︽ᠣᠶᠤᠨᠴᠢ ᠶᠡᠭᠡ ᠲᠠᠷᠢᠬᠢ︾ ᠲᠣᠨᠣᠭᠯᠠᠭᠰᠠᠨ ᠲᠷᠠᠺᠲ᠋ᠣᠷ᠂ ᠬᠡᠭᠡᠷ᠎ᠡ ᠲᠠᠯ᠎ᠠ ᠳᠤ ᠪᠦᠷᠬᠦᠭᠰᠡᠨ ︽ᠬᠢᠯᠭᠠᠰᠤᠨ | ᠰᠤᠳᠠᠰᠤ︾᠂ ᠤᠷᠭᠤᠮᠠᠯ ᠬᠠᠮᠠᠭᠠᠯᠠᠬᠤ ᠬᠥᠮᠦᠨ ᠦᠭᠡᠢ ᠨᠢᠰᠭᠡᠯ ᠁ ᠤᠯᠠᠮᠵᠢᠯᠠᠯᠲᠤ ᠲᠠᠷᠢᠶᠠᠯᠠᠩ | ᠲᠣᠭᠠᠴᠢᠯᠠᠭᠰᠠᠨ ᠮᠡᠷᠭᠡᠵᠢᠯ ᠳᠤ ᠲᠤᠯᠭᠠᠷᠠᠪᠠᠯ᠂ ᠮᠢᠩᠭᠠᠨ ᠵᠢᠯ ᠦᠷᠭᠦᠯᠵᠢᠯᠡᠭᠰᠡᠨ ᠬᠠᠪᠤᠷ ᠤᠨ ᠲᠠᠷᠢᠶᠠᠯᠠᠭ᠎ᠠ ᠶᠢᠨ | ᠬᠦᠦᠷᠨᠢᠯ ᠨᠢ ᠶᠠᠭ ᠳᠠᠬᠢᠨ ᠰᠢᠨ᠎ᠡ ᠪᠠᠷ ᠪᠢᠴᠢᠭᠳᠡᠵᠦ ᠪᠠᠶᠢᠨ᠎ᠠ᠃ ᠥᠨᠥᠳᠦᠷ ᠤᠨ ᠲᠠᠯ᠎ᠠ ᠨᠤᠲᠤᠭ ᠲᠤ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠤᠳᠤᠷᠢᠳᠤᠮᠵᠢ ᠪᠣᠯᠭᠠᠭᠰᠠᠨ ᠲᠠᠷᠢᠶᠠᠯᠠᠩ ᠤᠨ | ᠦᠢᠯᠡᠳᠪᠦᠷᠢᠯᠡᠯ ᠤᠨ ᠬᠦᠴᠦᠨ ᠤ ᠬᠤᠪᠢᠰᠤᠯᠲᠠ ᠶᠠᠭ ᠥᠷᠨᠢᠨ ᠬᠥᠭᠵᠢᠵᠦ ᠪᠠᠶᠢᠨ᠎ᠠ᠃ | ᠦᠦᠷ ᠴᠠᠶᠢᠬᠤ ᠠᠴᠠ ᠪᠠᠭ᠎ᠠ ᠡᠮᠦᠨ᠎ᠡ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠢᠪᠠᠷᠭᠦᠷᠢᠶ᠎ᠡ | ᠪᠠᠯᠭᠠᠰᠤᠨ ᠤ ᠬᠤᠩ ᠵᠢᠩ ᠲᠠᠨ ᠲᠤᠰᠬᠤᠨ ᠤ ᠲᠠᠷᠢᠶᠠᠨ ᠭᠠᠵᠠᠷ ᠲᠤ᠂ ᠲᠷᠠᠺᠲ᠋ᠣᠷ ᠨᠢ ᠨᠢᠭᠡᠨᠲᠡ ᠨᠢᠭᠡᠳᠦᠭᠡᠷ | ᠠᠨᠵᠢᠰᠤᠨ ᠣᠷᠣᠮ ᠢ ᠵᠢᠷᠤᠵᠤ᠂ ᠵᠢᠯᠣᠭᠤᠴᠢ ᠶᠢᠨ ᠦᠷᠦᠭᠡᠨ ᠳᠤ ᠨᠢᠭᠡ ᠴᠤ ᠬᠥᠮᠦᠨ ᠪᠠᠶᠢᠬᠤ ᠦᠭᠡᠢ᠂ ᠭᠡᠪᠡᠴᠦ | ᠲᠷᠠᠺᠲ᠋ᠣᠷ ᠨᠢ ᠮᠥᠨ ᠯᠡ ᠰᠡᠨᠲ᠋ᠢᠮᠧᠲᠷ ᠤᠨ ᠳᠡᠰ ᠤᠨ ᠨᠠᠷᠢᠯᠢᠭ ᠬᠢᠴᠡᠲᠡᠢ ᠪᠠᠶᠢᠵᠤ᠂ ᠠᠷᠤ ᠳᠤ ᠨᠢ ᠪᠣᠷᠳᠣᠭᠤᠷ | ᠣᠷᠣᠭᠤᠯᠬᠤ᠂ ᠲᠠᠷᠢᠬᠤ᠂ ᠰᠢᠷᠤᠢ ᠪᠦᠷᠬᠦᠬᠦ ᠵᠡᠷᠭᠡ ᠠᠵᠢᠯ ᠨᠢ ᠨᠢᠭᠡ ᠯᠡ ᠠᠮᠢᠰᠬᠤᠭ᠎ᠠ ᠪᠠᠷ ᠪᠦᠷᠢᠯᠳᠦᠵᠡᠢ᠃ ︽ | ᠣᠳᠣᠬᠠᠨ ᠳᠤ ᠲᠠᠷᠢᠶ᠎ᠠ ᠲᠠᠷᠢᠵᠤ ᠪᠠᠶᠢᠭ᠎ᠠ ᠲᠷᠠᠺᠲ᠋ᠤᠷ ᠲᠤ ᠴᠥᠮ ︿ᠳᠣᠬᠢᠭᠤᠷ ᠳᠣᠯᠣᠭᠠᠨ ᠣᠳᠣ ᠠᠶᠠᠯᠠᠯ ᠵᠠᠯᠠᠬᠤ | ᠰᠢᠰᠲ᠋ᠧᠮ﹀ ᠲᠠᠢ ᠪᠠᠶᠢᠵᠤ᠂ ᠲᠠᠷᠢᠶᠠᠯᠠᠩ ᠤᠨ ᠮᠠᠰᠢᠨ ᠤ ᠠᠵᠢᠯᠲᠠᠳ ᠰᠢᠰᠲ᠋ᠧᠮ ᠳᠤ ᠵᠠᠮ ᠱᠤᠭᠤᠮ ᠵᠡᠷᠭᠡ ᠲᠤᠭ᠎ᠠ | ᠪᠠᠷᠢᠮᠲᠠ ᠶᠢ ᠰᠠᠶᠢᠨ ᠲᠣᠬᠢᠷᠠᠭᠤᠯᠤᠭᠰᠠᠭᠠᠷ᠂ ᠲᠠᠷᠢᠬᠤ ᠮᠠᠰᠢᠨ ᠨᠢ ᠠᠦ᠋ᠲ᠋ᠣ᠋ ᠲᠠᠷᠢᠳᠠᠭ᠃︾ ᠭᠡᠵᠦ ᠥᠪᠥᠷ | ᠮᠣᠩᠭᠤᠯ ᠤᠨ ᠮᠧᠩ ᠱᠧᠩ ᠲᠠᠷᠢᠶᠠᠯᠠᠩ ᠮᠠᠯ ᠠᠵᠤ ᠠᠬᠤᠶ ᠶᠢᠨ ᠲᠤᠰᠬᠠᠶ ᠬᠤᠷᠰᠢᠶᠠᠨ ᠤ ᠬᠡᠷᠡᠭ ᠡᠷᠬᠢᠯᠡᠭᠴᠢ ᠶᠢᠨ | ᠳᠠᠷᠤᠭ᠎ᠠ ᠯᠦ ᠶᠦᠩ ᠸᠠᠩ ᠲᠠᠨᠢᠯᠴᠠᠭᠤᠯᠵᠠᠶ᠃ ᠡᠮᠦᠨ᠎ᠡ᠂ ᠤᠯᠠᠮᠵᠢᠯᠠᠯᠲᠤ ᠲᠠᠷᠢᠶᠠᠯᠠᠩ ᠤᠨ ᠮᠠᠰᠢᠨ ᠤ ᠠᠵᠢᠯ ᠨᠢ | ᠦᠷᠭᠦᠯᠵᠢ ᠶᠠᠪᠤᠬᠤ ᠴᠢᠭᠯᠡᠯ ᠤᠨ ᠵᠦᠷᠢᠶ᠎ᠡ ᠠᠴᠠ ᠪᠤᠯᠵᠤ ᠲᠠᠷᠢᠬᠤ ᠱᠣᠭᠤᠮ ᠮᠤᠷᠦ᠋ᠢᠬᠤ᠂ ᠰᠠᠭᠤᠷᠢ ᠶᠢᠨ ᠵᠠᠢ ᠶᠢᠨ | ᠲᠡᠩᠴᠡᠭᠦᠷᠢ ᠪᠠᠨ ᠠᠯᠳᠠᠬᠤ᠂ ᠲᠠᠷᠢᠬᠤ ᠭᠦᠨᠴᠡ ᠨᠢ ᠠᠳᠠᠯᠢ ᠪᠤᠰᠤ ᠪᠠᠶᠢᠵᠤ᠂ ᠲᠠᠷᠢᠮᠠᠯ ᠤᠨ ᠤᠷᠭᠤᠯᠳᠠ ᠪᠠ | ᠤᠨᠠᠯᠲᠠ ᠶᠢ ᠨᠦᠯᠦᠭᠡᠯᠡᠳᠡᠭ᠃ ᠤᠳᠤ᠂ ᠳᠣᠬᠢᠭᠤᠷ ᠲᠤᠯᠤᠭᠠᠨ ᠤᠳᠤ ᠠᠶᠠᠯᠠᠯ ᠵᠠᠯᠠᠵᠤ ᠲᠤᠰᠠᠯᠠᠵᠤ ᠵᠢᠯᠣᠭᠤᠳᠬᠤ | ᠰᠢᠰᠲ᠋ᠧᠮ ᠳᠤ ᠲᠦᠰᠢᠭᠯᠡᠨ᠂ ᠳᠠᠭᠠᠭᠤᠯᠢ ᠣᠳᠣᠨ ᠤ ᠪᠠᠶᠢᠷᠢ ᠲᠣᠭᠲᠠᠭᠠᠬᠤ ᠮᠡᠷᠭᠡᠵᠢᠯ ᠬᠢᠭᠡᠳ ᠣᠶᠤᠨᠴᠢ | ᠡᠵᠡᠮᠰᠢᠯ ᠤᠨ ᠬᠡᠰᠡᠭ ᠤᠨ ᠬᠠᠮᠵᠢᠯᠴᠠᠨ ᠠᠵᠢᠯᠯᠠᠬᠤ ᠪᠠᠷ ᠳᠠᠮᠵᠢᠭᠤᠯᠤᠨ᠂ ᠲᠠᠷᠢᠶᠠᠯᠠᠩ ᠤᠨ ᠮᠠᠰᠢᠨ ᠤ ᠨᠠᠷᠢᠯᠢᠭ | ᠣᠨᠤᠪᠴᠢᠲᠠᠢ ᠪᠠᠷ ᠠᠵᠢᠯᠯᠠᠬᠤ ᠶᠢ ᠪᠡᠶᠡᠯᠡᠭᠦᠯᠪᠡ᠃ | ᠥᠨᠥᠳᠦᠷ ᠤᠨ ᠲᠠᠷᠢᠶᠠᠯᠠᠩ ᠤᠨ ᠦᠢᠯᠡᠳᠪᠦᠷᠢᠯᠡᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠣᠯᠤᠨ | ᠣᠶᠤᠨᠴᠢ ᠲᠣᠨᠤᠭ ᠲᠥᠬᠦᠭᠡᠷᠦᠮᠵᠢ ᠳᠤ ᠲᠦᠰᠢᠭᠯᠡᠨ ᠰᠢᠨ᠎ᠡ ᠬᠥᠭᠵᠢᠯᠲᠡ ᠶᠢᠨ ᠲᠤᠬᠠᠶ ᠶᠠᠷᠢᠬᠤ ᠳᠤ᠂ ᠯᠦ ᠶᠦᠩ | ᠸᠠᠩ ᠳᠣᠭᠳᠣᠯᠵᠣ᠄ ︽ᠬᠤᠷᠰᠢᠶ᠎ᠠ ᠡᠨᠡ ᠵᠢᠯ ᠪᠠᠷᠤᠭ 8000 ᠮᠥ ᠭᠠᠵᠠᠷ ᠳᠠᠷᠢᠵᠤ᠂ ᠬᠠᠭᠤᠷᠠᠶ ᠭᠠᠵᠠᠷ ᠤᠨ | ᠲᠥᠮᠥᠰᠥ᠂ ᠪᠸᠢ ᠪᠸᠢ ᠯᠠᠩᠭᠤᠸᠠ᠂ ᠬᠤᠯᠤᠤᠪᠠᠩ ᠵᠡᠷᠭᠡ ᠪᠣᠶ᠃ ᠣᠳᠣ ᠣᠶᠤᠨᠴᠢᠯᠠᠭᠰᠠᠨ ᠲᠠᠷᠢᠶ᠎ᠠ ᠲᠠᠷᠢᠬᠤ ᠳᠤ | ᠳᠥᠭᠦᠮ ᠪᠣᠯᠵᠤ᠂ ᠲᠠᠷᠢᠶ᠎ᠠ ᠲᠠᠷᠢᠬᠤ ᠳᠤ ᠳᠣᠬᠢᠭᠤᠷ ᠳᠣᠯᠣᠭᠠᠨ ᠣᠳᠣ ᠠᠶᠠᠯᠠᠯ ᠵᠢᠯᠣᠭᠤᠳᠴᠤ᠂ ᠲᠠᠷᠢᠶ᠎ᠠ | ᠤᠰᠤᠯᠠᠬᠤ ᠳᠤ ᠨᠠᠷᠢᠯᠢᠭ ᠣᠨᠤᠪᠴᠢᠲᠠᠢ ᠪᠠᠷ ᠳᠤᠰᠤᠯᠭᠠᠨ ᠤᠰᠤᠯᠠᠵᠤ᠂ ᠲᠠᠷᠢᠶᠠᠨ ᠡᠮ ᠰᠦᠷᠴᠢᠬᠦ ᠳᠤ ᠪᠠᠰᠠ | ᠬᠥᠮᠥᠨ ᠦᠭᠡᠢ ᠪᠣᠯᠪᠠ᠃ ᠦᠷ᠎ᠡ ᠠᠰᠢᠭ ᠳᠡᠭᠡᠭᠰᠢᠯᠡᠵᠦ᠂ ᠭᠠᠵᠠᠷ ᠢ ᠪᠠᠰᠠ ᠠᠷᠪᠢᠯᠠᠴᠢᠬᠠᠵᠠᠢ᠂ ᠲᠡᠷᠡ ᠮᠥᠷᠲᠡᠭᠡᠨ | ᠬᠡᠳᠦᠨ ᠠᠷᠪᠠᠨ ᠮᠦ ᠭᠠᠵᠠᠷ ᠲᠤ ᠨᠢᠭᠡ ᠯᠠ ᠬᠥᠮᠥᠨ ᠳᠠᠭᠠᠭᠰᠠᠭᠠᠷ ᠪᠣᠯᠴᠢᠬᠠᠨ᠎ᠠ᠂ ᠬᠥᠮᠥᠨ ᠤ ᠬᠦᠴᠦ ᠪᠠᠨ ᠪᠠᠰᠠ | ᠠᠷᠪᠢᠯᠠᠴᠢᠬᠠᠵᠠᠢ᠃ ᠪᠦᠬᠦᠯᠢ ᠴᠣᠭᠴᠠ ᠶᠢᠨ ᠲᠠᠷᠢᠮᠠᠯ ᠤᠨ ᠥᠪᠡᠷ ᠤᠨ ᠥᠷᠲᠡᠭ ᠪᠠᠭᠤᠷᠠᠬᠤ ᠶᠢᠨ ᠬᠠᠮᠲᠤ᠂ | ᠭᠠᠷᠤᠯᠲᠠ ᠪᠠᠨ ᠲᠣᠭᠲᠠᠪᠤᠷᠢᠵᠢᠭᠤᠯᠤᠨ ᠣᠷᠣᠯᠭ᠎ᠠ ᠪᠠᠨ ᠨᠡᠮᠡᠭᠳᠡᠭᠦᠯᠬᠦ ᠶᠢ ᠪᠠᠲᠤᠯᠠᠵᠤ ᠴᠢᠳᠠᠨ᠎ᠠ᠃︾ ᠭᠡᠵᠡᠢ᠃ | ᠵᠤᠨ ᠤ ᠤᠯᠠᠷᠢᠯ ᠪᠣᠯᠬᠤ ᠳᠤ᠂ ᠠᠭᠠᠷ ᠤᠨ ᠳᠤᠯᠠᠭᠠᠨ ᠠᠭᠠᠵᠢᠮ ᠢᠶᠠᠷ ᠳᠡᠭᠡᠭᠰᠢᠯᠡᠵᠦ᠂ ᠲᠠᠷᠢᠮᠠᠯ ᠤᠨ | ᠠᠭᠤᠷᠰᠢᠯᠲᠠ ᠶᠢᠨ ᠦᠢᠯᠡᠳᠦᠯ ᠴᠢᠩᠭ᠎ᠠ ᠪᠣᠯᠵᠤ᠂ ᠬᠡᠷᠡᠭᠰᠡᠬᠦ ᠤᠰᠤᠨ ᠤ ᠬᠡᠮᠵᠢᠶ᠎ᠡ ᠨᠡᠮᠡᠭᠳᠡᠵᠦ᠂ ᠤᠰᠤᠯᠠᠬᠤ ᠨᠢ | ᠳᠤᠲᠠᠭᠳᠠᠵᠤ ᠪᠣᠯᠤᠰᠢ ᠦᠭᠡᠢ᠃ ︽ᠥᠩᠭᠡᠷᠡᠭᠰᠡᠨ ᠳᠤ ᠶᠡᠭᠡ ᠤᠰᠤ ᠪᠠᠷ ᠨᠡᠯᠦ᠋ᠢᠨ ᠤᠰᠤᠯᠠᠬᠤ ᠨᠢ ᠤᠰᠤ ᠶᠢ | ᠪᠦᠷᠢᠯᠭᠡᠭᠰᠡᠨ ᠮᠥᠷᠲᠡᠭᠡᠨ ᠦᠷ᠎ᠡ ᠪᠦᠲᠦᠮᠵᠢ ᠨᠢ ᠪᠠᠰᠠ ᠰᠠᠶᠢᠨ ᠪᠢᠰᠢ᠃︾ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠤ ᠭᠦᠸᠧ ᠹᠧᠩ ᠲᠠᠷᠢᠶᠠᠯᠠᠩ ᠮᠠᠯ ᠠᠵᠤ ᠠᠬᠤᠶ ᠶᠢᠨ ᠲᠠᠷᠢᠮᠠᠯ ᠤᠨ ᠬᠤᠷᠰᠢᠶᠠᠨ ᠤ ᠬᠠᠷᠢᠭᠤᠴᠠᠯᠭᠠᠲᠠᠨ | ᠵᠠᠩ ᠡᠯ ᠵᠦ᠄ ︽ᠭᠡᠪᠡᠴᠦ ᠣᠲᠣ ᠠᠳᠠᠯᠢ ᠪᠤᠰᠤ ᠪᠣᠯᠵᠠᠶ᠂ ᠤᠰᠤᠯᠠᠬᠤ ᠲᠠᠷᠢᠶ᠎ᠠ ᠨᠢ ᠴᠥᠮ ᠨᠠᠷᠢᠯᠢᠭ ᠣᠨᠣᠪᠴᠢᠲᠡᠢ | ᠪᠠᠷ ᠳᠤᠰᠤᠯᠭᠠᠨ ᠤᠰᠤᠯᠠᠵᠤ᠂ ᠥᠩᠭᠡᠷᠡᠭᠰᠡᠨ ᠲᠠᠢ ᠬᠠᠷᠢᠴᠠᠭᠤᠯᠪᠠᠯ ᠤᠰᠤ ᠠᠷᠪᠢᠯᠠᠬᠤ ᠮᠥᠷᠲᠡᠭᠡᠨ ᠤᠰᠤ ᠪᠠ | ᠰᠢᠮ᠎ᠡ ᠲᠡᠵᠢᠭᠡᠯ ᠢ ᠰᠢᠭᠤᠳ ᠦᠨᠳᠦᠰᠦᠨ ᠤ ᠰᠢᠰᠲ᠋ᠧᠮ ᠳᠤ ᠰᠢᠭᠤᠳ ᠬᠦᠷᠭᠡᠵᠦ ᠪᠣᠯᠤᠨ᠎ᠠ᠃ ᠤᠰᠤ ᠪᠠᠭ᠎ᠠ | ᠬᠡᠷᠡᠭᠯᠡᠭᠰᠡᠨ ᠪᠣᠯᠬᠤᠷ ᠴᠢᠬᠢ ᠤᠯᠠᠮ ᠴᠢᠩᠭᠠᠷᠠᠪᠠ︾ ᠭᠡᠪᠡ᠃ ᠵᠠᠩ ᠡᠯ ᠵᠦ ᠶᠢᠨ ᠳᠠᠭᠠᠭᠤᠯᠭ᠎ᠠ ᠳᠣᠤᠷ᠎ᠠ᠂ | ᠰᠤᠷᠪᠤᠯᠵᠢᠯᠠᠭᠴᠢ ᠲᠠᠷᠢᠶᠠᠨ ᠭᠠᠵᠠᠷ ᠲᠤ ︽ᠬᠢᠯᠭᠠᠰᠤᠨ ᠰᠤᠳᠠᠰᠤ︾ ᠮᠡᠲᠦ ᠳᠤᠰᠤᠯᠭᠠᠨ ᠤᠰᠤᠯᠠᠬᠤ ᠬᠤᠭᠤᠯᠠᠶ ᠶᠢᠨ | ᠲᠣᠤᠷ ᠨᠡᠶᠢᠳᠡᠮ ᠲᠠᠷᠬᠠᠵᠤ ᠪᠠᠶᠢᠬᠤ ᠶᠢ ᠣᠯᠵᠤ ᠬᠠᠷᠠᠪᠠ᠂ ᠨᠠᠷᠢᠨ ᠨᠢᠮᠪᠠᠶ ᠤᠰᠤᠨ ᠤᠷᠤᠰᠬᠠᠯ ᠳᠤᠰᠤᠯᠭᠠᠨ | ᠤᠰᠤᠯᠠᠬᠤ ᠪᠦᠰᠡ ᠠᠴᠠ ᠠᠭᠠᠵᠢᠮ ᠢᠶᠠᠷ ᠨᠡᠪᠴᠢᠵᠦ᠂ ᠬᠥᠷᠥᠰᠥ ᠰᠢᠷᠣᠶ ᠨᠢ ᠴᠢᠭᠢᠭᠯᠢᠭ ᠪᠥᠭᠡᠳ ᠵᠢᠭᠳᠡ ᠪᠠᠶᠢᠵᠤ᠂ | ᠰᠠᠶ᠋ᠢᠬᠠᠨ ᠭᠠᠷᠴᠤ ᠢᠷᠡᠭᠰᠡᠨ ᠡᠷᠳᠡᠨᠢ ᠰᠢᠰᠢ ᠶᠢᠨ ᠴᠢᠬᠢ ᠢᠳᠡᠷᠡᠭᠦᠨ ᠢᠶᠠᠷ ᠲᠡᠨᠢᠢᠨ᠎ᠡ᠃ | ᠲᠥᠷᠥ ᠶᠢᠨ ᠪᠣᠳᠣᠯᠭ᠎ᠠ ᠪᠣᠯᠤᠨ ᠵᠠᠬ᠎ᠠ ᠳᠡᠯᠭᠡᠭᠦᠷ ᠤᠨ ᠳᠠᠪᠬᠤᠷ ᠵᠣᠷᠢᠭᠵᠢᠭᠤᠯᠤᠯ ᠳᠣᠤᠷ᠎ᠠ᠂ ᠣᠶᠤᠨᠴᠢ | ᠲᠠᠷᠢᠶᠠᠯᠠᠩ ᠨᠢ ᠵᠢᠵᠢᠭ ᠲᠠᠷᠢᠶᠠᠴᠢᠨ ᠡᠷᠦᠬᠡ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠰᠢᠭ | ᠣᠯᠵᠠᠪᠤᠷᠢ ᠶᠢ ᠬᠠᠮᠲᠤ ᠪᠠᠷ ᠡᠳ᠋ᠯᠡᠭᠦᠯᠪᠡ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠠᠷᠢᠶᠠᠯᠠᠩ ᠤᠨ | ᠮᠡᠷᠭᠡᠵᠢᠯ ᠢ ᠳᠡᠯᠭᠡᠷᠡᠭᠦᠯᠬᠦ ᠲᠥᠪ ᠤᠨ ᠡᠷᠬᠢᠯᠡᠭᠴᠢ ᠳ᠋ᠦᠩ ᠫᠦ᠋᠄ ︽2025 ᠣᠨ ᠳᠤ ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤ ᠭᠤᠣᠯᠳᠠᠯᠭ᠎ᠠ ᠲᠠᠢ ᠣᠷᠣᠨ ᠪᠦᠰᠡ ᠳᠤ ᠠᠩᠬᠠᠷᠤᠯ ᠢᠶᠠᠨ ᠲᠥᠪᠯᠡᠷᠡᠭᠦᠯᠵᠦ᠂ ᠳᠠᠪᠠᠭᠤᠯᠢᠭ | ᠡᠬᠢ ᠪᠠᠶᠠᠯᠢᠭ ᠢ ᠨᠢᠭᠡᠳᠭᠡᠵᠦ ᠰᠠᠶᠢᠨ ᠲᠠᠷᠢᠶᠠᠨ ᠭᠠᠵᠠᠷ ᠤᠨ ᠰᠠᠶᠢᠨ ᠡᠭᠦᠯᠳᠡᠷ ᠤᠨ ᠰᠠᠶᠢᠨ ᠮᠠᠰᠢᠨ ᠰᠠᠶᠢᠨ | ᠠᠷᠭ᠎ᠠ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠠᠮᠤ ᠳᠤᠰᠤᠨ ᠤ ᠲᠠᠯᠠᠪᠠᠢ ᠨᠢᠭᠡᠴᠢ ᠶᠢᠨ | ᠦᠢᠯᠡᠳᠪᠦᠷᠢᠯᠡᠯ ᠤᠨ ᠳᠡᠭᠡᠭᠰᠢᠯᠡᠯᠲᠡ ᠶᠢ ᠪᠠᠲᠤᠯᠠᠨ᠎ᠠ ᠭᠡᠵᠦ ᠲᠠᠨᠢᠯᠴᠠᠭᠤᠯᠪᠠ᠃ ᠦᠷ᠎ᠡ ᠰᠠᠴᠤᠬᠤ ᠳᠤ ᠪᠠᠨ ᠨᠠᠷᠢᠯᠢᠭ | ᠲᠠᠷᠢᠬᠤ ᠮᠠᠰᠢᠨ ᠬᠢᠭᠡᠳ ᠳᠣᠬᠢᠭᠤᠷ ᠳᠣᠯᠤᠭ᠎ᠠ ᠳᠠᠭᠠᠭᠤᠯᠢ ᠣᠳᠣᠨ ᠤ ᠠᠶᠠᠯᠠᠯ ᠤᠨ ᠰᠢᠰᠲ᠋ᠧᠮ ᠢ | ᠲᠦᠬᠦᠷᠵᠢᠭᠦᠯᠦᠨ ᠢ ᠬᠡᠷᠡᠭᠯᠡᠨ ᠲᠠᠷᠢᠨ᠎ᠠ᠃ ᠰᠡᠨᠲ᠋ᠢᠮᠧᠲᠷ ᠤᠨ ᠲᠠᠰ ᠤᠨ ᠪᠠᠶᠢᠷᠢ ᠲᠣᠭᠲᠠᠭᠠᠯᠲᠠ ᠶᠢᠨ ᠨᠠᠷᠢᠯᠢᠭ ᠤᠨ | ᠬᠡᠮᠵᠢᠶ᠎ᠡ ᠶᠢ ᠪᠡᠶᠡᠯᠡᠭᠦᠯᠵᠦ᠂ ᠳᠠᠬᠢᠨ ᠰᠠᠴᠤᠬᠤ᠂ ᠣᠷᠬᠢᠭᠳᠠᠭᠤᠯᠤᠨ ᠰᠠᠴᠤᠬᠤ ᠦᠵᠡᠭᠳᠡᠯ ᠢ ᠪᠦᠲᠦᠮᠵᠢᠲᠡᠶ | ᠬᠤᠷᠢᠭᠯᠠᠨ᠂ ᠦᠷ᠎ᠡ ᠶᠢᠨ ᠰᠠᠴᠤᠬᠤ ᠬᠡᠮᠵᠢᠶ᠎ᠡ᠂ ᠰᠠᠴᠤᠬᠤ ᠭᠦᠨᠴᠡ᠂ ᠰᠠᠭᠤᠷᠢ ᠶᠢᠨ ᠵᠠᠶ ᠵᠡᠷᠭᠡ ᠶᠢ ᠣᠨᠣᠪᠴᠢᠲᠠᠶ | ᠡᠵᠡᠮᠳᠡᠬᠦ ᠬᠡᠷᠡᠭᠲᠡᠶ᠃ ᠤᠰᠤᠯᠠᠯᠲᠠ ᠶᠢ ᠳᠤᠰᠤᠯᠭᠠᠨ ᠤᠰᠤᠯᠠᠵᠤ᠂ ᠤᠰᠤᠨ ᠤ ᠠᠰᠢᠭᠯᠠᠯᠲᠠ ᠶᠢᠨ ᠨᠣᠷᠮ᠎ᠠ ᠶᠢ | 80% — 90% ᠪᠣᠯᠭᠠᠨ ᠳᠡᠭᠡᠭᠰᠢᠯᠡᠭᠦᠯᠵᠦ᠂ ᠪᠣᠷᠳᠣᠭᠤᠷ ᠤᠨ ᠠᠰᠢᠭᠯᠠᠯᠲᠠ ᠶᠢᠨ ᠨᠣᠷᠮ᠎ᠠ ᠶᠢ 35% — | 50% ᠪᠣᠯᠭᠠᠨ ᠳᠡᠭᠡᠭᠰᠢᠯᠡᠭᠦᠯᠪᠡ᠃ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠳᠤ ᠤᠷᠭᠤᠮᠠᠯ | ᠬᠠᠮᠠᠭᠠᠯᠠᠬᠤ ᠵᠢᠯᠣᠭᠤᠴᠢ ᠥᠬᠡᠶ ᠮᠠᠰᠢᠨ ᠢᠶᠠᠷ ᠠᠵᠢᠯᠯᠠᠨ᠎ᠠ᠃ ᠲᠠᠷᠢᠶᠠᠨ ᠡᠮ ᠤᠨ ᠨᠠᠷᠢᠯᠢᠭ ᠣᠨᠣᠪᠴᠢᠲᠠᠢ | ᠰᠦᠷᠴᠢᠯᠲᠡ ᠶᠢ ᠪᠡᠶᠡᠯᠡᠭᠦᠯᠵᠦ᠂ ᠠᠵᠢᠯ ᠤᠨ ᠵᠢᠭᠳᠡ ᠴᠢᠨᠠᠷ ᠪᠠ ᠣᠨᠣᠪᠴᠢᠲᠤ ᠴᠢᠨᠠᠷ ᠢ ᠪᠠᠲᠤᠯᠠᠵᠤ᠂ ᠠᠵᠢᠯ ᠤᠨ | ᠶᠠᠰᠤ ᠴᠢᠨᠠᠷ ᠢ ᠳᠡᠭᠡᠭᠰᠢᠯᠡᠭᠦᠯᠵᠦ ᠪᠣᠯᠤᠨ᠎ᠠ᠃ ᠡᠭᠦᠨ ᠤ ᠬᠠᠮᠲᠤ ᠤᠷᠭᠤᠮᠠᠯ ᠤᠨ ᠬᠠᠮᠠᠭᠠᠯᠠᠯᠲᠠ ᠶᠢᠨ ᠵᠢᠯᠣᠭᠤᠴᠢ | ᠥᠬᠡᠶ ᠮᠠᠰᠢᠨ ᠢ ᠨᠢᠭᠡᠨᠲᠡ ᠲᠠᠷᠢᠶᠠᠯᠠᠩ ᠤᠨ ᠮᠠᠰᠢᠨ ᠪᠠᠭᠠᠵᠢ ᠶᠢᠨ ᠨᠥᠬᠦᠪᠥᠷᠢ ᠶᠢᠨ ᠨᠡᠷᠡᠰ ᠤᠨ ᠵᠢᠭᠰᠠᠭᠠᠯᠲᠠ ᠳᠤ | ᠣᠷᠣᠭᠤᠯᠵᠤ᠂ ᠡᠮ ᠤᠨ ᠰᠢᠩᠭᠡᠨ ᠤ ᠬᠠᠶᠢᠷᠴᠠᠭ ᠤᠨ ᠨᠣᠷᠮ᠎ᠠ ᠲᠣᠭᠲᠠᠭᠠᠭᠰᠠᠨ ᠪᠠᠭᠲᠠᠭᠠᠮᠵᠢ ᠪᠠ ᠲᠠᠩ ᠡᠷᠭᠢᠯᠳᠦᠭᠡ | ᠵᠢᠭᠦᠷ᠂ ᠣᠯᠠᠨ ᠡᠷᠭᠢᠯᠳᠦᠭᠡ ᠵᠢᠭᠦᠷ ᠢ ᠦᠨᠳᠦᠰᠦᠯᠡᠨ ᠨᠥᠬᠦᠪᠥᠷᠢ ᠥᠭᠭᠦᠨ᠎ᠡ︾ ᠭᠡᠵᠦ ᠲᠠᠶᠢᠯᠪᠤᠷᠢᠯᠠᠪᠠ᠃ | ︽ᠲᠩᠷᠢ ᠶᠢ ᠲᠦᠰᠢᠭᠯᠡᠵᠦ ᠪᠤᠳᠠᠭ᠎ᠠ ᠢᠳᠡᠬᠦ︾ ᠤᠯᠠᠮᠵᠢᠯᠠᠯᠲᠤ ᠲᠠᠷᠢᠶᠠᠯᠠᠩ ᠢ ︽ᠣᠶᠤᠨᠴᠢ ᠪᠠᠷ | ᠣᠷᠣᠯᠭ᠎ᠠ ᠪᠠᠨ ᠨᠡᠮᠡᠭᠳᠡᠭᠦᠯᠬᠦ︾ ᠲᠡᠶᠢᠰᠢ ᠬᠤᠪᠢᠷᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠶᠠᠭ ᠪᠦᠬᠦ | ᠲᠠᠯ᠎ᠠ ᠪᠠᠷ᠂ ᠭᠦᠨ ᠳᠠᠪᠬᠤᠷᠭ᠎ᠠ ᠪᠠᠷ ᠲᠠᠷᠢᠶᠠᠯᠠᠩ ᠤᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠵᠦ | ᠂ ᠰᠢᠷ᠎ᠠ ᠬᠦᠷᠦᠰᠦᠨ ᠳᠡᠭᠡᠷ᠎ᠡ ᠰᠢᠨ᠎ᠡ ᠡᠯᠪᠡᠭ ᠬᠤᠷᠢᠶᠠᠯᠲᠠ ᠶᠢᠨ ᠦᠪᠡᠳᠡᠭᠰᠢ ᠪᠠᠶᠢᠳᠠᠯ ᠢ ᠪᠤᠢ ᠪᠣᠯᠭᠠᠵᠤ ᠪᠠᠶᠢᠨ᠎ᠠ᠃ |