6 ᠰᠠᠷ᠎ᠠ ᠶᠢᠨ 10 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠤᠨ | ᠨᠠᠶᠢᠳᠠᠯᠭ᠎ᠠ ᠪᠠᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠬᠤᠸᠠᠩ ᠯᠦᠩ | ᠬᠤᠰᠢᠭᠤᠨ ᠤ ᠨᠠᠮ ᠤᠨ ᠬᠤᠷᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠠᠶᠢᠩᠭᠤ ᠶᠢᠨ ᠬᠤᠷᠢᠶᠠᠨ ᠤ 170 | ᠳ᠋ᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ | ᠵᠣᠷᠢᠭ ᠰᠠᠨᠠᠭ᠎ᠠ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠴᠢᠬᠤᠯᠠ ᠪᠠᠶᠠᠷ ᠤᠨ ᠵᠠᠬᠢᠳᠠᠯ ᠤᠨ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠯᠠᠨ | ᠲᠦᠮᠡᠨ ᠤ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠯᠪᠠᠰᠤᠨ ᠲᠣᠰᠬᠤᠨ | ᠪᠠᠯᠭᠠᠰᠤ᠂ ᠪᠣᠯᠪᠠᠰᠤᠨ ᠪᠠᠶᠢᠭᠤᠯᠭ᠎ᠠ ᠨᠢᠭᠡᠴᠡ ᠶᠢ ᠡᠭᠦᠳᠦᠨ ᠪᠠᠶᠢᠭᠤᠯᠬᠤ ᠠᠵᠢᠯ ᠢ ᠦᠷᠭᠦᠯᠵᠢᠯᠡᠨ ᠥᠷᠨᠢᠭᠦᠯᠵᠦ᠂ | ᠪᠠᠭᠠᠴᠤᠳ ᠤᠨ ᠬᠤᠰᠢᠭᠤᠴᠢ ᠠᠩᠬᠢ ᠶᠢᠨ ᠠᠵᠢᠯ ᠢ ᠰᠤᠷᠭᠠᠨ ᠬᠥᠮᠦᠵᠢᠯ ᠤᠨ ᠠᠵᠢᠯ ᠤᠨ ᠪᠦᠬᠦᠯᠢ ᠴᠣᠭᠴᠠ ᠶᠢᠨ | ᠲᠥᠯᠥᠪᠯᠡᠭᠡ ᠳᠤ ᠣᠷᠣᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠰᠡᠯᠡᠯᠲᠡ ᠶᠢ ᠰᠢᠪᠲᠤᠯᠬᠤ | ᠢᠨᠵᠧᠨᠧᠷᠢᠩ ᠢ ᠭᠦᠨᠵᠡᠭᠡᠢ ᠠᠬᠢᠭᠤᠯᠵᠤ᠂ ᠴᠠᠭ ᠪᠢᠳᠡᠨ ᠢ ᠬᠦᠯᠢᠶᠡᠬᠦ ᠦᠭᠡᠢ ᠲᠤᠯᠭᠠᠮ᠎ᠠ ᠰᠡᠳᠬᠢᠯᠭᠡ ᠪᠣᠯᠤᠨ | ᠡᠭᠦᠷᠭᠡᠲᠦ ᠰᠡᠳᠬᠢᠯᠭᠡ ᠪᠠᠷ ᠡᠯ᠎ᠡ ᠵᠦᠢᠯ ᠤᠨ ᠠᠵᠢᠯ ᠳᠤ ᠰᠢᠨ᠎ᠡ ᠰᠢᠪᠲᠤᠯᠤᠯᠲᠠ ᠲᠠᠢ ᠪᠣᠯᠬᠤ ᠶᠢ ᠠᠬᠢᠭᠤᠯᠬᠤ | ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠵᠣᠬᠢᠶᠠᠯ ᠪᠠ ᠲᠥᠪ ᠬᠤᠷᠢᠶ᠎ᠠ᠂ | ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠤᠨ ᠪᠢᠴᠢᠭ ᠮᠠᠲ᠋ᠧᠷᠢᠶᠠᠯ᠂ ᠬᠤᠷᠠᠯ ᠤᠨ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠵᠤ᠂ ᠮᠠᠨ ᠤ ᠬᠤᠰᠢᠭᠤᠨ ᠤ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠪᠠᠶᠢᠳᠠᠯ ᠢ | ᠰᠣᠨᠣᠰᠪᠠ᠃ ᠦᠵᠡᠯ ᠰᠠᠨᠠᠭ᠎ᠠ ᠪᠠᠷ ᠬᠦᠳᠦᠯᠦᠨ ᠳᠠᠭᠠᠭᠤᠯᠬᠤ ᠶᠢ ᠴᠢᠩᠭᠠᠳᠬᠠᠵᠤ᠂ ᠤᠬᠠᠮᠰᠠᠷ ᠠᠴᠠ ᠪᠠᠨ ᠨᠠᠮᠴᠢ | ᠴᠢᠨᠠᠷ ᠤᠨ ᠪᠣᠯᠪᠠᠰᠤᠷᠠᠯ ᠢᠶᠠᠨ ᠴᠢᠩᠭᠠᠳᠬᠠᠵᠤ᠂ ᠤᠬᠠᠮᠰᠠᠷ ᠠᠴᠠ ᠪᠠᠨ ᠰᠠᠬᠢᠯᠭ᠎ᠠ ᠪᠠᠲᠤ ᠶᠣᠰᠣ ᠲᠦᠷᠢᠮ ᠢ ᠴᠢᠩᠭ᠎ᠠ | ᠰᠠᠬᠢᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠨᠠᠮ ᠤᠨ | ᠰᠤᠷᠲᠠᠯ ᠵᠠᠰᠠᠭ ᠤᠨ ᠰᠤᠷᠲᠠᠯ ᠤᠨ ᠦᠷᠭᠦᠯᠵᠢᠯᠡᠨ ᠥᠭᠡᠳᠡᠯᠡᠨ ᠰᠠᠶᠢᠵᠢᠷᠠᠬᠤ ᠶᠢ ᠠᠬᠢᠭᠤᠯᠬᠤ ᠬᠡᠷᠡᠭᠲᠡᠢ᠃ ᠪᠠᠶᠢᠳᠠᠯ | ᠡᠭᠦᠷᠭᠡ ᠶᠢ ᠲᠣᠳᠣᠷᠬᠠᠶ ᠲᠠᠨᠢᠵᠤ᠂ ᠮᠢᠨᠴᠦᠭᠦᠷᠡᠬᠦ ᠦᠵᠡᠯ ᠰᠠᠨᠠᠭ᠎ᠠ ᠪᠠ ᠠᠵᠠ ᠵᠠᠪᠰᠢᠶᠠᠨ ᠢ ᠡᠷᠢᠬᠦ ᠪᠣᠳᠣᠯ ᠢ | ᠲᠡᠪᠴᠢᠵᠦ᠂ ᠭᠠᠵᠢᠭᠤ ᠰᠤᠷᠲᠠᠯ ᠢ ᠡᠷᠡᠰ ᠠᠷᠢᠯᠭᠠᠵᠤ᠂ ᠰᠤᠷᠲᠠᠯ ᠤᠨ ᠪᠠᠶᠢᠭᠤᠯᠤᠯᠲᠠ ᠶᠢ ᠪᠠᠶᠢᠩᠭᠤᠵᠢᠭᠤᠯᠤᠨ | ᠤᠷᠲᠤ ᠬᠤᠭᠤᠴᠠᠭ᠎ᠠ ᠪᠦᠲᠦᠮᠵᠢᠲᠡᠶ ᠪᠠᠶᠢᠯᠭᠠᠬᠤ ᠶᠢ ᠠᠬᠢᠭᠤᠯᠵᠤ᠂ ᠢᠳᠡᠵᠦ ᠤᠤᠭᠤᠬᠤ ᠭᠠᠵᠢᠭᠤ ᠰᠤᠷᠲᠠᠯ ᠢ | ᠤᠬᠠᠮᠰᠠᠷ ᠠᠴᠠ ᠪᠠᠨ ᠬᠤᠷᠢᠭᠯᠠᠨ ᠵᠣᠭᠰᠣᠭᠠᠵᠤ᠂ ᠪᠥᠬᠦ ᠬᠤᠰᠢᠭᠤᠨ ᠤ ᠡᠯ᠎ᠡ ᠵᠦᠢᠯ ᠤᠨ ᠠᠵᠢᠯ ᠦᠢᠯᠡᠰ ᠤᠨ ᠴᠢᠨᠠᠷ | ᠰᠠᠶᠢᠲᠠᠶ ᠬᠥᠭᠵᠢᠯᠲᠡ ᠳᠤ ᠴᠢᠩᠭ᠎ᠠ ᠬᠦᠴᠦᠲᠡᠶ ᠰᠤᠷᠲᠠᠯ ᠤᠨ ᠪᠠᠲᠤᠯᠠᠭ᠎ᠠ ᠬᠠᠩᠭᠠᠬᠤ ᠬᠡᠷᠡᠭᠲᠡᠶ ᠭᠡᠵᠦ ᠴᠢᠬᠤᠯᠠᠴᠢᠯᠠᠪᠠ | ᠃ | ᠬᠤᠷᠠᠯ ᠠᠴᠠ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠶᠠᠳᠤᠭᠠᠷ | ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠲᠠᠶᠢᠴᠢᠯᠠᠯᠳᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ ᠣᠷᠴᠢᠨ ᠲᠣᠭᠤᠷᠢᠨ ᠤ ᠬᠠᠮᠠᠭᠠᠯᠠᠯᠲᠠ ᠶᠢ | ᠱᠠᠯᠠᠪᠳᠠᠭᠤᠯᠤᠨ ᠪᠠᠶᠢᠴᠠᠭᠠᠬᠤ ᠠᠵᠢᠯ ᠤᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠲᠤᠰ ᠤᠳᠠᠭ᠎ᠠ ᠶᠢᠨ ᠲᠥᠪ ᠤᠨ | ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠶᠢ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠶᠠᠰᠤ ᠴᠢᠨᠠᠷ ᠦᠷ᠎ᠡ ᠪᠦᠲᠦᠮᠵᠢ ᠶᠢ | ᠳᠡᠭᠡᠭᠰᠢᠯᠡᠭᠦᠯᠬᠦ ᠬᠦᠴᠦᠲᠡᠢ ᠭᠠᠷᠳᠠᠴᠠ ᠪᠣᠯᠭᠠᠵᠤ᠂ ᠥᠨᠳᠥᠷ ᠵᠣᠭᠰᠣᠴᠠ ᠠᠴᠠ ᠪᠠᠶᠢᠷᠢᠯᠠᠭᠤᠯᠤᠨ ᠠᠬᠢᠭᠤᠯᠵᠤ᠂ | ᠴᠡᠭᠴᠡᠯᠡᠨ ᠰᠠᠶᠢᠵᠢᠷᠠᠭᠤᠯᠬᠤ ᠶᠢ ᠴᠢᠨᠠᠷ ᠰᠠᠶᠢᠲᠠᠢ ᠰᠠᠶᠢᠲᠤᠷ ᠠᠳᠬᠤᠵᠤ᠂ ᠤᠨᠢᠨ ᠳᠡᠭᠡᠷ᠎ᠡ ᠨᠢ ᠲᠦᠷᠭᠡᠨ | ᠨᠠᠶᠢᠳᠠᠪᠤᠷᠢᠵᠢᠭᠤᠯᠵᠤ᠂ ᠥᠨᠴᠥᠭ ᠪᠤᠯᠤᠩ ᠦᠯᠡᠳᠡᠭᠡᠬᠦ ᠦᠭᠡᠢ᠂ ᠪᠠᠯᠠᠢ ᠣᠷᠣᠨ ᠦᠯᠡᠳᠡᠭᠡᠬᠦ ᠦᠭᠡᠢ ᠪᠠᠶᠢᠬᠤ ᠶᠢ | ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠥᠬᠦ ᠬᠤᠲᠠ ᠶᠢᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠵᠢᠯ ᠤᠨ ᠶᠠᠷᠢᠯᠴᠠᠬᠤ | ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠣᠳᠣᠬᠠᠨ ᠤ ᠮᠠᠨ ᠤ ᠬᠤᠰᠢᠭᠤᠨ ᠤ ᠢᠨᠲ᠋ᠧᠷ | ᠰᠦᠯᠵᠢᠶᠡᠨ ᠤ ᠮᠡᠳᠡᠭᠡ ᠵᠠᠩᠭᠢ ᠶᠢᠨ ᠠᠵᠢᠯ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠰᠢᠨ᠎ᠡ ᠱᠠᠭᠠᠷᠳᠠᠯᠭ᠎ᠠ ᠶᠢ | ᠣᠨᠣᠪᠴᠢᠲᠠᠶ ᠡᠵᠡᠮᠳᠡᠵᠦ᠂ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠤ | ᠰᠡᠷᠭᠡᠶᠢᠯᠡᠯᠲᠡ ᠶᠢᠨ ᠱᠤᠭᠤᠮ ᠢ ᠰᠠᠶᠢᠲᠤᠷ ᠰᠠᠬᠢᠵᠤ᠂ ᠰᠦᠯᠵᠢᠶ᠎ᠡ ᠶᠢ ᠬᠠᠮᠢᠶᠠᠷᠴᠤ ᠰᠦᠯᠵᠢᠶ᠎ᠡ ᠶᠢ ᠬᠡᠷᠡᠭᠯᠡᠬᠦ ᠤᠯᠤᠰ | ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠰᠤᠷᠲᠠᠯ ᠴᠢᠬᠡᠴᠢ ᠣᠪᠣᠷ ᠲᠥᠪ ᠰᠦᠯᠵᠢᠶᠡᠨ ᠤ ᠣᠷᠣᠨ | ᠵᠠᠶ ᠶᠢ ᠪᠣᠶ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ ᠰᠦᠨ ᠱᠤᠤ ᠴᠧᠩ ᠱᠦᠵᠢ ᠶᠢᠨ ᠴᠠᠯᠢᠩ ᠥᠷᠢᠲᠦᠬᠦ ᠶᠢ ᠴᠡᠭᠴᠡᠯᠡᠨ ᠵᠠᠰᠠᠬᠤ ᠠᠵᠢᠯ ᠤᠨ | ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠠᠯᠪᠠᠨ ᠲᠢᠩᠬᠢᠮ ᠤᠨ ︿ᠲᠥᠪ ᠤᠨ ᠠᠷᠪᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠴᠠᠯᠢᠩ ᠥᠷᠢᠲᠦᠬᠦ | ᠠᠰᠠᠭᠤᠳᠠᠯ ᠢ ᠪᠠᠷᠢᠨ ᠬᠦᠳᠡᠯᠦᠯᠴᠡᠵᠦ ᠪᠠᠷᠢᠨ ᠥᠭᠡᠷᠡᠴᠢᠯᠡᠬᠦ ᠠᠵᠢᠯ ᠤᠨ ᠲᠥᠰᠦᠯ︾ ᠢ ᠳᠠᠷᠤᠮᠠᠯᠯᠠᠨ ᠲᠠᠷᠬᠠᠭᠠᠬᠤ | ᠲᠤᠬᠠᠶ ᠮᠡᠳᠡᠭᠳᠡᠯ︾ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠴᠠᠯᠢᠩ ᠥᠷᠢᠲᠦᠬᠦ ᠶᠢᠨ ᠴᠢᠬᠤᠯᠠ | ᠴᠢᠨᠠᠷ ᠢ ᠲᠠᠨᠢᠵᠤ᠂ ᠴᠠᠯᠢᠩ ᠥᠷᠢᠲᠦᠬᠦ ᠠᠰᠠᠭᠤᠳᠠᠯ ᠢ ᠰᠢᠢᠳᠪᠦᠷᠢᠯᠡᠬᠦ ᠶᠢ ᠲᠦᠢᠯ ᠤᠨ ᠴᠢᠬᠤᠯᠠ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠪᠣᠯᠭᠠᠨ ᠴᠢᠩᠭ᠎ᠠ ᠠᠳᠬᠤᠵᠤ ᠪᠣᠳᠠᠲᠠᠶ ᠠᠳᠬᠤᠨ ᠰᠠᠶᠢᠲᠤᠷ ᠠᠳᠬᠤᠵᠤ᠂ ᠪᠥᠬᠦ | ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠬᠠᠷᠢᠭᠤᠴᠠᠯᠭ᠎ᠠ ᠶᠢ ᠱᠠᠲᠤ ᠱᠠᠲᠤ ᠪᠠᠷ | ᠪᠣᠳᠠᠲᠠᠶᠢᠵᠢᠭᠤᠯᠵᠤ᠂ ᠨᠢᠭᠡᠨᠲᠡ ᠤᠯᠵᠤ ᠮᠡᠳᠡᠭᠰᠡᠨ ᠴᠠᠯᠢᠩ ᠥᠷᠢᠲᠦᠬᠦ ᠠᠰᠠᠭᠤᠳᠠᠯ ᠢ ᠨᠢᠭᠡᠳ ᠨᠢᠭᠡ ᠪᠠᠷ | ᠰᠤᠳᠤᠯᠵᠤ᠂ ᠬᠥᠯᠥᠰᠥᠨ ᠠᠵᠢᠯᠴᠢᠨ ᠤ ᠣᠯᠪᠠᠰᠤ ᠵᠣᠬᠢᠬᠤ ᠬᠥᠯᠥᠰᠥ ᠣᠯᠭᠤᠮᠵᠢ ᠶᠢ ᠲᠦᠷᠭᠡᠬᠡᠨ ᠤᠯᠭᠤᠬᠤ ᠶᠢ | ᠦᠨᠡᠨ ᠬᠦ ᠪᠠᠲᠤᠯᠠᠵᠤ᠂ ᠥᠷᠭᠡᠨ ᠣᠯᠠᠨ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠰᠠᠶᠢᠲᠤᠷ | ᠬᠠᠮᠠᠭᠠᠯᠠᠬᠤ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |