ᠴᠠᠬᠢᠯᠳᠠᠭ ᠤᠨ ᠤᠷᠤᠰᠬᠠᠯ ᠢ ᠲᠣᠰᠣᠨ ᠠᠪᠬᠤ ᠶᠢᠨ ᠵᠠᠩᠭᠢᠯᠠᠭ᠎ᠠ ᠨᠢ ᠤᠷᠲᠤ ᠬᠤᠭᠤᠴᠠᠭᠠᠨ ᠤ ᠪᠦᠲᠦᠮᠵᠢᠲᠡᠢ ᠠᠵᠢᠯᠯᠠᠭᠠᠨ ᠳᠡᠭᠡᠷ᠎ᠡ ᠪᠠᠶᠢᠨ᠎ᠠ
ᠨᠡᠶᠢᠲᠡᠯᠡᠭᠰᠡᠨ ᠴᠠᠭ᠄
2025/6/16
ᠨᠡᠪᠳᠡ  ᠬᠠᠷᠠᠬᠤ      ᠪᠠᠶᠢᠳᠠᠯ ᠢ ᠦᠵᠡᠨ ᠢᠷᠡᠭᠡᠳᠦᠢ ᠶᠢ ᠪᠠᠷᠠᠯᠠᠬᠤ      ᠪᠣᠯᠤᠩ ᠨᠡᠭᠡᠭᠡᠬᠦ ᠦᠭᠡ      ︽ᠨᠡᠪᠳᠡ  ᠬᠠᠷᠠᠬᠤ︾ ᠪᠣᠯ ᠨᠢᠭᠡ ᠵᠦᠢᠯ ᠤᠨ ᠲᠩᠷᠢ ᠭᠠᠵᠠᠷ ᠢ ᠡᠪᠦᠷᠯᠡᠭᠰᠡᠨ ᠥᠷᠭᠡᠨ ᠠᠭᠤᠳᠠᠮ ᠬᠠᠷᠠᠭᠠᠰᠤ ᠮᠥᠨ᠂ ᠲᠡᠷᠡ ᠨᠢ ᠪᠢᠳᠡᠨ ᠢ ᠬᠡᠰᠡᠭ ᠲᠠᠯ᠎ᠠ ᠶᠢᠨ ᠬᠠᠯᠬᠠᠪᠴᠢ ᠠᠴᠠ ᠮᠤᠯᠲᠤᠷᠠᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠥᠭᠵᠢᠯᠲᠡ ᠶᠢᠨ ᠶᠡᠭᠡ ᠪᠠᠶᠢᠷᠢᠰᠢᠯ ᠤᠨ ᠳᠡᠭᠡᠷ᠎ᠡ ᠵᠣᠭᠰᠣᠵᠤ᠂ ᠬᠡᠷᠡᠭ ᠶᠠᠪᠤᠳᠠᠯ᠂ ᠦᠵᠡᠭᠳᠡᠯ ᠢ ᠬᠢᠨᠠᠨ ᠦᠵᠡᠬᠦ ᠬᠡᠷᠡᠭᠲᠡᠢ ᠭᠡᠵᠦ ᠱᠠᠭᠠᠷᠳᠠᠪᠠ᠃      ︽ᠨᠡᠪᠳᠡ  ᠬᠠᠷᠠᠬᠤ︾ ᠪᠣᠯ ᠪᠠᠰᠠ ᠨᠢᠭᠡᠨ ᠵᠦᠢᠯ ᠤᠨ ᠢᠷᠤᠭᠠᠷ ᠲᠤ ᠨᠢ ᠲᠤᠯᠲᠠᠯ᠎ᠠ ᠨᠡᠪᠲᠡ ᠠᠵᠢᠭᠯᠠᠬᠤ ᠪᠣᠯᠣᠨ᠎ᠠ᠂ ᠰᠡᠷᠭᠡᠭ ᠬᠠᠷᠠᠴᠠ ᠪᠠᠷ ᠨᠠᠷᠢᠨ ᠵᠦᠢᠯᠡᠰ ᠢ ᠪᠠᠷᠢᠵᠤ᠂ ᠣᠶᠤᠨᠴᠢ ᠰᠡᠳᠭᠢᠨ ᠪᠣᠳᠣᠯᠬᠢᠯᠠᠯᠲᠠ ᠪᠠᠷ ᠮᠥᠨ ᠴᠢᠨᠠᠷ ᠢ ᠨᠢ ᠵᠠᠳᠠᠯᠵᠤ᠂ ᠲᠡᠳᠡᠭᠡᠷ ᠠᠮᠠᠷᠬᠠᠨ ᠤᠮᠳᠤᠭᠠᠶᠢᠯᠠᠬᠤ ᠮᠥᠷᠲᠡᠭᠡᠨ ᠪᠠᠰᠠ  ᠲᠤᠶᠢᠯ ᠤᠨ ᠴᠢᠬᠤᠯᠠ ᠠᠭᠤᠯᠤᠭᠳᠠᠬᠤᠨ ᠢ ᠠᠭᠤᠳᠠᠯᠯᠠᠨ᠎ᠠ᠃      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠨᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠴᠠᠭ ᠤᠨ ᠦᠨᠡᠯᠡᠯᠲᠡ ᠶᠢᠨ ᠲᠤᠰᠬᠠᠢ ᠪᠤᠯᠤᠩ ︽  ᠨᠡᠪᠳᠡ ᠬᠠᠷᠠᠬᠤ︾  ᠶᠢ ᠭᠠᠷᠭᠠᠵᠤ᠂ ᠶᠡᠭᠡ ᠬᠠᠨᠳᠤᠰᠢ ᠶᠢ ᠠᠵᠢᠭᠯᠠᠵᠤ᠂ ᠢᠷᠡᠭᠡᠳᠦᠢ ᠵᠦᠭ ᠬᠠᠨᠳᠤᠵᠤ᠂ ᠪᠢᠳᠡ ᠬᠠᠯᠠᠭᠤᠷᠠᠯ ᠴᠡᠭ ᠢ ᠲᠦᠪᠯᠡᠷᠡᠭᠦᠯᠬᠦ᠌   ᠂ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠬᠠᠷᠢᠭᠤᠯᠲᠠ ᠥᠭᠴᠦ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠥᠭᠵᠢᠯᠲᠡ ᠳᠤ ᠠᠷᠭ᠎ᠠ ᠤᠬᠠᠭᠠᠨ ᠭᠠᠷᠭᠠᠬᠤ ᠪᠣᠯᠤᠨ᠎ᠠ᠃      ᠣᠢᠷ᠎ᠠ ᠳᠤ᠂ ᠥᠪᠥᠷ ᠮᠣᠩᠭᠤᠯ ᠤᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ 5000 ᠮᠦ ᠵᠡᠷᠯᠢᠭ ᠴᠠᠬᠢᠯᠳᠠᠭ ᠤᠷᠢᠳᠴᠢᠯᠠᠨ ᠳᠡᠯᠭᠡᠷᠡᠵᠦ᠂ ᠲᠠᠯ᠎ᠠ ᠨᠤᠲᠤᠭ ᠢ ᠬᠦᠷᠡᠩ ᠥᠩᠭᠡ ᠶᠢᠨ ᠳᠠᠯᠠᠢ ᠲᠠᠩᠭᠢᠰ ᠪᠣᠯᠭᠠᠪᠠ᠃ ᠲᠥᠪ ᠲᠧᠯᠸᠢᠰ ᠤᠨ ᠮᠡᠳᠡᠭᠡᠯᠡᠯ ᠤᠨ ᠳᠠᠷᠠᠭ᠎ᠠ᠂ ᠶᠠᠷᠢᠶᠠᠨ ᠤ ᠰᠡᠳᠦᠪ # ᠥᠪᠥᠷ ᠮᠣᠩᠭᠤᠯ ᠤᠨ 5000 ᠮᠦ ᠴᠠᠬᠢᠯᠳᠠᠭ ᠨᠢ ᠳᠠᠯᠠᠢ ᠮᠡᠲᠦ # ᠰᠦᠯᠵᠢᠶᠡᠨ ᠤ ᠬᠠᠯᠠᠭᠤᠷᠠᠯ ᠪᠣᠯᠵᠤ᠂ ᠰᠢᠨ ᠯᠠᠩ ᠪᠢᠴᠢᠯ ᠪᠯᠤᠭ # ᠥᠪᠥᠷ ᠮᠣᠩᠭᠤᠯ ᠤᠨ 5000 ᠮᠦ ᠴᠠᠬᠢᠯᠳᠠᠭ ᠨᠢ ᠳᠠᠯᠠᠢ ᠮᠡᠲᠦ # # ᠵᠸᠦ ᠱᠧᠨ ᠤ ᠳᠠᠭᠤᠤ ᠬᠢᠭᠡᠳ ᠴᠡᠴᠡᠭ ᠤᠨ ᠲᠣᠬᠢᠷᠠᠬᠤ ᠬᠡᠮᠵᠢᠶ᠎ᠡMAX# ᠭᠡᠬᠦ ᠬᠤᠶᠠᠷ ᠲᠣᠮᠣ ᠬᠡᠳᠦ ᠶᠠᠷᠢᠶᠠᠨ ᠤ ᠳᠣᠶ᠋ᠢᠯᠲᠠ ᠶᠢᠨ ᠨᠤᠷᠮ᠎ᠠ ᠨᠢ 900 ᠲᠦᠮᠡ ᠣᠶᠢᠷᠠᠲᠤᠯ᠎ᠠ᠃      ᠴᠠᠬᠢᠯᠳᠠᠭ ᠤᠨ ᠠᠪᠴᠢᠷᠠᠭᠰᠠᠨ ᠪᠠᠳᠠᠷᠠᠩᠭᠤᠶ ᠤᠷᠤᠰᠬᠠᠯ ᠨᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠣᠶᠣᠯ ᠵᠢᠭᠤᠯᠴᠢᠯᠠᠯ ᠤᠨ ᠬᠥᠭᠵᠢᠯᠲᠡ ᠳᠤ ᠣᠯᠳᠠᠬᠤᠶ᠎ᠠ ᠪᠡᠷᠬᠡ ᠠᠵᠠ ᠲᠣᠬᠢᠶᠠᠯ ᠢ ᠣᠯᠭᠤᠭᠰᠠᠨ ᠪᠠᠶᠢᠨ᠎ᠠ᠃ ᠰᠣᠶᠣᠯ ᠵᠢᠭᠤᠯᠴᠢᠯᠠᠯ ᠤᠨ ᠰᠠᠯᠠᠭ᠎ᠠ ᠮᠥᠴᠢᠷ ᠦᠳᠲᠡᠷ ᠲᠦᠷᠭᠡᠨ ᠠᠶᠠᠳᠠᠨ ᠳᠠᠭᠠᠵᠤ᠂ ᠠᠵᠢᠯᠲᠠᠳ ᠢ ᠵᠣᠬᠢᠶᠠᠨ ᠪᠠᠶᠢᠭᠤᠯᠤᠨ ᠡᠮᠬᠢ ᠳᠢᠭᠯᠢᠮ ᠢ ᠬᠠᠮᠠᠭᠠᠯᠠᠬᠤ ᠶᠢᠨ ᠬᠠᠮᠲᠤ ᠵᠢᠪᠦᠯᠲᠦ ᠴᠡᠴᠡᠭ ᠤᠨ ᠳᠠᠯᠠᠢ ᠶᠢᠨ ᠳᠠᠭᠤᠤ ᠬᠥᠭᠵᠢᠮ ᠤᠨ ᠴᠤᠭᠯᠠᠭᠠᠨ ᠵᠡᠷᠭᠡ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠥᠷᠨᠢᠭᠦᠯᠵᠦ᠂ ᠵᠢᠭᠤᠯᠴᠢᠯᠠᠭᠴᠢᠳ ᠲᠤ ᠪᠠᠶᠢᠭᠠᠯᠢ ᠶᠢᠨ ᠰᠠᠶᠢᠬᠠᠨ ᠦᠵᠡᠮᠵᠢ ᠠᠴᠠ ᠳᠠᠭᠤᠤ ᠬᠥᠭᠵᠢᠮ ᠤᠨ ᠷᠢᠳᠢ ᠰᠢᠳᠢ ᠶᠢ ᠮᠡᠳᠡᠷᠡᠭᠦᠯᠦᠨ᠎ᠡ᠂ ᠡᠳᠡᠭᠡᠷ ᠠᠷᠭ᠎ᠠ ᠬᠡᠮᠵᠢᠶ᠎ᠡ ᠨᠢ ᠵᠢᠭᠤᠯᠴᠢᠯᠠᠭᠴᠢᠳ ᠤᠨ ᠣᠶᠢᠯᠠᠭᠠᠯᠲᠠ ᠶᠢ ᠳᠡᠭᠡᠭᠰᠢᠯᠡᠭᠦᠯᠵᠦ᠂ ᠨᠥᠯᠥᠭᠡᠯᠡᠬᠦ ᠬᠦᠴᠦᠨ ᠢ ᠥᠷᠭᠡᠳᠬᠡᠬᠦ ᠶᠢᠨ ᠬᠠᠮᠲᠤ ᠪᠠᠰᠠ ᠰᠣᠶᠣᠯ ᠵᠢᠭᠤᠯᠴᠢᠯᠠᠯ ᠤᠨ ᠠᠭᠤᠰᠤᠯᠴᠠᠯ ᠤᠨ ᠠᠩᠬ᠎ᠠ ᠠᠯᠬᠤᠮ ᠤᠨ ᠦᠷ᠎ᠡ ᠪᠦᠲᠦᠭᠡᠯ ᠢ ᠢᠯᠡᠷᠡᠭᠦᠯᠪᠡ᠃ ᠭᠡᠪᠡᠴᠦ ᠡᠨᠡ ᠨᠢ ᠵᠥᠪᠬᠡᠨ ᠡᠬᠢᠯᠡᠯᠲᠡ ᠲᠡᠳᠦᠢ᠂ ︽ᠰᠦᠯᠵᠢᠶᠡᠨ ᠤ ᠣᠳᠣᠳ ᠤᠨ ᠠᠵᠤ ᠠᠬᠤᠢ︾ ᠶᠢᠨ ᠬᠦᠭᠡᠰᠦᠷᠬᠡᠭ ᠠᠶᠣᠯ ᠰᠢᠷᠦᠭᠦᠰᠴᠦ᠂ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠥᠷᠢᠰᠦᠯᠳᠦᠭᠡᠨ ᠡᠳᠦᠷ ᠢᠷᠡᠬᠦᠶ᠎ᠡ ᠰᠢᠷᠦᠭᠦᠰᠴᠦ ᠪᠠᠶᠢᠭ᠎ᠠ ᠣᠳᠣ ᠶᠢᠨ ᠪᠠᠶᠢᠳᠠᠯ ᠳᠤ᠂ ᠬᠡᠷᠪᠡ ᠤᠷᠤᠰᠬᠠᠯ ᠤᠨ ᠬᠡᠮᠵᠢᠶ᠎ᠡ ᠠᠴᠠ ᠪᠠᠨ ᠦᠯᠡᠳᠡᠬᠦ ᠬᠡᠮᠵᠢᠶ᠎ᠡ ᠶᠢ ᠪᠡᠶᠡᠯᠡᠭᠦᠯᠵᠦ ᠴᠢᠳᠠᠬᠤ ᠦᠭᠡᠢ᠂ ᠣᠬᠤᠷ ᠬᠤᠭᠤᠴᠠᠭᠠᠨ ᠤ ᠬᠥᠷ ᠬᠥᠭᠵᠢᠶᠡᠨ  ᠠᠴᠠ ᠤᠷᠲᠤ ᠬᠤᠭᠤᠴᠠᠭᠠᠨ ᠤ ᠴᠡᠴᠡᠭᠯᠡᠨ ᠬᠥᠭᠵᠢᠯᠲᠡ ᠬᠦᠷᠲᠡᠯᠡᠬᠢ ᠳᠠᠪᠠᠯᠲᠠ ᠶᠢ ᠪᠡᠶᠡᠯᠡᠭᠦᠯᠵᠦ ᠴᠢᠳᠠᠬᠤ ᠦᠭᠡᠢ ᠪᠣᠯ᠂ ᠴᠠᠬᠢᠯᠳᠠᠭ ᠤᠨ ᠠᠪᠴᠢᠷᠠᠭᠰᠠᠨ ᠬᠠᠯᠠᠭᠤᠷᠠᠯ ᠨᠢ ᠡᠴᠦᠰ ᠲᠡᠭᠡᠨ ᠤᠳᠪᠠᠯᠠ ᠴᠡᠴᠡᠭ ᠳᠡᠯᠭᠡᠷᠡᠮᠡᠭᠴᠡ ᠵᠤᠯᠭᠠᠷᠠᠭᠰᠠᠨ ᠰᠢᠭ᠋ ᠪᠣᠯᠤᠨ᠎ᠠ᠃      ᠤᠷᠤᠰᠬᠠᠯ ᠤᠨ ᠬᠡᠮᠵᠢᠶ᠎ᠡ ᠶᠢ ᠦᠷᠭᠦᠯᠵᠢᠯᠡᠬᠦ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠰᠢᠰᠲ᠋ᠧᠮᠲᠦ ᠴᠢᠨᠠᠷ ᠢᠶᠠᠷ ᠤᠷᠳᠤ ᠬᠤᠭᠤᠴᠠᠭᠠᠨ ᠤ ᠪᠦᠲᠦᠮᠵᠢᠲᠡᠢ ᠠᠵᠢᠯᠯᠠᠭᠠᠨ ᠤ ᠰᠢᠰᠲ᠋ᠧᠮ ᠢ ᠪᠠᠶᠢᠭᠤᠯᠬᠤ ᠬᠡᠷᠡᠭᠲᠡᠢ᠃ ᠢᠵᠢ ᠪᠦᠷᠢᠳᠦᠭᠰᠡᠨ ᠲᠥᠬᠦᠭᠡᠷᠦᠮᠵᠢ ᠠᠴᠠ ᠠᠪᠴᠤ ᠦᠵᠡᠪᠡᠯ ᠂ ᠡᠨᠡ ᠨᠢ ᠵᠢᠭᠤᠯᠴᠢᠯᠠᠭᠴᠢᠳ ᠤᠨ ︽ᠣᠷᠣᠵᠤ ᠳᠡᠶᠢᠯᠬᠦ᠂ ᠰᠠᠷᠨᠢᠵᠤ ᠳᠡᠶᠢᠯᠬᠦ᠂ ᠨᠠᠭᠠᠳᠴᠤ ᠳᠡᠶᠢᠯᠬᠦ᠂ ᠰᠠᠭᠤᠵᠤ ᠳᠡᠶᠢᠯᠬᠦ︾ ᠰᠠᠭᠤᠷᠢ ᠬᠡᠷᠡᠭᠴᠡᠭᠡ ᠶᠢ ᠬᠠᠩᠭᠠᠬᠤ ᠪᠠᠷ ᠪᠠᠷᠠᠬᠤ ᠦᠭᠡᠢ᠂ ᠨᠡᠩ ᠴᠤ ᠵᠢᠭᠤᠯᠴᠢᠯᠠᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ᠂ ᠵᠢᠭᠤᠯᠴᠢᠯᠠᠭᠴᠢᠳ ᠤᠨ ᠬᠠᠨᠤᠮᠵᠢ ᠶᠢᠨ ᠬᠡᠮᠵᠢᠶ᠎ᠡ ᠶᠢ ᠨᠡᠮᠡᠭᠳᠡᠭᠦᠯᠬᠦ ᠵᠠᠩᠭᠢᠯᠠᠭ᠎ᠠ ᠶᠢᠨ ᠭᠤᠭᠴᠤᠭ᠎ᠠ ᠪᠣᠯᠤᠨ᠎ᠠ᠃ ᠵᠢᠭᠤᠯᠴᠢᠯᠠᠭᠴᠢᠳ ᠤᠨ ᠲᠤᠭ᠎ᠠ ᠲᠦᠷᠭᠡᠨ ᠨᠡᠮᠡᠭᠳᠡᠬᠦ ᠶᠢ ᠳᠠᠭᠠᠯᠳᠤᠨ᠂ ᠵᠠᠮ ᠬᠠᠷᠢᠯᠴᠠᠭᠠᠨ ᠤ ᠵᠢᠯᠣᠭᠤᠳᠣᠯᠭ᠎ᠠ᠂ ᠲᠡᠷᠭᠡ ᠵᠣᠭᠰᠣᠬᠤ ᠭᠠᠵᠠᠷ᠂ ᠬᠤᠨᠤᠭ ᠪᠠᠭᠤᠳᠠᠯ ᠢᠳᠡᠭᠡᠨ ᠤᠮᠳᠠᠭᠠᠨ ᠵᠡᠷᠭᠡ ᠬᠡᠷᠡᠭᠴᠡᠭᠡ ᠱᠠᠭᠠᠷᠳᠠᠯᠭ᠎ᠠ ᠭᠧᠣᠮᠧᠲᠷᠢ ᠶᠢᠨ ᠲᠠᠰ ᠤᠨ ᠨᠡᠮᠡᠭᠳᠡᠯ ᠲᠠᠢ ᠪᠣᠯᠪᠠ᠃ ᠬᠠᠮᠢᠶ᠎ᠠ ᠪᠦᠬᠦᠢ ᠰᠠᠯᠠᠭ᠎ᠠ ᠮᠥᠴᠢᠷ ᠤᠳ ︽ᠠᠮᠢᠨ ᠳᠤ ᠲᠤᠯᠬᠤ ᠳᠤ ᠠᠷᠢᠶᠠᠪᠠᠯᠤ︾ ᠶᠢᠨ ᠰᠡᠳᠬᠢᠬᠦᠶ ᠪᠠᠨ ᠲᠠᠶᠠᠭᠳᠠᠵᠤ᠂ ᠵᠢᠭᠤᠯᠴᠢᠯᠠᠭᠴᠢᠳ ᠤᠨ ᠤᠷᠤᠰᠬᠠᠯ ᠤᠨ ᠬᠡᠮᠵᠢᠶ᠎ᠡ ᠶᠢ ᠲᠥᠰᠦᠭᠡᠯᠡᠬᠦ ᠶᠢ ᠦᠨᠳᠦᠰᠦᠯᠡᠨ᠂ ᠵᠠᠮ ᠬᠠᠷᠢᠯᠴᠠᠭᠠᠨ ᠤ ᠲᠣᠤᠷ ᠰᠦᠯᠵᠢᠶ᠎ᠡ ᠶᠢ ᠤᠷᠢᠳᠴᠢᠯᠠᠨ ᠲᠥᠯᠥᠪᠵᠢᠭᠦᠯᠵᠦ᠂ ᠵᠠᠰᠠᠭ ᠤᠨ ᠣᠷᠳᠣᠨ ᠬᠥᠲᠥᠯᠦᠨ ᠵᠢᠯᠣᠭᠤᠳᠬᠤ ᠪᠠ ᠵᠠᠬ᠎ᠠ ᠳᠡᠯᠭᠡᠭᠦᠷ ᠤᠨ ᠲᠣᠬᠢᠷᠠᠭᠤᠯᠤᠯᠲᠠ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠤᠨᠣᠭᠯᠠᠬᠤ ᠦᠨ᠎ᠡ ᠬᠠᠩᠰᠢ ᠶᠢ ᠵᠢᠷᠤᠮᠵᠢᠭᠤᠯᠵᠤ᠂ ᠡᠷᠬᠢᠨ ᠲᠣᠭᠤᠷᠢᠨ ᠳᠤ ᠰᠤᠯᠠ ᠪᠠᠶᠢᠭ᠎ᠠ ᠡᠬᠢ ᠪᠠᠶᠠᠯᠢᠭ ᠢ ᠠᠭᠤᠳᠠᠯᠵᠤ ᠪᠠᠶᠢᠭᠠᠳ ᠣᠨᠴᠠᠯᠢᠭᠲᠤ ᠠᠷᠠᠳ ᠤᠨ ᠣᠷᠣᠨ ᠰᠠᠭᠤᠴᠠ ᠶᠢᠨ ᠰᠦᠷᠦᠭᠵᠢᠯ ᠢ ᠪᠣᠶ ᠪᠣᠯᠭᠠᠬᠤ ᠶᠢᠨ ᠬᠠᠮᠲᠤ᠂ ᠲᠤᠬᠠᠶ ᠶᠢᠨ ᠭᠠᠵᠠᠷ ᠤᠨ ᠰᠠᠭᠤᠭᠠᠯᠢ ᠠᠷᠠᠳ ᠤᠨ ᠠᠮᠲᠠᠲᠤ ᠢᠳᠡᠭᠡᠨ ᠤ ᠰᠢᠨ᠎ᠡ ᠶᠢ ᠡᠭᠦᠳᠬᠦ ᠳᠤ ᠣᠷᠣᠯᠴᠠᠬᠤ ᠶᠢ ᠵᠣᠷᠢᠭᠵᠢᠭᠤᠯᠵᠤ᠂ ᠣᠷᠣᠨ ᠪᠦᠰᠡ ᠶᠢᠨ ᠲᠡᠮᠳᠡᠭ ᠤᠨ ᠴᠢᠨᠠᠷᠲᠠᠶ ᠢᠳᠡᠭᠡᠨ ᠤᠮᠳᠠᠭᠠᠨ ᠤ ᠨᠠᠷᠠᠲᠤ ᠲᠡᠮᠳᠡᠭᠲᠦ ᠶᠢ ᠭᠠᠷᠭᠠᠨ᠎ᠠ᠃      ᠵᠢᠭᠤᠯᠴᠢᠯᠠᠯ ᠤᠨ ᠲᠦᠷᠦᠯ ᠵᠦᠢᠯ ᠢ ᠨᠡᠭᠡᠭᠡᠨ ᠬᠥᠭᠵᠢᠭᠦᠯᠬᠦ ᠲᠠᠯ᠎ᠠ ᠪᠠᠷ᠂ ︽ᠰᠣᠶᠣᠯ ᠪᠣᠯ ᠵᠢᠭᠤᠯᠴᠢᠯᠠᠯ ᠤᠨ ᠰᠦᠭ ᠰᠦᠨᠡᠰᠦ᠂ ᠵᠢᠭᠤᠯᠴᠢᠯᠠᠯ ᠪᠣᠯ ᠰᠣᠶᠣᠯ ᠤᠨ ᠠᠴᠢᠶᠠᠯᠠᠪᠤᠷᠢ ᠮᠥᠨ︾ ᠭᠡᠬᠦ ᠰᠡᠳᠦᠪ ᠢ ᠭᠦᠨᠵᠡᠭᠡᠢ ᠣᠶᠢᠯᠠᠭᠠᠬᠤ ᠬᠡᠷᠡᠭᠲᠡᠢ᠃ ᠴᠠᠬᠢᠯᠳᠠᠭ ᠭᠠᠩ ᠬᠠᠭᠰᠠᠷᠠᠭᠠᠨ ᠳᠤ ᠲᠡᠰᠪᠦᠷᠢᠲᠡᠶ᠂ ᠬᠤᠵᠢᠷ ᠲᠤ ᠲᠡᠰᠪᠦᠷᠢᠲᠡᠶ᠂ ᠦᠨᠳᠦᠰᠦ ᠨᠢ ᠡᠯᠡᠰᠦ ᠶᠢ ᠰᠡᠷᠭᠡᠶᠢᠯᠡᠵᠦ ᠡᠯᠡᠰᠦ ᠶᠢ ᠲᠣᠭᠲᠠᠪᠤᠷᠢᠵᠢᠭᠤᠯᠵᠤ᠂ ᠬᠠᠳᠠᠨ ᠵᠣᠷᠢᠭ᠂ ᠡᠷᠡᠯᠬᠡᠭ ᠪᠠᠭᠠᠲᠤᠷᠯᠢᠭ᠂ ᠬᠦᠰᠡᠯ ᠡᠷᠡᠮᠡᠯᠵᠡᠯ ᠢ ᠪᠡᠯᠭᠡᠳᠡᠵᠦ ᠪᠠᠶᠢᠳᠠᠭ᠂ ᠡᠨᠡ ᠨᠢ ᠳᠠᠷᠬᠠᠨ ᠮᠤᠤᠮᠢᠩᠭᠠᠨ ᠬᠤᠰᠢᠭᠤᠨ ᠤ ᠠᠷᠠᠳ ᠲᠦᠮᠡᠨ ᠤ ᠠᠮᠢ ᠠᠬᠤᠶ ᠶᠢᠨ ᠵᠠᠰᠠᠯᠲᠠ᠂ ᠰᠣᠶᠣᠯ ᠤᠨ ᠤᠯᠠᠮᠵᠢᠯᠠᠯ ᠳᠤᠮᠳᠠ ᠢᠯᠡᠷᠡᠭᠦᠯᠦᠭᠰᠡᠨ ᠣᠶᠤᠨ ᠰᠠᠨᠠᠭᠠᠨ ᠤ ᠴᠢᠨᠠᠷ ᠴᠢᠨᠰᠠᠭ᠎ᠠ ᠲᠠᠢ ᠳᠡᠭᠡᠳᠦ ᠬᠡᠮᠵᠢᠶ᠎ᠡ ᠪᠠᠷ ᠨᠡᠶᠢᠴᠡᠵᠦ ᠪᠠᠶᠢᠨ᠎ᠠ᠃ ᠰᠣᠶᠣᠯ ᠵᠢᠭᠤᠯᠴᠢᠯᠠᠯ ᠤᠨ ᠨᠡᠭᠡᠭᠡᠯᠲᠡ ᠨᠢ ︽ᠴᠡᠴᠡᠭ ᠰᠣᠨᠢᠷᠬᠠᠬᠤ ᠠᠵᠤ ᠠᠬᠤᠢ︾ ᠶᠢᠨ ᠥᠩᠭᠡᠨ ᠲᠠᠯ᠎ᠠ ᠳᠤ ᠬᠢᠵᠠᠭᠠᠷᠯᠠᠭᠳᠠᠵᠤ ᠪᠣᠯᠬᠤ ᠦᠭᠡᠢ᠂ ᠬᠠᠷᠢᠨ ᠳᠠᠯᠳᠠ ᠶᠢᠨ ᠠᠮᠢ ᠠᠬᠤᠢ ᠶᠢᠨ ᠦᠨ᠎ᠡ ᠥᠷᠲᠡᠭ ᠪᠠ ᠰᠣᠶᠣᠯ ᠤᠨ ᠠᠭᠤᠯᠤᠭᠳᠠᠬᠤᠨ ᠢ ᠨᠢ ᠭᠦᠨ ᠤᠬᠤᠴᠢᠯᠠᠬᠤ ᠬᠡᠷᠡᠭᠲᠡᠢ᠃ ᠮᠣᠩᠭᠤᠯ ᠦᠨᠳᠦᠰᠦᠲᠡᠨ ᠤ ᠳᠠᠭᠤᠤ ᠪᠥᠵᠢᠭ᠂ ᠤᠯᠠᠮᠵᠢᠯᠠᠯᠲᠤ ᠭᠠᠷ ᠤᠷᠠᠯᠠᠯ᠂ ᠨᠡᠭᠦᠳᠡᠯ ᠰᠣᠶᠣᠯ ᠤᠨ ᠡᠯᠧᠮᠧᠨ᠋ᠲ ᠵᠡᠷᠭᠡ ᠡᠯᠧᠮᠧᠨ᠋ᠲ ᠲᠠᠢ ᠤᠶᠠᠯᠳᠤᠭᠤᠯᠤᠨ᠂ ᠰᠤᠳᠤᠯᠤᠨ ᠰᠤᠷᠤᠯᠴᠠᠬᠤ᠂ ᠪᠡᠶᠡᠴᠢᠯᠡᠨ ᠣᠶᠢᠯᠠᠭᠠᠬᠤ᠂ ᠤᠷᠠᠨ ᠲᠣᠭᠯᠠᠯᠲᠠ ᠶᠢ ᠨᠢᠭᠡ ᠴᠣᠭᠴᠠᠵᠢᠭᠤᠯᠤᠭᠰᠠᠨ ᠰᠣᠲᠣᠭᠤᠷᠠᠮ᠎ᠠ ᠰᠣᠶᠣᠯ ᠤᠨ ᠲᠥᠷᠥᠯ ᠵᠦᠢᠯ ᠢ ᠪᠠᠶᠢᠭᠤᠯᠵᠤ᠂ ᠵᠢᠭᠤᠯᠴᠢᠯᠠᠭᠴᠢᠳ ᠲᠤ ᠰᠣᠶᠣᠯ ᠤᠨ ᠵᠤᠵᠠᠭᠠᠨ ᠤ ᠬᠡᠮᠵᠢᠶ᠎ᠡ ᠶᠢ ᠮᠡᠳᠡᠷᠡᠭᠦᠯᠵᠦ᠂ ᠰᠤᠷᠤᠯᠴᠠᠬᠤ ᠴᠠᠭ ᠢ ᠤᠷᠲᠤᠳᠬᠠᠵᠤ᠂ ᠵᠢᠭᠤᠯᠴᠢᠯᠠᠯ ᠤᠨ ᠬᠡᠷᠡᠭᠯᠡᠭᠡᠨ ᠤ ᠨᠡᠮᠡᠯᠲᠡ ᠥᠷᠲᠡᠭ ᠢ ᠳᠡᠭᠡᠭᠰᠢᠯᠡᠭᠦᠯᠦᠨ᠎ᠡ᠃ ᠡᠨᠡ ᠬᠦ ᠶᠠᠪᠤᠴᠠ ᠨᠢ ᠮᠥᠨ ᠴᠢᠨᠠᠷ ᠳᠡᠭᠡᠷ᠎ᠡ ᠪᠠᠨ ᠰᠣᠶᠣᠯ ᠤᠨ ᠲᠡᠮᠳᠡᠭ ᠤᠨ ᠳᠠᠬᠢᠨ ᠡᠭᠦᠳᠦᠯᠲᠡ ᠪᠠ ᠵᠢᠭᠤᠯᠴᠢᠯᠠᠯ ᠤᠨ ᠪᠦᠲᠦᠭᠡᠭᠳᠡᠬᠦᠨ ᠤ ᠥᠷᠲᠡᠭ ᠤᠨ ᠬᠡᠯᠬᠢᠶ᠎ᠡ ᠶᠢ ᠤᠷᠲᠤᠳᠬᠠᠵᠤ᠂ ᠵᠢᠭᠤᠯᠴᠢᠯᠠᠯ ᠤᠨ ᠠᠵᠤ ᠠᠬᠤᠶ ᠶᠢᠨ ︽ᠡᠭᠦᠳᠡᠨ ᠪᠢᠯᠧᠲ ᠳᠤ ᠨᠠᠶᠢᠳᠠᠬᠤ ᠬᠡᠮ︾ ᠢ ᠪᠦᠲᠦᠮᠵᠢᠲᠡᠶ ᠡᠪᠳᠡᠵᠦ ᠴᠢᠳᠠᠬᠤ ᠶᠤᠮ᠃       ᠤᠷᠤᠰᠬᠠᠯ ᠤᠨ ᠬᠡᠮᠵᠢᠶ᠎ᠡ ᠶᠢᠨ ᠥᠷᠭᠦᠯᠵᠢᠯᠡᠯ ᠨᠢ ᠣᠨᠣᠪᠴᠢᠲᠠᠢ ᠤᠬᠠᠭᠤᠯᠤᠨ ᠳᠡᠯᠭᠡᠷᠡᠭᠦᠯᠬᠦ ᠪᠠ ᠨᠡᠷᠡᠲᠦ ᠲᠡᠮᠳᠡᠭ ᠤᠨ ᠪᠠᠢᠭᠤᠯᠤᠯᠲᠠ ᠠᠴᠠ ᠨᠡᠩ ᠴᠤ ᠰᠠᠯᠵᠤ ᠴᠢᠳᠠᠬᠤ ᠦᠭᠡᠢ᠃ ᠮᠡᠳᠡᠭᠡ ᠵᠠᠩᠭᠢ ᠶᠢᠨ ᠳᠡᠯᠪᠡᠷᠡᠯᠲᠡ ᠶᠢᠨ ᠴᠠᠭ ᠦᠶ᠎ᠡ ᠳᠤ᠂ ᠰᠢᠨ᠎ᠡ ᠵᠠᠭᠤᠴᠢᠯᠠᠭᠤᠷ ᠤᠨ ᠲᠠᠪᠴᠠᠩ ᠪᠣᠯ ᠤᠷᠤᠰᠬᠠᠯ ᠤᠨ ᠣᠷᠣᠬᠤ ᠡᠭᠦᠳᠡ ᠪᠣᠯᠬᠤ ᠪᠥᠭᠡᠳ ᠪᠠᠰᠠ ᠴᠤ ᠶᠠᠷᠢᠶ᠎ᠠ ᠬᠡᠯᠡᠯᠴᠡᠭᠡᠨ ᠤ ᠲᠠᠯᠠᠪᠤᠷ ᠪᠣᠯᠤᠨ᠎ᠠ᠃ ᠰᠣᠶᠣᠯ ᠵᠢᠭᠤᠯᠴᠢᠯᠠᠯ ᠤᠨ ᠰᠠᠯᠠᠭ᠎ᠠ ᠮᠥᠴᠢᠷ ᠪᠣᠯᠤᠨ ᠦᠵᠡᠮᠵᠢ ᠶᠢᠨ ᠣᠷᠣᠨ ᠤᠬᠠᠭᠤᠯᠭ᠎ᠠ ᠶᠢᠨ ᠰᠡᠳᠬᠢᠬᠦᠢ ᠪᠠᠨ ᠬᠤᠪᠢᠷᠠᠭᠤᠯᠬᠤ ᠴᠢᠬᠤᠯᠠᠲᠠᠢ᠂ ︽ᠭᠠᠭᠴᠠ ᠴᠢᠭᠯᠡᠯ ᠢᠶᠠᠷ ᠳᠡᠯᠭᠡᠷᠡᠭᠦᠯᠬᠦ︾ ᠠᠴᠠ ︽ᠬᠤᠣᠰ ᠴᠢᠭᠯᠡᠯ ᠢᠶᠠᠷ ᠬᠥᠳᠡᠯᠦᠯᠴᠡᠬᠦ︾ ᠵᠦᠭ ᠤᠷᠤᠭᠰᠢᠯᠠᠵᠤ᠂ ᠵᠢᠭᠤᠯᠴᠢᠯᠠᠭᠴᠢᠳ ᠤᠨ ᠵᠢᠭᠤᠯᠴᠢᠯᠠᠯ ᠤᠨ ᠥᠩᠭᠡᠷᠡᠯᠲᠡ ᠪᠠᠨ ᠬᠤᠪᠢᠶᠠᠯᠴᠠᠬᠤ ᠶᠢ ᠵᠣᠷᠢᠭᠵᠢᠭᠤᠯᠬᠤ ᠪᠠᠷ ᠳᠠᠮᠵᠢᠭᠤᠯᠤᠨ᠂ ᠮᠠᠭᠲᠠᠭᠠᠯ ᠰᠠᠶᠢᠰᠢᠶᠠᠯ ᠤᠨ ᠲᠠᠷᠬᠠᠯᠲᠠ ᠶᠢ ᠪᠦᠷᠢᠯᠳᠢᠭᠦᠯᠦᠨ᠎ᠡ︔ ᠨᠡᠶᠢᠭᠡᠮ ᠤᠨ ᠦᠨ᠎ᠡ ᠥᠷᠲᠡᠭ ᠲᠠᠢ ᠶᠠᠷᠢᠶᠠᠨ ᠤ ᠰᠡᠳᠦᠪ ᠢ ᠰᠠᠨᠠᠭᠠᠴᠢᠯᠠᠭ᠎ᠠ ᠠᠴᠠ ᠪᠠᠨ ᠤᠬᠠᠭᠠᠯᠠᠵᠤ᠂ ᠵᠢᠱᠢᠶᠡᠯᠡᠪᠡᠯ᠂ ︽ᠴᠠᠬᠢᠯᠳᠠᠭ ᠢ ᠰᠠᠬᠢᠨ ᠬᠠᠮᠠᠭᠠᠯᠠᠬᠤ ᠲᠥᠯᠥᠪᠯᠡᠭᠡ︾ ᠂ ᠰᠦᠯᠵᠢᠶᠡᠨ  ᠤ ᠠᠪᠢᠶᠠᠰᠲᠠᠨ᠂ ᠵᠢᠭᠤᠯᠴᠢᠯᠠᠯ ᠤᠨ ᠦᠵᠡᠰᠬᠦᠯᠡᠩ ᠤᠨ ᠡᠵᠡᠨ ᠲᠠᠢ ᠬᠤᠯᠪᠤᠭᠠᠯᠠᠵᠤ ᠤᠷᠠᠯᠢᠭᠴᠢ ᠴᠢᠨᠠᠷ ᠪᠣᠯᠤᠨ ᠦᠵᠡᠯ ᠰᠠᠨᠠᠭᠠᠴᠢ ᠴᠢᠨᠠᠷ ᠲᠠᠢ ᠤᠬᠠᠭᠤᠯᠭ᠎ᠠ ᠶᠢᠨ ᠠᠭᠤᠯᠭ᠎ᠠ ᠶᠢ ᠵᠣᠭᠢᠢᠶᠠᠵᠤ᠂ ᠳᠠᠷᠬᠠᠨ ᠮᠤᠤᠮᠢᠩᠭᠠᠨ ᠬᠤᠰᠢᠭᠤᠨ ᠤ ᠴᠠᠬᠢᠯᠳᠠᠭ ᠴᠡᠴᠡᠭ ᠪᠣᠯᠤᠨ ᠠᠮᠢ ᠠᠬᠤᠢ ᠶᠢᠨ ᠬᠠᠮᠠᠭᠠᠯᠠᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠴᠠᠭ ᠦᠶᠡᠴᠢ ᠭᠤᠣᠯ ᠰᠡᠳᠦᠪ ᠲᠠᠢ ᠬᠤᠯᠪᠣᠭᠳᠠᠭᠤᠯᠵᠤ᠂ ᠳᠠᠮᠵᠢᠭᠤᠯᠭ᠎ᠠ ᠶᠢᠨ ᠭᠦᠨᠴᠡ ᠪᠣᠯᠤᠨ ᠥᠷᠭᠡᠴᠡ ᠶᠢ ᠳᠡᠭᠡᠭᠰᠢᠯᠡᠭᠦᠯᠬᠦ ᠬᠡᠷᠡᠭᠲᠡᠢ᠃ ᠡᠭᠦᠨ ᠤ ᠬᠠᠮᠲᠤ᠂ ᠨᠠᠷᠠᠲᠤ ᠲᠡᠮᠳᠡᠭᠲᠦ ᠶᠢᠨ ᠥᠷᠲᠡᠭ ᠢ ᠦᠨᠡᠯᠡᠨ ᠵᠢᠱᠢᠬᠦ ᠰᠢᠰᠲ᠋ᠧᠮᠵᠢ ᠶᠢ ᠪᠠᠶᠢᠭᠤᠯᠵᠤ᠂ ᠨᠠᠷᠠᠲᠤ ᠲᠡᠮᠳᠡᠭᠲᠦ ᠶᠢᠨ ᠳᠦᠷᠢ ᠲᠥᠷᠬᠦ ᠶᠢ ᠣᠷᠳᠣ ᠬᠤᠭᠤᠴᠠᠭ᠎ᠠ ᠪᠠᠷ ᠬᠠᠮᠠᠭᠠᠯᠠᠬᠤ ᠪᠠ ᠰᠢᠨ᠎ᠡ ᠶᠢ ᠡᠭᠦᠳᠦᠨ ᠲᠠᠰ ᠳᠡᠪᠰᠢᠭᠦᠯᠬᠦ ᠶᠢ ᠴᠢᠬᠤᠯᠠᠴᠢᠯᠠᠨ᠂ ︽ᠰᠦᠯᠵᠢᠶᠡᠨ ᠤ ᠣᠳᠣᠳ ᠤᠨ ᠣᠷᠣᠨ︾ ᠲᠠᠢ ᠠᠳᠠᠯᠢ ᠴᠢᠨᠠᠷᠵᠢᠭᠰᠠᠨ ᠥᠷᠢᠰᠥᠯᠳᠦᠭᠡᠨ ᠤ ᠬᠦᠴᠢᠷᠳᠡᠯ ᠳᠤ ᠣᠷᠣᠬᠤ ᠠᠴᠠ ᠵᠠᠶᠢᠯᠠᠰᠬᠢᠨ᠎ᠠ᠃      ᠲᠣᠰ ᠤᠳᠠᠭᠠᠨ ᠤ ᠴᠠᠬᠢᠯᠳᠠᠭ ᠠᠴᠠ ᠠᠪᠴᠢᠷᠠᠭᠰᠠᠨ ᠤᠷᠤᠰᠬᠠᠯ ᠤᠨ ᠬᠡᠮᠵᠢᠶ᠎ᠡ ᠪᠣᠯ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠨᠢᠭᠡ ᠤᠳᠠᠭᠠᠨ ᠤ ᠠᠵᠠ ᠲᠣᠬᠢᠶᠠᠯ ᠮᠥᠨ᠂ ᠨᠠᠩ ᠴᠤ ᠲᠡᠭᠦᠨ ᠤ ᠵᠠᠰᠠᠯᠲᠠ ᠶᠢᠨ ᠴᠢᠳᠠᠪᠤᠷᠢ ᠪᠠ ᠬᠥᠭᠵᠢᠯᠲᠡ ᠶᠢᠨ ᠣᠶᠤᠨ ᠤᠬᠠᠭᠠᠨ ᠤ ᠰᠢᠯᠭᠠᠯᠲᠠ ᠮᠥᠨ᠃ ᠪᠥᠬᠦ ᠣᠷᠣᠨ ᠪᠦᠰᠡ ᠶᠢᠨ ᠵᠢᠭᠤᠯᠴᠢᠯᠠᠯ ᠬᠢᠭᠡᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠶ ᠠᠭᠤᠰᠤᠯᠴᠠᠭᠤᠯᠤᠭᠰᠠᠨ ᠠᠬᠤᠶ ᠪᠠᠶᠢᠳᠠᠯ ᠳᠣᠤᠷ᠎ᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠠᠯᠤᠰ ᠬᠡᠲᠦ ᠳᠤ ᠰᠠᠭᠤᠷᠢᠯᠠᠨ᠂ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠪᠠᠷ ᠦᠨᠳᠦᠰᠦ ᠪᠣᠯᠭᠠᠵᠤ᠂ ᠰᠣᠶᠣᠯ ᠤᠨ ᠠᠭᠤᠯᠤᠭᠳᠠᠬᠤᠨ ᠢ ᠠᠭᠤᠳᠠᠯᠬᠤ ᠪᠠᠷ ᠭᠤᠤᠯ ᠪᠣᠯᠭᠠᠨ᠂ ᠰᠢᠨ᠎ᠡ ᠶᠢ ᠡᠭᠦᠳᠬᠦ ᠤᠬᠠᠭᠤᠯᠭ᠎ᠠ ᠪᠠᠷ ᠬᠥᠳᠡᠯᠭᠡᠭᠦᠷ ᠪᠣᠯᠭᠠᠵᠤ᠂ ︽ᠰᠦᠯᠵᠢᠶᠡᠨ ᠤ ᠣᠳᠣᠳ ᠤᠨ ᠺᠠᠷᠲ ᠲᠡᠮᠳᠡᠭᠯᠡᠬᠦ ᠭᠠᠵᠠᠷ︾ ᠠᠴᠠ ︽ᠰᠣᠶᠣᠯ ᠵᠢᠭᠤᠯᠴᠢᠯᠠᠯ ᠤᠨ ᠬᠠᠷᠠᠯᠲᠠᠲᠤ ᠭᠠᠵᠠᠷ︾ ᠬᠦᠷᠲᠡᠯ᠎ᠡ ᠬᠤᠪᠢᠷᠠᠭᠤᠯᠬᠤ ᠶᠢ ᠪᠡᠶᠡᠯᠡᠭᠦᠯᠵᠦ᠂ ᠴᠠᠬᠢᠯᠳᠠᠭ ᠢ ᠦᠨᠡᠨ ᠬᠦ ᠣᠷᠣᠨ ᠪᠦᠰᠡ ᠶᠢᠨ ᠠᠵᠤ ᠠᠬᠤᠶ ᠶᠢᠨ ᠬᠥᠭᠵᠢᠯᠲᠡ ᠶᠢ ᠳᠠᠶᠢᠴᠢᠯᠠᠵᠤ᠂ ᠰᠣᠶᠣᠯ ᠢ ᠤᠯᠠᠮᠵᠢᠯᠠᠨ ᠰᠢᠨ᠎ᠡ ᠶᠢ ᠡᠭᠦᠳᠬᠦ ᠶᠢ ᠠᠬᠢᠭᠤᠯᠬᠤ ᠠᠯᠲᠠᠨ ᠨᠡᠷ᠎ᠡ ᠶᠢᠨ ᠬᠠᠭᠤᠳᠠᠰᠤ ᠪᠣᠯᠭᠠᠬᠤ ᠬᠡᠷᠡᠭᠲᠡᠶ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号