ᠮᠠᠯ ᠠᠵᠤ ᠠᠬᠤᠶ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠶ᠎ᠡ ᠬᠠᠪᠤᠷ ᠤᠨ ᠤᠯᠠᠷᠢᠯ ᠤᠨ ᠠᠮᠢᠲᠠᠨ ᠤ ᠬᠢᠵᠢᠭ ᠢ ᠰᠡᠷᠭᠡᠶᠢᠯᠡᠬᠦ ᠨᠥᠬᠦᠪᠦᠷᠢᠯᠡᠬᠦ ᠲᠠᠷᠢᠯᠭ᠎ᠠ ᠬᠢᠵᠤ ᠡᠬᠢᠯᠡᠪᠡ
ᠨᠡᠶᠢᠲᠡᠯᠡᠭᠰᠡᠨ ᠴᠠᠭ᠄
2025/6/15
      6 ᠰᠠᠷ᠎ᠠ ᠶᠢᠨ 13 ᠤ ᠡᠳᠦᠷ ᠤᠨ ᠥᠷᠯᠥᠭᠡ ᠡᠷᠲᠡ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠦᠬᠡᠷᠬᠤᠳᠳᠤᠭ ᠪᠠᠯᠭᠠᠰᠤᠨ ᠤ ᠮᠠᠩ ᠨᠢᠦ ᠵᠢᠩ ᠰᠢᠨ᠎ᠡ ᠲᠣᠰᠬᠤᠨ ᠳᠤ᠂ ᠬᠢᠵᠢᠭ ᠢ ᠰᠡᠷᠭᠡᠶᠢᠯᠡᠬᠦ ᠬᠥᠮᠦᠰ ᠬᠠᠮᠠᠭᠠᠯᠠᠯᠲᠠ ᠶᠢᠨ ᠬᠤᠪᠴᠠᠰᠤ ᠡᠮᠦᠰᠴᠦ᠂ ᠸᠠᠺᠼᠢᠨ ᠪᠠ ᠲᠠᠷᠢᠯᠭ᠎ᠠ ᠶᠢᠨ ᠪᠠᠭᠠᠵᠢ ᠬᠡᠷᠡᠭᠰᠡᠯ ᠢᠶᠠᠨ ᠠᠪᠴᠤ ᠲᠣᠰᠬᠤᠨ ᠤ ᠠᠷᠠᠳ ᠵᠠᠩ ᠶᠣᠣ ᠶᠦᠩ ᠤᠨ ᠳᠤ ᠬᠦᠷᠴᠦ᠂ ᠲᠣᠭᠲᠠᠭᠠᠯ ᠶᠣᠰᠣᠭᠠᠷ ᠬᠠᠪᠤᠷ ᠤᠨ ᠤᠯᠠᠷᠢᠯ ᠤᠨ ᠬᠢᠵᠢᠭ ᠢ ᠰᠡᠷᠭᠡᠶᠢᠯᠡᠬᠦ ᠬᠤᠭᠤᠴᠠᠭᠠᠨ ᠳᠤ ᠲᠥᠯᠯᠡᠭᠦ ᠡᠬᠡ ᠮᠠᠯ ᠳᠤ ᠨᠥᠬᠦᠵᠦ ᠲᠠᠷᠢᠯᠭ᠎ᠠ ᠬᠢᠵᠦ ᠥᠭᠪᠡ᠃ ᠣᠳᠣᠬᠠᠨ ᠳᠤ᠂ ᠶᠠᠭ ᠬᠠᠪᠤᠷ ᠤᠨ ᠤᠯᠠᠷᠢᠯ ᠤᠨ ᠠᠮᠢᠲᠠᠨ ᠤ ᠬᠢᠵᠢᠭ ᠢ ᠰᠡᠷᠭᠡᠶᠢᠯᠡᠬᠦ ᠨᠥᠬᠦᠵᠦ ᠲᠠᠷᠢᠯᠭ᠎ᠠ ᠬᠢᠭᠦ ᠵᠠᠩᠭᠢᠯᠠᠭ᠎ᠠ ᠶᠢᠨ ᠬᠤᠭᠤᠴᠠᠭ᠎ᠠ ᠪᠠᠶᠢᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠬᠢᠵᠢᠭ ᠢ ᠰᠡᠷᠭᠡᠶᠢᠯᠡᠬᠦ ᠡᠩᠨᠡᠭᠡ ᠶᠢ ᠵᠣᠬᠢᠶᠠᠨ ᠪᠠᠶᠢᠭᠤᠯᠤᠨ ᠮᠠᠯᠵᠢᠬᠤ ᠲᠠᠷᠢᠶᠠᠯᠠᠬᠤ ᠣᠷᠣᠨ ᠳᠤ ᠭᠦᠨᠵᠡᠭᠡᠶᠢᠷᠡᠭᠦᠯᠵᠦ᠂ ᠣᠷᠬᠢᠭᠳᠠᠯ ᠢ ᠪᠠᠶᠢᠴᠠᠭᠠᠵᠤ ᠳᠤᠲᠠᠭᠤ ᠶᠢ ᠨᠥᠬᠦᠪᠥᠷᠢᠯᠡᠵᠦ ᠡᠭᠡᠯᠢᠯᠡᠭᠡ ᠶᠢᠨ ᠦᠷ᠎ᠡ ᠪᠦᠲᠦᠮᠵᠢ ᠶᠢ ᠪᠠᠬᠢᠵᠢᠭᠦᠯᠬᠦ ᠪᠠᠷ ᠳᠠᠮᠵᠢᠭᠤᠯᠤᠨ᠂ ᠮᠠᠯ ᠵᠢᠭᠦᠷᠲᠡᠨ ᠢ ᠪᠦᠬᠦᠨ ᠢ ᠪᠦᠷᠬᠦᠭᠦᠯᠵᠦ ᠰᠡᠷᠭᠡᠶᠢᠯᠡᠨ ᠬᠠᠮᠠᠭᠠᠯᠠᠬᠤ ᠶᠢ ᠦᠨᠡᠨᠬᠦ ᠪᠠᠲᠤᠯᠠᠵᠤ ᠪᠠᠶᠢᠨ᠎ᠠ᠃      ᠲᠣᠰ ᠤᠳᠠᠭᠠᠨ ᠤ  ᠬᠢᠵᠢᠭ ᠢ ᠰᠡᠷᠭᠡᠶᠢᠯᠡᠬᠦ ᠨᠥᠬᠦᠪᠦᠷᠢᠯᠡᠬᠦ ᠲᠠᠷᠢᠯᠭ᠎ᠠ ᠶᠢᠨ ᠠᠵᠢᠯ ᠳᠤ ︽ᠲᠣᠰᠬᠤᠨ ᠡᠷᠦᠬᠡ ᠶᠢ ᠣᠷᠬᠢᠭᠳᠠᠭᠤᠯᠬᠤ ᠥᠬᠡᠶ᠂ ᠡᠷᠦᠬᠡ ᠳᠤ ᠮᠠᠯ ᠢ ᠣᠷᠬᠢᠭᠳᠠᠭᠤᠯᠬᠤ ᠥᠬᠡᠶ᠂ ᠮᠠᠯ ᠳᠤ ᠲᠠᠷᠢᠯᠭ᠎ᠠ ᠶᠢ ᠣᠷᠬᠢᠭᠳᠠᠭᠤᠯᠬᠤ ᠥᠬᠡᠶ︾ ᠪᠠᠶᠢᠬᠤ ᠵᠠᠷᠴᠢᠮ ᠢ ᠴᠢᠩᠭ᠎ᠠ ᠵᠢᠷᠤᠮᠯᠠᠵᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ ᠡᠭᠡᠯᠢᠯᠡᠭᠡ ᠶᠢᠨ ᠵᠢᠯᠣᠭᠤᠳᠣᠯᠭ᠎ᠠ᠂ ᠮᠡᠳᠡᠭᠡ ᠵᠠᠩᠭᠢ ᠶᠢ ᠣᠷᠣᠭᠤᠯᠬᠤ ᠵᠡᠷᠭᠡ ᠭᠤᠭᠴᠤᠭ᠎ᠠ ᠶᠢ ᠬᠠᠮᠤᠷᠪᠠ᠃ ᠬᠢᠵᠢᠭ ᠢ ᠰᠡᠷᠭᠡᠶᠢᠯᠡᠬᠦ ᠠᠵᠢᠯᠲᠠᠳ ᠲᠠᠷᠢᠯᠭ᠎ᠠ ᠬᠢᠬᠦ ᠶᠢᠨ ᠬᠠᠮᠲᠤ᠂ ᠮᠠᠯᠵᠢᠬᠤ ᠲᠠᠷᠢᠶᠠᠯᠠᠬᠤ ᠡᠷᠦᠬᠡ ᠳᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠮᠡᠷᠭᠡᠵᠢᠯ ᠢ ᠲᠦᠭᠡᠮᠡᠯᠵᠢᠭᠦᠯᠵᠦ᠂ ᠸᠠᠺᠼᠢᠨ ᠢ ᠵᠢᠷᠤᠮᠵᠢᠭᠤᠯᠤᠨ ᠬᠡᠷᠡᠭᠯᠡᠬᠦ ᠶᠢ ᠵᠢᠯᠣᠭᠤᠳᠬᠤ ᠶᠢᠨ ᠬᠠᠮᠲᠤ ᠬᠦᠷᠢᠶ᠎ᠡ ᠬᠠᠰᠢᠶ᠎ᠠ ᠶᠢᠨ ᠠᠷᠢᠭᠤᠳᠬᠠᠯ ᠬᠢᠭᠦ ᠪᠠ ᠥᠪᠡᠷ ᠢ ᠪᠠᠨ ᠬᠠᠮᠠᠭᠠᠯᠠᠬᠤ ᠮᠡᠳᠡᠯᠭᠡ ᠶᠢ ᠲᠠᠶᠢᠯᠪᠤᠷᠢᠯᠠᠨ ᠥᠭᠴᠦ᠂ ᠮᠠᠯᠵᠢᠬᠤ ᠲᠠᠷᠢᠶᠠᠯᠠᠬᠤ ᠡᠷᠦᠬᠡ ᠶᠢᠨ ᠬᠢᠵᠢᠭ ᠢ ᠰᠡᠷᠭᠡᠶᠢᠯᠡᠬᠦ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠪᠡ᠃      ︽ᠵᠢᠯ ᠪᠦᠷᠢ ᠶᠢᠨ ᠬᠠᠪᠤᠷ ᠤᠨ ᠤᠯᠠᠷᠢᠯ ᠳᠤ ᠬᠢᠵᠢᠭ ᠰᠡᠷᠭᠡᠶᠢᠯᠡᠭᠴᠢ ᠴᠥᠮ ᠴᠠᠭ ᠲᠤ ᠪᠠᠨ ᠢᠷᠡᠵᠦ ᠲᠠᠷᠢᠯᠭ᠎ᠠ ᠬᠢᠵᠥ᠂ ᠪᠠᠰᠠ ᠬᠢᠵᠢᠭ ᠡᠪᠡᠳᠴᠢᠨ ᠢ ᠰᠡᠷᠭᠡᠶᠢᠯᠡᠨ  ᠡᠵᠡᠮᠳᠡᠭᠦ ᠮᠡᠳᠡᠯᠭᠡ ᠶᠢ ᠲᠠᠶᠢᠯᠪᠤᠷᠢᠯᠠᠵᠤ ᠥᠭᠳᠡᠭ᠃ ᠤᠳᠤ ᠬᠢᠵᠢᠭ ᠢ ᠰᠡᠷᠭᠡᠶᠢᠯᠡᠬᠦ ᠦᠢᠯᠡᠴᠢᠯᠡᠭᠡ ᠤᠯᠠᠮ ᠠᠴᠠ ᠤᠯᠠᠮ ᠪᠦᠷᠢᠨ ᠲᠡᠭᠦᠯᠳᠡᠷ ᠪᠣᠯᠵᠤ᠂ ᠪᠢᠳᠡ ᠬᠤᠨᠢ ᠢᠮᠠᠭ᠎ᠠ ᠮᠠᠯᠵᠢᠬᠤ ᠳᠤ ᠴᠦ ᠨᠡᠩ ᠰᠠᠨᠠᠭ᠎ᠠ ᠠᠮᠤᠷ ᠪᠣᠯᠵᠡᠢ︾ ᠭᠡᠵᠥ ᠳᠣᠰᠬᠤᠨ ᠤ ᠠᠷᠠᠳ ᠹᠠᠨ ᠰᠧ ᠬᠠᠢ ᠭᠡᠷ ᠲᠤᠨᠢ ᠬᠦᠷᠴᠦ ᠦᠢᠯᠡᠴᠢᠯᠡᠬᠦ ᠶᠢ ᠮᠠᠭᠲᠠᠨ ᠰᠠᠶᠢᠰᠢᠶᠠᠪᠠ᠃      ᠷᠦᠢ ᠫᠦ᠋ ᠲᠠᠷᠢᠶᠠᠯᠠᠩ ᠤᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠮᠠᠯ ᠡᠮᠨᠡᠯᠭᠡ ᠶᠢᠨ ᠦᠢᠯᠡᠴᠢᠯᠡᠭᠡᠨ ᠤ ᠥᠷᠲᠡᠭᠡ ᠶᠢᠨ ᠮᠡᠷᠭᠡᠵᠢᠯ ᠤᠨ ᠲᠤᠰᠬᠠᠶ ᠲᠤᠰᠢᠶᠠᠯᠲᠠᠨ ᠵᠠᠩ ᠳ᠋ᠦᠩ ᠬᠠᠶ᠄ ︽2025 ᠣᠨ ᠤ ᠬᠠᠪᠤᠷ ᠤᠨ ᠤᠯᠠᠷᠢᠯ ᠤᠨ ᠰᠡᠷᠭᠡᠶᠢᠯᠡᠯᠲᠡ ᠶᠢᠨ ᠠᠵᠢᠯ ᠢ ᠪᠢᠳᠡ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠬᠢᠵᠢᠭ ᠢ ᠰᠡᠷᠭᠡᠶᠢᠯᠡᠬᠦ ᠲᠥᠪ ᠤᠨ ᠲᠣᠬᠢᠷᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ 3 ᠰᠠᠷ᠎ᠠ ᠶᠢᠨ 25 ᠤ ᠡᠳᠦᠷ ᠠᠴᠠ ᠡᠬᠢᠯᠡᠨ 5 ᠰᠠᠷ᠎ᠠ ᠶᠢᠨ 10 ᠤ ᠡᠳᠦᠷ ᠪᠣᠯᠲᠠᠯ᠎ᠠ ᠬᠢᠵᠥ ᠲᠠᠭᠤᠰᠬᠠᠪᠠ᠂ ᠣᠲᠣ  ᠶᠢᠨ ᠲᠠᠷᠢᠯᠭ᠎ᠠ ᠨᠢ ᠬᠠᠪᠤᠷ ᠤᠨ ᠤᠯᠠᠷᠢᠯ ᠤᠨ ᠰᠡᠷᠭᠡᠶᠢᠯᠡᠯᠲᠡ ᠶᠢᠨ ᠡᠭᠡᠯᠢᠯᠡᠭᠡ ᠶᠢᠨ ᠦᠶ᠎ᠡ ᠳᠤ  ᠬᠢᠵᠢᠭ ᠢ ᠰᠡᠷᠭᠡᠶᠢᠯᠡᠬᠦ ᠲᠠᠷᠢᠯᠭ᠎ᠠ ᠬᠢᠭᠰᠡᠨ ᠦᠭᠡᠢ ᠲᠥᠯᠯᠡᠭᠦ ᠭᠡᠵᠥ ᠪᠠᠶᠢᠭ᠎ᠠ ᠡᠬᠡ ᠮᠠᠯ  ᠳᠤ ᠨᠥᠭᠦᠵᠥ ᠲᠠᠷᠢᠯᠭ᠎ᠠ ᠬᠢᠭᠦ ᠪᠣᠯᠤᠨ᠎ᠠ᠂ ᠲᠠᠷᠠᠭᠠᠴᠢ ᠶᠢᠨ ᠠᠯᠬᠤᠮ ᠳᠤ᠂ ᠪᠢᠳᠡ ᠲᠦᠷᠭᠡᠨ ᠪᠠᠶᠢᠴᠠᠭᠠᠬᠤ ᠲᠥᠬᠦᠭᠡᠷᠦᠮᠵᠢ ᠶᠢ ᠠᠰᠢᠭᠯᠠᠨ ᠪᠠᠶᠢᠩᠭᠤ ᠲᠣᠬᠢᠶᠠᠯᠳᠤᠳᠠᠭ ᠡᠪᠡᠳᠴᠢᠨ ᠢ ᠣᠨᠣᠰᠢᠯᠠᠬᠤ ᠶᠢᠨ ᠬᠠᠮᠲᠤ ᠬᠠᠨᠳᠤᠯᠭᠠᠲᠤ ᠴᠢᠨᠠᠷᠲᠠᠶ ᠰᠡᠷᠭᠡᠶᠢᠯᠡᠯᠲᠡ ᠬᠢᠵᠦ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠠᠯ᠎ᠠ ᠨᠤᠲᠤᠭ ᠤᠨ ᠦᠬᠡᠷ ᠬᠤᠨᠢᠨ ᠳᠤ ᠨᠢᠭᠡᠨ ᠬᠠᠮᠠᠭᠠᠯᠠᠯᠲᠠ ᠶᠢᠨ ᠬᠠᠯᠬᠠᠪᠴᠢ ᠶᠢ ᠪᠠᠶᠢᠭᠤᠯᠵᠤ ᠥᠭᠭᠦᠨ᠎ᠡ︾ ᠭᠡᠵᠥ ᠶᠠᠷᠢᠪᠠ᠃      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠮᠢᠲᠠᠨ ᠤ ᠬᠢᠵᠢᠭ ᠡᠪᠡᠳᠴᠢᠨ ᠵᠢᠴᠢ ᠬᠢᠵᠢᠭ ᠡᠪᠡᠳᠴᠢᠨ ᠢ ᠰᠡᠷᠭᠡᠶᠢᠯᠡᠨ  ᠡᠵᠡᠮᠳᠡᠭᠦ ᠲᠥᠪ ᠤᠨ ᠡᠷᠬᠢᠯᠡᠭᠴᠢ ᠸᠠᠩ ᠮᠢᠨ᠄ ︽ᠪᠢᠳᠡ ᠪᠥᠬᠦ ᠬᠤᠰᠢᠭᠤᠨ ᠤ ᠬᠠᠪᠤᠷ ᠤᠨ ᠤᠯᠠᠷᠢᠯ ᠤᠨ ᠠᠮᠢᠲᠠᠨ ᠤ ᠬᠢᠵᠢᠭ ᠡᠪᠡᠳᠴᠢᠨ ᠢ ᠲᠥᠪᠯᠡᠷᠡᠭᠦᠯᠦᠨ ᠰᠡᠷᠭᠡᠶᠢᠯᠡᠬᠦ ᠠᠵᠢᠯ ᠢ ᠰᠠᠶᠢᠲᠤᠷ ᠬᠢᠵᠦ ᠂ ᠣᠷᠣᠨ ᠪᠦᠰᠡ ᠶᠢᠨ ᠴᠢᠨᠠᠷᠲᠠᠶ ᠬᠦᠨᠳᠦ ᠨᠣᠴᠤᠲᠠᠢ ᠠᠮᠢᠲᠠᠨ ᠤ ᠬᠢᠵᠢᠭ ᠤᠨ ᠪᠠᠶᠢᠳᠠᠯ ᠡᠭᠦᠰᠬᠦ ᠥᠬᠡᠶ ᠪᠠᠶᠢᠬᠤ ᠶᠢ ᠪᠠᠲᠤᠯᠠᠵᠤ᠂ ᠮᠠᠯ ᠠᠵᠤ ᠠᠬᠤᠶ ᠶᠢᠨ ᠡᠷᠡᠭᠦᠯ ᠢᠶᠠᠷ ᠬᠥᠭᠵᠢᠬᠦ ᠶᠢ ᠬᠠᠮᠠᠭᠠᠯᠠᠵᠤ᠂ ᠬᠥᠮᠦᠨ ᠤ ᠪᠡᠶ᠎ᠡ ᠶᠢᠨ ᠡᠷᠡᠭᠦᠯ ᠮᠡᠨᠳᠦ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ ᠬᠠᠪᠤᠷ ᠤᠨ ᠤᠯᠠᠷᠢᠯ ᠤᠨ ᠬᠢᠵᠢᠭ ᠢ ᠰᠡᠷᠭᠡᠶᠢᠯᠡᠬᠦ ᠪᠣᠯ ᠪᠦᠬᠦ ᠵᠢᠯ ᠤᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠭᠤᠤᠯᠳᠠᠯᠭ᠎ᠠ ᠶᠢᠨ ᠳᠣᠲᠣᠷᠠᠬᠢ ᠭᠤᠤᠯᠳᠠᠯᠭ᠎ᠠ ᠮᠥᠨ᠂ ᠮᠠᠨ ᠤ ᠬᠤᠰᠢᠭᠤ 3 ᠰᠠᠷ᠎ᠠ ᠠᠴᠠ ᠬᠠᠪᠤᠷ ᠤᠨ ᠤᠯᠠᠷᠢᠯ ᠤᠨ ᠠᠮᠢᠲᠠᠨ ᠤ ᠬᠦᠨᠳᠦ ᠨᠣᠴᠤᠲᠠᠢ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠭᠦ ᠠᠵᠢᠯ ᠢ ᠪᠦᠬᠦ ᠲᠠᠯ᠎ᠠ ᠪᠠᠷ ᠡᠬᠢᠯᠡᠭᠦᠯᠵᠦ᠂ ︿ᠡᠷᠲᠡ ᠪᠠᠶᠢᠷᠢᠯᠠᠭᠤᠯᠬᠤ᠂ ᠪᠦᠬᠦᠨ ᠢ ᠬᠠᠮᠤᠷᠬᠤ᠂ ᠤᠬᠠᠭᠤᠯᠬᠤ﹀ ᠠᠵᠢᠯ ᠢ ᠰᠠᠶᠢᠲᠤᠷ ᠬᠢᠬᠦ ᠪᠠᠷ ᠳᠠᠮᠵᠢᠨ᠂ ᠠᠮᠢᠲᠠᠨ ᠤ ᠬᠦᠨᠳᠦ ᠶᠡᠭᠡ ᠬᠢᠵᠢᠭ ᠡᠪᠡᠳᠴᠢᠨ ᠢ ᠰᠡᠷᠭᠡᠶᠢᠯᠡᠨ  ᠡᠵᠡᠮᠳᠡᠭᠦ ᠡᠷᠴᠢᠮ ᠢᠶᠠᠨ ᠴᠢᠩᠭᠠᠷᠠᠭᠤᠯᠵᠤ᠂ ᠪᠦᠬᠦ ᠬᠤᠰᠢᠭᠤᠨ ᠤ ᠮᠠᠯ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠳᠤ ᠪᠠᠲᠤ ᠪᠠᠬᠢ ᠪᠠᠲᠤᠯᠠᠭ᠎ᠠ ᠬᠠᠩᠭᠠᠪᠠ︾ ᠭᠡᠵᠥ ᠢᠯᠡᠷᠭᠡᠶᠢᠯᠡᠪᠡ᠃      3 ᠳ᠋ᠤᠭᠠᠷ ᠰᠠᠷ᠎ᠠ ᠠᠴᠠ ᠡᠬᠢᠯᠡᠨ ᠤᠯᠠᠷᠢᠯ ᠤᠨ ᠬᠠᠪᠤᠷ ᠤᠨ ᠰᠡᠷᠭᠡᠶᠢᠯᠡᠯᠲᠡ ᠶᠢᠨ ᠠᠵᠢᠯ ᠢ ᠥᠷᠨᠢᠭᠦᠯᠦᠭᠰᠡᠨ ᠠᠴᠠ ᠨᠠᠰᠢ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠮᠢᠲᠠᠨ ᠤ ᠬᠢᠵᠢᠭ ᠤᠨ ᠪᠠᠶᠢᠴᠠᠭᠠᠯᠲᠠ ᠵᠢᠴᠢ ᠬᠢᠵᠢᠭ ᠡᠪᠡᠳᠴᠢᠨ ᠢ ᠰᠡᠷᠭᠡᠶᠢᠯᠡᠨ  ᠡᠵᠡᠮᠳᠡᠭᠦ ᠲᠥᠪ ᠠᠴᠠ ᠬᠤᠰᠢᠭᠤ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠭᠤᠷᠪᠠᠨ ᠱᠠᠲᠤᠨ ᠤ ᠮᠡᠷᠭᠡᠵᠢᠯ ᠤᠨ ᠬᠦᠴᠦᠨ ᠢ ᠵᠣᠬᠢᠶᠠᠨ ᠪᠠᠶᠢᠭᠤᠯᠵᠤ᠂ ᠲᠣᠰ ᠵᠢᠯ ᠤᠨ ᠬᠠᠪᠤᠷ ᠤᠨ ᠤᠯᠠᠷᠢᠯ ᠤᠨ ᠠᠮᠢᠲᠠᠨ ᠤ ᠬᠢᠵᠢᠭ ᠡᠪᠡᠳᠴᠢᠨ ᠢ ᠲᠥᠪᠯᠡᠷᠡᠭᠦᠯᠦᠨ ᠦᠯᠦ ᠬᠠᠯᠳᠠᠭᠠᠬᠤ ᠠᠵᠢᠯ ᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠵᠤ᠂ ᠣᠲᠣ ᠪᠣᠯᠲᠠᠯ᠎ᠠ᠂ ᠪᠥᠬᠦ ᠬᠤᠰᠢᠭᠤᠨ ᠤ ᠠᠮᠢᠲᠠᠨ ᠤ ᠬᠢᠵᠢᠭ ᠡᠪᠡᠳᠴᠢᠨ ᠢ ᠨᠡᠶᠢᠲᠡ 316 ᠲᠦᠮᠡᠨ ᠬᠤᠪᠢ ᠦᠯᠦ ᠬᠠᠯᠳᠠᠭᠠᠬᠤ ᠲᠠᠷᠢᠯᠭ᠎ᠠ ᠬᠢᠵᠡᠶ᠂ ᠡᠭᠦᠨ ᠳᠤ 7.44 ᠲᠦᠮᠡᠨ ᠦᠭᠡᠷ᠂ 109.15 ᠲᠦᠮᠡᠨ ᠬᠤᠨᠢ᠂ 1.66 ᠲᠦᠮᠡᠨ ᠭᠠᠭ᠋ᠠᠶ᠂ 9.9 ᠲᠦᠮᠡᠨ ᠲᠠᠬᠢᠶ᠎ᠠ ᠪᠠᠶᠢᠵᠤ᠂ ᠠᠯᠪᠠᠳᠠᠯᠭ᠎ᠠ ᠪᠠᠷ ᠦᠯᠦ ᠬᠠᠯᠳᠠᠭᠠᠬᠤ ᠲᠠᠷᠢᠯᠭ᠎ᠠ ᠬᠢᠬᠦ ᠠᠴᠠ ᠭᠠᠳᠠᠨ᠎ᠠ ᠪᠠᠰᠠ ᠬᠢᠵᠢᠭ ᠤᠨ ᠪᠠᠶᠢᠳᠠᠯ ᠢ ᠬᠢᠨᠠᠨ ᠬᠡᠮᠵᠢᠬᠦ ᠪᠠ ᠲᠡᠵᠢᠭᠡᠨ ᠦᠷᠡᠵᠢᠭᠦᠯᠬᠦ ᠲᠠᠯᠠᠪᠠᠶ ᠡᠷᠦᠬᠡ ᠶᠢᠨ ᠵᠢᠯᠣᠭᠤᠳᠣᠯᠭ᠎ᠠ ᠶᠢ ᠵᠡᠷᠭᠡᠪᠡᠷ ᠴᠢᠩᠭᠠᠳᠬᠠᠵᠤ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠬᠦ ᠪᠠᠷ ᠳᠠᠮᠵᠢᠭᠤᠯᠤᠨ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠪᠡ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号