᠭᠡᠵᠢᠯ ᠤᠨ ᠪᠣᠯᠪᠠᠰᠤᠷᠠᠭᠤᠯᠤᠯ ᠢ ᠥᠷᠨᠢᠭᠦᠯᠬᠦ ᠪᠠᠷ ᠳᠠᠮᠵᠢᠭᠤᠯᠤᠨ ᠤᠶᠤᠨᠴᠢᠯᠠᠬᠤ ᠬᠢᠷᠢ ᠬᠡᠮᠵᠢᠶ᠎ᠡ ᠪᠠᠨ ᠪᠥᠬᠦ | ᠲᠠᠯ᠎ᠠ ᠪᠠᠷ ᠳᠡᠭᠡᠭᠰᠢᠯᠡᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢ ᠲᠣᠭᠠᠴᠢᠯᠠᠬᠤ᠂ ᠤᠶᠤᠨᠴᠢᠯᠠᠬᠤ | ᠲᠡᠰᠢ ᠪᠥᠬᠦ ᠲᠠᠯ᠎ᠠ ᠪᠠᠷ ᠲᠠᠰ ᠳᠡᠪᠰᠢᠭᠦᠯᠬᠦ ᠶᠢ ᠳᠥᠯᠭᠢᠨ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠬᠦᠴᠦᠨ ᠢᠶᠠᠷ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠦᠷ᠎ᠡ ᠪᠦᠲᠦᠮᠵᠢ ᠪᠠᠨ | ᠳᠡᠭᠡᠭᠰᠢᠯᠡᠭᠦᠯᠬᠦ ᠬᠡᠷᠡᠭᠲᠡᠶ᠃ | |