ᠠᠳᠠᠯ ᠦᠢᠯᠡᠰ ᠪᠣᠰᠬᠠᠵᠤ ᠨᠡᠷᠡᠲᠦ ᠲᠡᠮᠳᠡᠭᠲᠦ ᠴᠣᠭᠴᠠᠯᠠᠬᠤ—ᠨᠤᠲᠤᠭ ᠲᠠᠭᠠᠨ ᠪᠤᠴᠠᠭᠰᠠᠨ ᠵᠠᠯᠠᠭᠤ ᠶᠢᠨ ︽ᠲᠠᠯ᠎ᠠ ᠨᠤᠲᠤᠭ ᠤᠨ ᠠᠵᠤ ᠠᠬᠤᠢ ᠶᠢᠨ ᠤᠬᠠᠭᠠᠨ︾
ᠨᠡᠶᠢᠲᠡᠯᠡᠭᠰᠡᠨ ᠴᠠᠭ᠄
2025/6/13
      ︽︿ᠪᠣᠳᠠᠲᠤ ᠠᠵᠢᠯᠯᠠᠭ᠎ᠠ ᠪᠠᠷ ᠢᠶᠠᠨ ᠥᠪᠡᠷ ᠢ ᠪᠠᠨ ᠬᠤᠪᠢᠷᠠᠭᠤᠯᠵᠤ᠂ ᠦᠨᠡᠨᠴᠢ ᠰᠡᠳᠬᠢᠯᠭᠡ ᠪᠠᠷ ᠦᠷᠳᠡᠭ ᠢ ᠡᠭᠦᠳᠦᠨ᠎ᠡ﹀ ᠡᠨᠡ ᠪᠣᠯ ᠮᠢᠨᠦ ᠬᠢᠴᠢᠶᠡᠰᠦ ᠮᠥᠨ᠂ ᠪᠠᠰᠠ ᠴᠤ ᠮᠠᠨ ᠤ ᠪᠦᠯᠬᠦᠮ ᠨᠡᠶᠢᠲᠡ ᠶᠢᠨ ᠤᠷᠢᠶ᠎ᠠ ᠮᠥᠨ᠂ ᠦᠢᠯᠡᠰ ᠪᠣᠰᠬᠠᠬᠤ ᠡᠬᠢᠨ ᠤ ᠦᠶ᠎ᠡ ᠠᠴᠠ ᠣᠲᠣ ᠪᠣᠯᠲᠠᠯ᠎ᠠ᠂ ᠪᠢᠳᠡ ᠶᠡᠷᠦ ᠠᠴᠠ ᠡᠨᠡ ᠴᠢᠭᠯᠡᠯ ᠢᠶᠠᠷ ᠲᠠᠰᠤᠷᠠᠯᠲᠠ ᠦᠭᠡᠢ ᠴᠢᠷᠮᠠᠶᠢᠭᠰᠠᠭᠠᠷ ᠢᠷᠡᠵᠡᠢ᠃︾ ᠭᠡᠵᠦ ᠥᠪᠥᠷ ᠮᠣᠩᠭᠤᠯ ᠤᠨ ᠮᠦ ᠯᠠᠢ ᠭᠧ  ᠲᠠᠷᠢᠶᠠᠯᠠᠩ ᠮᠠᠯ ᠠᠵᠤ ᠠᠬᠤᠢ ᠶᠢᠨ ᠪᠦᠷᠢᠨ ᠪᠤᠰᠤ ᠬᠠᠷᠢᠭᠤᠴᠠᠯᠭᠠᠲᠤ ᠺᠣᠮᠫᠠᠨᠢ ᠶᠢᠨ ᠬᠠᠷᠢᠭᠤᠴᠠᠯᠭᠠᠲᠠᠨ ᠴᠠᠩ ᠰᠢᠶᠣᠣ ᠪᠥᠸᠧ ᠬᠡᠯᠡᠪᠡ᠃      1989 ᠣᠨ ᠳᠤ ᠴᠠᠩ ᠰᠢᠶᠣᠣ ᠪᠥᠸᠧ ᠳᠠᠷᠬᠠᠨ ᠮᠤᠤᠮᠢᠩᠭᠠᠨ ᠳᠤ ᠲᠦᠷᠦᠵᠦ ᠥᠰᠪᠡ᠃ ᠶᠡᠭᠡ ᠰᠤᠷᠭᠠᠭᠤᠯᠢ ᠪᠠᠨ ᠲᠡᠭᠦᠰᠦᠭᠰᠡᠨ ᠤ ᠳᠠᠷᠠᠭ᠎ᠠ᠂ ᠲᠡᠷᠡ ᠵᠠᠪᠰᠢᠶᠠᠨ ᠢ ᠳᠠᠯᠢᠮᠳᠠᠭᠤᠯᠤᠨ ᠪᠠᠷᠢᠯᠭ᠎ᠠ ᠶᠢᠨ ᠠᠵᠢᠯ ᠲᠥᠷᠥᠯ ᠳᠤ ᠣᠷᠣᠵᠤ᠂ ︽ᠵᠢᠵᠢᠭ ᠳᠠᠭᠠᠭᠠᠴᠢᠯᠠᠭᠴᠢ︾ ᠪᠣᠯᠵᠤ᠂ ᠬᠥᠮᠦᠨ ᠤ ᠠᠮᠢᠳᠤᠷᠠᠯ ᠤᠨ ︽ᠨᠢᠭᠡᠳᠦᠭᠡᠷ ᠰᠠᠭᠤᠯᠠᠭ᠎ᠠ ᠬᠦᠷᠦᠩᠭᠡ︾ ᠪᠠᠨ ᠣᠯᠣᠭᠰᠠᠨ ᠪᠠᠶᠢᠨ᠎ᠠ᠂ ᠡᠨᠡ ᠨᠢ ᠮᠥᠨ ᠴᠦ ᠲᠡᠭᠦᠨ ᠤ ︽ᠦᠨᠳᠦᠰᠦᠨ ᠬᠦᠷᠦᠩᠭᠡ︾ ᠪᠣᠯᠤᠨ᠎ᠠ᠃ ᠡᠨᠡ ᠬᠦ ᠪᠡᠯᠡ ᠮᠥᠩᠭᠦ ᠳᠤ ᠪᠠᠨ ᠲᠦᠰᠢᠭᠯᠡᠨ᠂ ᠴᠠᠩ ᠰᠢᠶᠤᠤ ᠪᠥᠸᠧ ᠥᠪᠡᠷ ᠤᠨ ᠨᠤᠲᠤᠭ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ ᠪᠠᠨ ᠨᠢᠭᠡᠨ ᠬᠠᠯᠠᠭᠤᠨ ᠲᠣᠭᠤᠭᠠᠨ ᠤ ᠳᠡᠯᠭᠡᠭᠦᠷ ᠲᠤ ᠪᠡᠯᠡ ᠣᠷᠣᠭᠤᠯᠵᠤ ᠂ ᠬᠥᠷ ᠬᠥᠭᠵᠢᠶᠡᠨ ᠲᠠᠢ ᠠᠷᠠᠯᠵᠢᠶ᠎ᠠ ᠨᠢ ᠲᠡᠭᠦᠨ ᠤ ᠦᠢᠯᠡᠰ ᠪᠣᠰᠬᠠᠬᠤ ᠢᠲᠡᠭᠡᠯ ᠵᠣᠷᠢᠭ ᠢ ᠤᠯᠠᠮ ᠢᠶᠠᠷ ᠪᠠᠲᠤᠳᠬᠠᠵᠠᠶ᠃      ︽2012 ᠣᠨ ᠤ ᠦᠶ᠎ᠡ ᠳᠤ᠂ ᠪᠢᠳᠡ ᠥᠪᠡᠷ ᠤᠨ ᠬᠠᠯᠠᠭᠤᠨ ᠲᠣᠭᠤᠭᠠᠨ ᠤ ᠨᠠᠷᠠᠲᠤ ᠲᠡᠮᠳᠡᠭᠲᠦ ︿ᠮᠠᠯᠴᠢᠨ ᠲᠠᠯ᠎ᠠ ᠨᠤᠲᠤᠭ﹀ ᠢ ᠪᠠᠶᠢᠭᠤᠯᠵᠤ᠂ ᠪᠤᠭᠤᠲᠤ᠂ ᠲᠠᠶᠢᠶᠤᠸᠠᠨ᠂ ᠳ᠋ᠠᠲ᠋ᠦ᠋ᠩ ᠳᠤ ᠭᠤᠷᠪᠠᠨ ᠳᠡᠯᠭᠡᠭᠦᠷ ᠨᠡᠭᠡᠭᠡᠵᠦ ᠂ ᠲᠦᠭᠦᠬᠡᠶ ᠮᠠᠲ᠋ᠧᠷᠢᠶᠠᠯ ᠨᠢ ᠳᠠᠷᠤᠶ ᠲᠠᠷᠬᠠᠨ ᠮᠤᠤᠮᠢᠩᠭᠠᠨ ᠤ ᠲᠠᠯ᠎ᠠ ᠨᠤᠲᠤᠭ ᠤᠨ ᠦᠬᠡᠷ ᠬᠤᠨᠢᠨ ᠤ ᠮᠢᠬ᠎ᠠ ᠶᠢ ᠬᠡᠷᠡᠭᠯᠡᠵᠦ᠂ ᠵᠣᠴᠢᠳ ᠤᠨ ᠠᠮᠲᠠᠯᠠᠭᠰᠠᠨ ᠤ ᠳᠠᠷᠠᠭᠠᠬᠢ ᠬᠠᠷᠢᠭᠤ ᠨᠢ ᠪᠦᠷ ᠮᠠᠰᠢ ᠵᠦᠭᠡᠷ︾᠃ ᠴᠠᠩ ᠰᠢᠶᠣᠤ ᠪᠥᠸᠧ᠄ ︽ᠬᠠᠷᠠᠮᠰᠠᠵᠤ ᠪᠠᠶᠢᠬᠤ ᠨᠢ ᠬᠡᠳᠦᠨ ᠵᠢᠯ ᠬᠤᠶᠢᠨ᠎ᠠ ᠬᠤᠶᠢᠨ᠎ᠠ ᠠᠴᠠ ᠪᠠᠨ ᠡᠭᠦᠳᠡ ᠪᠠᠨ ᠬᠠᠭᠠᠵᠤ᠂ ᠦᠷᠭᠦᠯᠵᠢ ᠬᠢᠵᠦ ᠴᠢᠳᠠᠭᠰᠠᠨ ᠦᠭᠡᠢ᠂ ᠮᠦᠨ ᠴᠤ ︿ᠮᠠᠯᠴᠢᠨ ᠲᠠᠯ᠎ᠠ ᠨᠤᠲᠤᠭ﹀ ᠭᠡᠬᠦ ᠡᠨᠡ ᠬᠦ ᠨᠠᠷᠠᠲᠤ ᠲᠡᠮᠳᠡᠭᠲᠦ ᠶᠢ ᠦᠨᠡᠨ ᠬᠦ ᠠᠯᠳᠠᠷᠰᠢᠭᠤᠯᠵᠤ ᠴᠢᠳᠠᠭᠰᠠᠨ ᠦᠭᠡᠢ︾ ᠭᠡᠵᠦ ᠬᠡᠯᠡᠪᠡ᠃ ᠡᠨᠡ ᠤᠳᠠᠭᠠᠨ ᠤ ᠦᠢᠯᠡᠰ ᠪᠦᠲᠦᠭᠡᠬᠦ ᠢᠯᠠᠭᠳᠠᠭᠰᠠᠨ ᠰᠢᠯᠲᠠᠭᠠᠨ ᠢ ᠵᠠᠳᠠᠯᠵᠤ ᠦᠵᠡᠬᠦ ᠳᠡᠭᠡᠨ᠂ ᠴᠠᠩ ᠰᠢᠶᠣᠣ ᠪᠥᠸᠧ ᠶᠢᠨ ᠦᠵᠡᠬᠦ ᠪᠠᠷ ᠭᠤᠣᠯᠳᠠᠭᠤ ᠦᠬᠡᠷ ᠬᠤᠨᠢᠨ ᠤ ᠮᠢᠬ᠎ᠠ ᠶᠢᠨ ᠬᠠᠩᠭᠠᠯᠲᠠ ᠶᠢᠨ ᠠᠰᠠᠭᠤᠳᠠᠯ᠂ ᠨᠢᠭᠡ ᠲᠠᠯ᠎ᠠ ᠪᠠᠷ ᠦᠬᠡᠷ ᠬᠤᠨᠢᠨ ᠤ ᠮᠢᠬ᠎ᠠ ᠶᠢᠨ ᠲᠥᠭᠦᠬᠡᠢ ᠮᠠᠲ᠋ᠧᠷᠢᠶᠠᠯ ᠲᠤᠲᠠᠭᠳᠠᠵᠤ᠂ ᠨᠥᠭᠦᠭᠡ ᠲᠠᠯ᠎ᠠ ᠪᠠᠷ ᠪᠠᠷᠠᠭ᠎ᠠ ᠬᠠᠩᠭᠠᠬᠤ ᠴᠢᠨᠠᠷ ᠤᠨ ᠵᠥᠷᠢᠶ᠎ᠡ ᠭᠠᠷᠳᠠᠭ᠃      ᠳᠠᠷᠬᠠᠨ ᠮᠤᠤᠮᠢᠩᠭᠠᠨ ᠳᠤ ᠪᠤᠴᠠᠭᠰᠠᠨ ᠤ ᠳᠠᠷᠠᠭ᠎ᠠ᠂ ᠴᠠᠩ ᠰᠢᠶᠤᠤ ᠪᠥᠸᠧ ᠦᠬᠡᠷᠬᠤᠳᠳᠤᠭ ᠪᠠᠯᠭᠠᠰᠤᠨ ᠳᠤ ᠥᠪᠡᠷ ᠤᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠢᠶᠠᠨ ᠪᠠᠶᠢᠭᠤᠯᠪᠠ᠃ ᠡᠨᠡ ᠦᠶ᠎ᠡ ᠳᠤ ᠪᠠᠰᠠ ᠰᠢᠨ᠎ᠡ ᠠᠰᠠᠭᠤᠳᠠᠯ ᠭᠠᠷᠴᠠᠢ᠄ ᠦᠬᠡᠷ ᠬᠤᠨᠢᠨ ᠤ ᠴᠢᠨᠠᠷ ᠰᠠᠶᠢᠲᠠᠶ ᠮᠢᠬ᠎ᠠ ᠲᠠᠢ ᠪᠣᠯᠤᠭᠰᠠᠨ ᠪᠣᠯᠪᠠᠴᠤ ᠰᠠᠶᠢᠨ ᠠᠷᠭ᠎ᠠ ᠵᠠᠮ᠂ ᠪᠣᠷᠣᠯᠠᠭᠤᠯᠬᠤ ᠵᠠᠮ ᠭᠡᠵᠦ ᠪᠠᠶᠢᠬᠤ ᠦᠭᠡᠢ᠃ ᠲᠡᠷᠡ ᠪᠦᠯᠬᠦᠮ ᠢᠶᠠᠨ ᠳᠠᠭᠠᠭᠤᠯᠤᠨ ᠲᠤᠬᠠᠶ ᠶᠢᠨ ᠭᠠᠵᠠᠷ ᠲᠤ  ᠨᠢ ᠪᠠᠶᠢᠴᠠᠭᠠᠨ ᠰᠤᠳᠤᠯᠤᠯᠲᠠ ᠬᠢᠭᠡᠳ᠂ ᠮᠠᠰᠢ ᠣᠯᠠᠨ ᠮᠠᠯᠴᠢᠳ ᠤᠨ ᠭᠠᠷ ᠲᠠᠬᠢ ᠦᠬᠡᠷ ᠬᠤᠨᠢ ᠪᠠᠨ ᠬᠤᠳᠠᠯᠳᠤᠵᠤ ᠳᠡᠶᠢᠯᠬᠦ ᠦᠭᠡᠢ᠂ ᠬᠤᠳᠠᠯᠳᠤᠭᠰᠠᠨ ᠴᠤ ᠰᠠᠶᠢᠨ ᠦᠨ᠎ᠡ ᠪᠠᠷ ᠬᠤᠳᠠᠯᠳᠤᠵᠤ ᠳᠡᠶᠢᠯᠬᠦ ᠦᠭᠡᠢ᠂ ᠬᠠᠷᠢᠨ ᠵᠠᠬ᠎ᠠ ᠳᠡᠯᠭᠡᠭᠦᠷ ᠳᠡᠭᠡᠷᠡᠬᠢ ᠨᠡᠶᠢᠳᠡᠮ ᠤᠨ ᠤᠯᠠᠮᠵᠢᠯᠠᠯᠲᠤ ᠮᠢᠬᠠᠨ ᠤ ᠳᠡᠯᠭᠡᠭᠦᠷ ᠤᠨ ᠬᠡᠮᠵᠢᠶ᠎ᠡ ᠨᠢ ᠪᠠᠭ᠎ᠠ ᠪᠥᠭᠡᠳ ᠢᠳᠡᠭᠡᠨ ᠤᠮᠳᠠᠭᠠᠨ᠂ ᠪᠥᠭᠡᠮ ᠢᠶᠠᠷ ᠬᠤᠳᠠᠯᠳᠤᠬᠤ ᠵᠡᠷᠭᠡ ᠲᠠᠯ᠎ᠠ ᠶᠢᠨ ᠪᠠᠷᠠᠭ᠎ᠠ ᠬᠠᠩᠭᠠᠬᠤ ᠬᠡᠯᠬᠢᠶ᠎ᠡ ᠶᠢ ᠴᠤ ᠲᠤᠯᠭᠠᠭᠤᠷᠢᠯᠠᠵᠤ ᠳᠡᠶᠢᠯᠬᠦ ᠦᠭᠡᠢ ᠭᠡᠳᠡᠭ ᠢ ᠣᠯᠵᠣ ᠮᠡᠳᠡᠵᠡᠢ᠃ ᠰᠠᠶᠢᠨ ᠦᠢᠯᠡᠳᠬᠦᠨ ᠰᠠᠶᠢᠨ ᠠᠷᠭ᠎ᠠ ᠵᠠᠮ ᠦᠭᠡᠢ᠂ ᠰᠠᠶᠢᠨ ᠦᠨ᠎ᠡ ᠪᠠᠷ ᠰᠠᠶᠢᠨ ᠶᠠᠭᠤᠮ᠎ᠠ ᠶᠢ ᠬᠤᠳᠠᠯᠳᠤᠨ ᠠᠪᠴᠤ ᠳᠡᠶᠢᠯᠬᠦ ᠦᠭᠡᠢ᠂ ︽ᠬᠤᠣᠰ ᠪᠠᠯᠠᠢ︾ ᠨᠢ ᠲᠠᠷᠬᠠᠨ ᠮᠤᠤᠮᠢᠩᠭᠠᠨ ᠤ ᠦᠬᠡᠷ ᠬᠤᠨᠢᠨ ᠤ ᠮᠢᠬᠠᠨ ᠤ ᠭᠠᠳᠠᠭᠰᠢ ᠭᠠᠷᠬᠤ ᠶᠢ ᠬᠢᠵᠠᠭᠠᠷᠯᠠᠬᠤ ᠵᠠᠩᠭᠢᠯᠠᠭ᠎ᠠ ᠶᠢᠨ ᠬᠦᠴᠦᠨ ᠵᠦᠢᠯ ᠪᠣᠯᠵᠠᠢ᠃      ᠴᠠᠩ ᠰᠢᠶᠣᠣ ᠪᠥᠸᠧ ᠠᠷᠭ᠎ᠠ ᠲᠣᠭᠲᠠᠭᠠᠵᠤ᠂ ᠨᠤᠲᠤᠭ ᠤᠨ ᠦᠬᠡᠷ ᠬᠤᠨᠢᠨ ᠤ ᠮᠢᠬ᠎ᠠ ᠪᠠᠨ ᠪᠣᠷᠣᠯᠠᠭᠤᠯᠬᠤ ᠭᠡᠪᠡᠯ ᠡᠷᠬᠡᠪᠰᠢ ᠨᠡᠷᠡᠲᠦ ᠲᠡᠮᠳᠡᠭ ᠡᠭᠦᠳᠴᠦ᠂ ᠬᠡᠷᠡᠭᠯᠡᠭᠴᠢᠳ ᠤᠨ ᠵᠠᠬ᠎ᠠ ᠳᠡᠯᠭᠡᠭᠦᠷ ᠲᠤ  ᠣᠷᠣᠭᠤᠯᠬᠤ ᠬᠡᠷᠡᠭᠲᠡᠢ︕ 2022 ᠣᠨ ᠤ 4 ᠳ᠋ᠦ᠋ᠭᠡᠷ ᠰᠠᠷ᠎ᠠ ᠳᠤ ᠨᠢᠭᠡᠳᠦᠭᠡᠷ ᠲᠠᠷᠬᠠᠨ ᠮᠤᠤᠮᠢᠩᠭᠠᠨ ᠤ ᠬᠤᠨᠢᠨ ᠮᠢᠬᠠᠨ ᠤ ᠬᠤᠰᠢᠭᠤᠴᠢ ᠳᠡᠯᠭᠡᠭᠦᠷ ᠮᠦ ᠯᠠᠢ ᠭᠧ᠂ ᠪᠤᠭᠤᠲᠤ ᠶᠢᠨ ᠴᠢᠩ ᠱᠠᠨ ᠳᠤ ᠵᠢᠩᠬᠢᠨᠢ ᠪᠠᠷ ᠠᠵᠢᠯ ᠡᠬᠢᠯᠡᠪᠡ᠃ ᠲᠡᠵᠢᠭᠡᠨ ᠦᠷᠡᠵᠢᠭᠦᠯᠵᠦ ᠠᠯᠠᠵᠤ ᠨᠢᠲᠤᠯᠬᠤ ᠠᠴᠠ ᠠᠪᠤᠭᠠᠳ ᠲᠥᠷᠥᠯ ᠬᠤᠪᠢᠶᠠᠵᠤ ᠳᠠᠬᠢᠨ ᠡᠵᠡᠩᠨᠡᠨ ᠪᠣᠷᠣᠯᠠᠭᠤᠯᠬᠤ ᠪᠣᠯᠲᠠᠯ᠎ᠠ ᠳᠡᠯᠭᠡᠷᠡᠭᠦᠯᠵᠦ ᠂ ᠴᠠᠩ ᠰᠢᠶᠣᠣ ᠪᠦᠸᠧ ᠪᠦᠯᠬᠦᠮ ᠤᠨ ᠨᠦᠬᠦᠳ ᠲᠠᠢ ᠪᠠᠨ ᠪᠦᠳᠦᠷᠢᠵᠦ ᠲᠡᠭᠡᠭᠯᠡᠬᠦ ᠶᠢᠨ ᠳᠤᠮᠳᠠ ᠦᠰᠦᠨ ᠪᠦᠵᠢᠪᠠ ᠃ ᠬᠤᠶᠠᠳᠤᠭᠠᠷ᠂ ᠭᠤᠷᠪᠠᠳᠤᠭᠠᠷ ᠡᠷᠦᠬᠡ ᠁ ᠣᠳᠣ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠤᠨᠢᠨ ᠮᠢᠬᠠᠨ ᠤ ᠬᠤᠰᠢᠭᠤᠴᠢ ᠳᠡᠯᠭᠡᠭᠦᠷ ᠨᠢᠭᠡᠨᠲᠡ 22 ᠬᠤᠪᠢᠶᠠᠷᠢ ᠳᠡᠯᠭᠡᠭᠦᠷ ᠲᠠᠢ ᠪᠣᠯᠤᠭᠰᠠᠨ ᠪᠥᠭᠡᠳ ᠦᠷᠭᠦᠯᠵᠢᠯᠡᠨ ᠪᠦᠲᠦᠭᠡᠨ ᠪᠠᠶᠢᠭᠤᠯᠵᠤ ᠪᠠᠶᠢᠨ᠎ᠠ᠃      2024 ᠣᠨ ᠳᠤ᠂ ᠥᠪᠥᠷ ᠮᠣᠩᠭᠤᠯ ᠤᠨ ᠮᠦ ᠯᠠᠢ ᠭᠧ ᠲᠠᠷᠢᠶᠠᠯᠠᠩ ᠮᠠᠯ ᠠᠵᠤ ᠠᠬᠤᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠦᠬᠡᠷᠬᠤᠳᠳᠤᠭ ᠪᠠᠯᠭᠠᠰᠤ᠂ ᠰᠢᠷᠡᠮᠦ᠋ᠷᠡᠨ ᠪᠠᠯᠭᠠᠰᠤ᠂ ᠬᠤᠰᠢᠭᠤᠨ ᠳᠡᠰ ᠤᠨ ᠤᠯᠤᠰ ᠤᠨ ᠥᠮᠴᠢᠯᠡᠯᠲᠦ ᠠᠵᠤ ᠠᠬᠤᠶᠢᠯᠠᠯ ᠲᠠᠢ ᠤᠯᠠᠮ ᠨᠢᠭᠡ ᠠᠯᠬᠤᠮ ᠨᠢᠭᠲᠠ ᠬᠠᠮᠲᠤᠷᠠᠯᠴᠠᠵᠤ᠂ ︽ᠬᠤᠶᠠᠷ ᠭᠠᠵᠠᠷ ᠭᠤᠷᠪᠠᠨ ᠡᠲᠡᠭᠡᠳ︾ ᠤᠨ ᠲᠡᠵᠢᠭᠡᠨ ᠦᠷᠡᠵᠢᠭᠦᠯᠬᠦ ᠰᠢᠨ᠎ᠡ ᠵᠠᠭᠪᠤᠷ ᠢ ᠰᠦᠪᠡᠭᠴᠢᠯᠡᠨ ᠪᠠᠶᠢᠭᠤᠯᠵᠤ᠂ ᠳᠠᠭᠠᠭᠠᠴᠠ ᠠᠴᠠ ᠬᠡᠲᠦᠷᠡᠭᠰᠡᠨ ᠮᠠᠯ ᠢ ᠰᠢᠯᠵᠢᠭᠦᠯᠦᠨ ᠲᠡᠵᠢᠭᠡᠨ ᠦᠷᠡᠵᠢᠭᠦᠯᠵᠦ᠂ ᠲᠠᠯ᠎ᠠ ᠨᠤᠲᠤᠭ ᠤᠨ ᠮᠠᠯᠵᠢᠯ ᠤᠨ ᠳᠠᠷᠤᠯᠲᠠ ᠶᠢ ᠪᠦᠲᠦᠮᠵᠢᠲᠡᠶ ᠪᠠᠭᠠᠰᠬᠠᠬᠤ ᠰᠠᠭᠤᠷᠢᠨ ᠳᠡᠭᠡᠷ᠎ᠡ ᠦᠷ᠎ᠡ ᠠᠰᠢᠭ ᠢ ᠬᠠᠮᠤᠭ ᠤᠨ ᠶᠡᠭᠡ ᠪᠣᠯᠭᠠᠬᠤ ᠶᠢ ᠦᠨᠡᠨ ᠬᠦ ᠪᠡᠶᠡᠯᠡᠭᠦᠯᠪᠡ᠃ ᠦᠬᠡᠷᠬᠤᠳᠳᠤᠭ ᠪᠠᠯᠭᠠᠰᠤᠨ ᠤ ᠱᠠᠩ ᠾᠧ ᠲᠣᠰᠬᠤᠨ ᠤ ᠮᠦ ᠯᠠᠢ ᠭᠧ ᠣᠶᠤᠨᠴᠢ ᠮᠠᠯᠵᠢᠯ ᠤᠨ ᠲᠠᠯᠠᠪᠠᠢ ᠳᠤ᠂ ᠠᠵᠢᠯᠴᠢᠳ ᠬᠤᠨᠢ ᠳᠤ ᠨᠡᠬᠡᠮᠵᠢᠯᠡᠬᠦ ᠰᠢᠰᠲ᠋ᠧᠮ ᠤᠨ ᠴᠢᠬᠢᠨ ᠲᠡᠮᠳᠡᠭ ᠵᠡᠭᠦᠯᠭᠡᠬᠦ ᠠᠵᠢᠯ ᠢ ᠬᠢᠪᠡ︔ ᠨᠥᠭᠦᠭᠡ ᠲᠠᠯ᠎ᠠ ᠪᠠᠷ ᠠᠯᠠᠵᠤ ᠨᠢᠲᠤᠯᠬᠤ ᠪᠠᠷᠢᠮᠵᠢᠶ᠎ᠠ ᠳᠤ ᠨᠡᠶᠢᠴᠡᠭᠰᠡᠨ ᠬᠤᠷᠠᠭ᠎ᠠ ᠶᠢ ᠲᠡᠷᠭᠡᠨ ᠳᠤ ᠲᠡᠭᠡᠭᠡᠪᠡ ︔ ᠣᠶᠤᠨᠲᠤ ᠰᠢᠰᠲ᠋ᠧᠮ ᠨᠢ ᠰᠠᠷᠠᠪᠴᠢ ᠶᠢᠨ ᠳᠤᠯᠠᠭᠠᠨ ᠤ ᠬᠡᠮᠵᠢᠶ᠎ᠡ ᠪᠣᠯᠣᠨ ᠴᠢᠭᠢᠭ ᠤᠨ ᠬᠡᠮᠵᠢᠶ᠎ᠡ ᠶᠢ ᠴᠠᠭ ᠲᠤᠬᠠᠢ ᠳᠤ ᠨᠢ ᠬᠢᠨᠠᠨ ᠡᠵᠡᠮᠳᠡᠨ᠎ᠡ᠃      ︽ᠪᠢᠳᠡ ᠵᠠᠬ᠎ᠠ ᠳᠡᠯᠭᠡᠭᠦᠷ ᠤᠨ ᠦᠨ᠎ᠡ ᠠᠴᠠ ᠬᠤᠶᠠᠷ ᠲᠥᠭᠦᠷᠢᠭ ᠥᠨᠳᠥᠷ ᠦᠨ᠎ᠡ ᠪᠠᠷ ᠰᠢᠷᠠᠮᠥ᠋ᠷᠡᠨ ᠪᠠᠯᠭᠠᠰᠤ ᠠᠴᠠ ᠬᠤᠷᠠᠭ᠎ᠠ ᠬᠤᠳᠠᠯᠳᠤᠨ ᠠᠪᠴᠤ᠂ ᠣᠶᠤᠨᠴᠢ ᠮᠠᠯᠵᠢᠯ ᠤᠨ ᠲᠠᠯᠠᠪᠠᠢ ᠳᠤ ᠪᠠᠨ ᠲᠦᠪᠯᠡᠷᠡᠭᠦᠯᠦᠨ ᠲᠡᠵᠢᠭᠡᠬᠦ ᠪᠠᠷ ᠠᠪᠴᠤ ᠢᠷᠡᠪᠡ᠃ ᠣᠲᠣ ᠳᠥᠷᠪᠡᠨ ᠰᠠᠷᠠᠪᠴᠢ ᠨᠢ ᠪᠠᠷᠤᠭ 2000 ᠲᠣᠯᠤᠭᠠᠢ ᠬᠤᠨᠢ ᠲᠡᠵᠢᠭᠡᠵᠦ᠂ ᠬᠡᠰᠡᠭ ᠬᠤᠭᠤᠴᠠᠭ᠎ᠠ ᠨᠢᠭᠡᠳᠦᠯᠲᠡᠶ ᠲᠡᠵᠢᠭᠡᠵᠦ᠂ ᠪᠠᠷᠢᠮᠵᠢᠶ᠎ᠠ ᠳᠤ ᠬᠦᠷᠪᠡᠯ ᠪᠢᠳᠡ ᠠᠯᠠᠵᠤ ᠨᠢᠲᠤᠯᠬᠤ ᠰᠠᠭᠤᠷᠢᠨ ᠭᠠᠵᠠᠷ ᠲᠤ ᠬᠦᠷᠭᠡᠵᠦ ᠨᠢᠭᠡᠳᠦᠯᠲᠡᠶ ᠠᠯᠠᠵᠤ ᠬᠤᠳᠠᠯᠳᠤᠨ᠎ᠠ᠂ ᠪᠥᠬᠦ ᠤᠯᠤᠰ ᠤᠨ ᠡᠯ᠎ᠡ ᠭᠠᠵᠠᠷ ᠲᠤ ᠪᠣᠷᠣᠯᠠᠭᠤᠯᠵᠤ ᠪᠠᠶᠢᠨ᠎ᠠ᠃ ᠣᠳᠣᠬᠠᠨ ᠳᠤ ᠬᠥᠬᠡᠬᠤᠲᠠ᠂ ᠪᠤᠭᠤᠲᠤ ᠵᠡᠷᠭᠡ ᠭᠠᠵᠠᠷ ᠲᠤ ᠴᠥᠮ ᠮᠠᠨ ᠤ ᠡᠵᠡᠩᠨᠡᠨ ᠪᠣᠷᠣᠯᠠᠭᠤᠯᠬᠤ ᠭᠠᠵᠠᠷ ᠲᠠᠢ ᠪᠠᠶᠢᠵᠤ᠂ ᠮᠠᠯᠵᠢᠯ ᠤᠨ ᠲᠠᠯᠠᠪᠠᠢ ᠠᠴᠠ ᠬᠤᠭᠤᠯᠠᠨ ᠰᠢᠷᠡᠭᠡ ᠬᠦᠷᠲᠡᠯᠡᠬᠢ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠪᠤᠢ ᠪᠣᠯᠭᠠᠵᠤ᠂ ᠵᠢᠯ ᠳᠤ ᠲᠦᠮᠡ ᠭᠠᠷᠤᠢ ᠬᠤᠨᠢ ᠬᠤᠳᠠᠯᠳᠤᠵᠤ ᠪᠠᠶᠢᠨ᠎ᠠ᠃︾ ᠴᠠᠩ ᠰᠢᠶᠤᠤ ᠪᠥᠸᠧ᠄ ︽ᠡᠨᠡ ᠵᠢᠯ᠂ ᠪᠢᠳᠡ ᠰᠢᠷᠠᠮᠥ᠋ᠷᠡᠨ ᠪᠠᠯᠭᠠᠰᠤᠨ ᠳᠤ ᠠᠮᠢᠳᠤ ᠮᠠᠯ ᠬᠤᠳᠠᠯᠳᠤᠨ ᠠᠪᠬᠤ ᠦᠢᠯᠡᠴᠢᠯᠡᠭᠡᠨ ᠤ ᠥᠷᠲᠡᠭᠡ ᠪᠠᠶᠢᠭᠤᠯᠵᠤ᠂ ︿ᠲᠠᠷᠠᠬᠠᠶ ᠪᠤᠲᠠᠷᠬᠠᠶ ᠲᠡᠵᠢᠭᠡᠨ ᠦᠷᠡᠵᠢᠭᠦᠯᠬᠦ  + ᠲᠥᠪᠯᠡᠷᠡᠭᠦᠯᠦᠨ ᠲᠡᠵᠢᠭᠡᠨ ᠦᠷᠡᠵᠢᠭᠦᠯᠬᠦ᠂ ᠨᠢᠭᠡᠳᠦᠯᠲᠡᠶ ᠪᠣᠷᠣᠯᠠᠭᠤᠯᠬᠤ﹀ ᠠᠷᠭ᠎ᠠ ᠮᠠᠶ᠋ᠢᠭ ᠢᠶᠠᠷ ᠳᠠᠮᠵᠢᠨ᠂ ᠮᠥ ᠯᠠᠶ ᠭᠧ ᠨᠠᠷᠠᠲᠤ ᠲᠡᠮᠳᠡᠭᠲᠦ ᠪᠠ ᠳᠡᠯᠭᠡᠭᠦᠷ ᠤᠨ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠠᠷᠠᠯᠵᠢᠶᠠᠨ ᠤ ᠬᠡᠯᠬᠢᠶ᠎ᠡ ᠵᠠᠮ ᠶᠢ ᠨᠡᠪᠲᠡᠷᠡᠭᠦᠯᠦᠨ᠂ ᠮᠠᠯᠴᠢᠨ ᠲᠠᠷᠢᠶᠠᠴᠢᠨ ᠢ ᠬᠠᠪᠰᠤᠷᠤᠨ ᠲᠡᠵᠢᠭᠡᠨ ᠦᠷᠡᠵᠢᠭᠦᠯᠬᠦ ᠮᠡᠷᠭᠡᠵᠢᠯ ᠤᠨ ᠪᠣᠯᠪᠠᠰᠤᠷᠠᠯ᠂ ᠮᠠᠯ ᠤᠨ ᠡᠭᠦᠯᠳᠡᠷ ᠢ ᠰᠠᠶᠢᠵᠢᠷᠠᠭᠤᠯᠬᠤ ᠪᠠ ︿ᠳᠠᠷᠬᠠᠨ ᠮᠤᠤᠮᠢᠩᠭᠠᠨ ᠤ ᠲᠠᠯ᠎ᠠ ᠨᠤᠲᠤᠭ ᠤᠨ ᠬᠤᠨᠢ﹀ ᠶᠢᠨ ᠬᠠᠩᠭᠠᠯᠭ᠎ᠠ ᠵᠡᠷᠭᠡ ᠠᠰᠠᠭᠤᠳᠠᠯ ᠢ ᠰᠢᠢᠳᠪᠦᠷᠢᠯᠡᠵᠦ᠂ ︿ᠨᠢᠭᠡᠳᠦᠯᠲᠡᠶ ᠲᠡᠵᠢᠭᠡᠵᠦ ᠬᠠᠮᠲᠤ ᠪᠠᠷ ᠪᠠᠶᠠᠵᠢᠬᠤ﹀ ᠶᠢ ᠪᠡᠶᠡᠯᠡᠭᠦᠯᠦᠨ᠎ᠡ᠃      ︽ᠳᠠᠭᠠᠭᠠᠴᠢᠯᠠᠭᠴᠢ︾ ᠠᠴᠠ ᠪᠠᠨ ᠬᠠᠯᠠᠭᠤᠨ ᠲᠣᠭᠤᠭᠠᠨ ᠤ ᠳᠡᠯᠭᠡᠭᠦᠷ ᠤᠨ ᠵᠢᠵᠢᠭ ᠡᠵᠡᠨᠲᠡᠨ ᠬᠦᠷᠲᠡᠯ᠎ᠡ᠂ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠢ ᠪᠠᠢᠭᠤᠯᠬᠤ ᠠᠴᠠ ᠠᠪᠤᠭᠠᠳ ︽ᠮᠦ ᠯᠠᠢ ᠭᠧ︾ ᠨᠡᠷᠡᠲᠦ ᠲᠡᠮᠳᠡᠭ ᠢ ᠳᠠᠭᠤᠷᠢᠰᠲᠠᠯ᠎ᠠ᠂ ᠴᠠᠩ ᠰᠢᠶᠣᠣ ᠪᠦᠸᠧ ᠠᠵᠢᠯᠯᠠᠭ᠎ᠠ ᠬᠢᠭᠡᠳ ᠦᠨᠡᠨᠴᠢ ᠰᠡᠳᠭᠢᠯ ᠢᠶᠠᠷ ᠢᠶᠠᠨ ᠳᠠᠷᠬᠠᠨ ᠮᠣᠣᠮᠢᠩᠭᠠᠨ ᠤ ᠬᠠᠯᠠᠭᠤᠨ ᠬᠥᠷᠥᠰᠥᠨ ᠳᠡᠭᠡᠷ᠎ᠡ ᠥᠪᠡᠷ ᠤᠨ ᠠᠳᠠᠯ ᠦᠢᠯᠡᠰ ᠴᠣᠭᠴᠠᠯᠠᠭᠰᠠᠨ ᠦᠯᠢᠭᠡᠷ ᠢᠶᠠᠨ ᠪᠢᠴᠢᠪᠡ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号