ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠰᠤᠨ ᠳᠤ ᠦᠯᠦ ᠬᠦᠷᠦᠭᠰᠡᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠦᠷ᠎ᠡ ᠪᠦᠲᠦᠭᠡᠯ ᠨᠢ  ᠲᠡᠭᠦᠰ ᠠᠮᠵᠢᠯᠳᠠ
ᠨᠡᠶᠢᠲᠡᠯᠡᠭᠰᠡᠨ ᠴᠠᠭ᠄
2025/6/16
      ᠣᠶᠢᠷ᠎ᠠ ᠳᠤ᠂ ᠪᠤᠭᠤᠲᠤ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠲᠠ ᠶᠢᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠬᠡᠷ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠠᠴᠠ ᠵᠣᠬᠢᠶᠠᠨ ᠪᠠᠶᠢᠭᠤᠯᠤᠭᠰᠠᠨ ᠪᠥᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠰᠡᠳᠬᠢᠴᠡ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠢᠴᠢᠯ ᠸᠢᠳᠢᠣ᠋᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠡᠬᠦᠳᠦᠨ ᠪᠦᠳᠦᠭᠡᠭᠰᠡᠨ ᠰᠡᠳᠬᠢᠴᠡ ᠶᠢᠨ ᠱᠤᠭ ᠵᠢᠷᠤᠭ ᠢ ᠴᠤᠭᠯᠠᠭᠤᠯᠬᠤ ᠠᠵᠢᠯᠯᠠᠭ᠎ᠠ ᠠᠴᠠ ᠪᠠᠶᠠᠷ ᠤᠨ ᠴᠢᠮᠡᠭᠡ ᠲᠤᠭᠤᠯᠳᠠᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠣᠯᠠᠨ ᠪᠦᠲᠦᠭᠡᠯ ᠱᠠᠩᠨᠠᠯ ᠬᠦᠷᠲᠡᠵᠦ᠂ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠠᠵᠢᠯ ᠤᠨ ᠦᠷ᠎ᠡ ᠪᠦᠲᠦᠭᠡᠯ ᠤᠨ ᠦᠵᠡᠭᠦᠯᠦᠯᠭᠡ ᠳᠤ ᠳᠠᠬᠢᠨᠲᠠ ᠬᠡᠷᠡᠯ ᠭᠢᠯᠪᠠᠭ᠎ᠠ ᠨᠡᠮᠡᠷᠢᠯᠡᠪᠡ᠃      ᠲᠣᠰ ᠤᠳᠠᠭᠠᠨ ᠤ ᠠᠵᠢᠯᠯᠠᠭ᠎ᠠ ᠳᠤ᠂ ᠬᠤᠰᠢᠭᠤᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠬᠡᠷ ᠪᠥᠬᠦ ᠬᠤᠰᠢᠭᠤᠨ ᠤ ᠪᠠᠭ᠎ᠠ ᠰᠤᠷᠭᠠᠭᠤᠯᠢ ᠠᠴᠠ 11 ᠬᠤᠪᠢ ᠰᠡᠳᠬᠢᠴᠡ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠢᠴᠢᠯ ᠸᠢᠳᠢᠣ᠋ ᠶᠢ ᠴᠤᠭᠯᠠᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠣᠷᠣᠭᠴᠢ ᠵᠢᠨ‌ᠡᠬᠦᠳᠦᠨ ᠪᠦᠳᠦᠭᠡᠭᠰᠡᠨ ᠰᠡᠳᠬᠢᠴᠡ ᠶᠢᠨ ᠱᠤᠭ ᠵᠢᠷᠤᠭ 42 ᠬᠤᠪᠢ ᠴᠤᠭᠯᠠᠭᠤᠯᠪᠠ᠃ ᠰᠤᠷᠭᠠᠭᠤᠯᠢ ᠶᠢᠨ ᠲᠠᠨᠢᠯᠴᠠᠭᠤᠯᠭ᠎ᠠ᠂ ᠬᠤᠰᠢᠭᠤᠨ ᠤ ᠲᠠᠰ ᠤᠨ ᠬᠢᠨᠠᠨ ᠬᠠᠷᠭᠤᠭᠤᠯᠤᠯᠲᠠ ᠪᠠᠷ ᠳᠡᠮᠵᠢᠨ᠂ ᠡᠴᠦᠰ ᠲᠡᠭᠡᠨ ᠪᠢᠴᠢᠯ ᠸᠢᠳᠢᠣ᠋ 5 ᠬᠤᠪᠢ᠂ ᠱᠤᠭ ᠵᠢᠷᠤᠭ 40 ᠬᠤᠪᠢ ᠶᠢ ᠮᠡᠳᠡᠭᠦᠯᠦᠨ ᠬᠦᠷᠭᠡᠪᠡ᠃ ᠡᠭᠦᠨ ᠳᠤ᠂ ᠪᠠᠲᠤᠬᠠᠭᠠᠯᠭ᠎ᠠ ᠶᠢᠨ ᠭᠤᠷᠪᠠᠳᠤᠭᠠᠷ ᠪᠠᠭ᠎ᠠ ᠰᠤᠷᠭᠠᠭᠤᠯᠢ ᠶᠢᠨ  ᠤᠷᠠᠯᠢᠭ᠂ ᠨᠢᠤ ᠴᠢᠶᠠᠨ ᠪᠠᠭᠰᠢ ᠶᠢᠨ ᠪᠦᠲᠦᠭᠡᠯ ︽ᠬᠡᠤᠬᠡᠳ ᠤᠨ ᠠᠵᠢᠯ ᠮᠡᠷᠭᠡᠵᠢᠯ ᠤᠨ ᠲᠥᠯᠥᠪᠵᠢᠭᠦᠯᠭᠡ ᠳᠠᠬᠢ ᠭᠤᠤᠯᠯᠠᠬᠤ ᠰᠡᠳᠬᠢᠴᠡ ᠶᠢᠨ ᠠᠰᠠᠭᠤᠳᠠᠯ︾ ᠨᠢ ᠰᠢᠯᠢᠳᠡᠭ ᠰᠡᠳᠬᠢᠴᠡ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠢᠴᠢᠯ ᠸᠢᠳᠢᠣ᠋ ᠶᠢᠨ ᠢᠷᠠᠭᠤ ᠠᠯᠳᠠᠷ ᠢ ᠭᠥᠷᠳᠡᠵᠦ᠂ ᠰᠤᠷᠤᠭᠴᠢᠳ ᠤᠨ ᠡᠬᠦᠳᠦᠨ ᠪᠦᠳᠦᠭᠡᠭᠰᠡᠨ ᠰᠡᠳᠬᠢᠴᠡ ᠶᠢᠨ ᠱᠤᠭ ᠵᠢᠷᠤᠭ ᠨᠢ ᠨᠠᠩ ᠴᠤ ᠬᠤᠶᠠᠳᠤᠭᠠᠷ ᠳᠡᠰ ᠤᠨ ᠱᠠᠩᠨᠠᠯ 2 ᠬᠤᠪᠢ᠂ ᠭᠤᠷᠪᠠᠳᠤᠭᠠᠷ ᠳᠡᠰ ᠤᠨ ᠱᠠᠩᠨᠠᠯ 2 ᠬᠤᠪᠢ᠂ ᠰᠢᠯᠢᠳᠡᠭ ᠱᠠᠩᠨᠠᠯ 6 ᠬᠤᠪᠢ  ᠵᠢᠷᠤᠭ  ᠪᠣᠶ᠃      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠨᠠᠰᠤᠨ ᠳᠤ ᠥᠯᠥ ᠭᠦᠷᠦᠭᠰᠡᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠢᠴᠢᠶᠡᠯ᠂ ᠠᠵᠢᠯᠯᠠᠭ᠎ᠠ᠂ ᠬᠠᠮᠵᠢᠯᠴᠠᠨ ᠬᠥᠮᠦᠵᠢᠭᠦᠯᠬᠦ ᠵᠡᠷᠭᠡ ᠣᠯᠠᠨ ᠲᠠᠯ᠎ᠠ ᠠᠴᠠ ᠬᠦᠴᠦᠯᠡᠵᠦ᠂ ᠰᠤᠷᠤᠭᠴᠢᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠰᠠᠬᠢᠨ ᠬᠠᠮᠠᠭᠠᠯᠠᠬᠤ ᠲᠣᠤᠷ ᠢ ᠨᠢᠭᠲᠠ ᠰᠦᠯᠵᠢᠪᠡ᠃      ᠬᠢᠴᠢᠶᠡᠯ  ᠤᠨ ᠲᠤᠬᠢᠷᠠᠭᠤᠯᠤᠯᠳᠠ + ᠪᠠᠭᠰᠢ ᠶᠢᠨ ᠡᠩᠨᠡᠭᠡ᠂ ᠰᠤᠷᠭᠠᠨ ᠬᠦᠮᠦᠵᠢᠯ ᠤᠨ ᠰᠠᠭᠤᠷᠢ ᠶᠢ  ᠪᠠᠬᠢᠵᠢᠬᠦᠯᠪᠡ      ᠪᠥᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ︽ᠬᠤᠤᠰ ᠭᠠᠷᠠᠭ 1 ᠬᠢᠴᠢᠶᠡᠯ ᠤᠨ ᠴᠠᠭ︾ ᠤᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠬᠢᠴᠢᠶᠡᠯ ᠢ ᠴᠢᠩᠭ᠎ᠠ ᠨᠠᠶᠢᠳᠠᠪᠤᠷᠢᠵᠢᠭᠤᠯᠵᠤ᠂ ᠪᠠᠰᠠ ᠰᠡᠳᠬᠢᠴᠡ ᠶᠢᠨ ᠬᠥᠮᠦᠵᠢᠯ ᠢ ᠦᠵᠡᠯ ᠰᠠᠨᠠᠭ᠎ᠠ ᠤᠯᠤᠰ ᠲᠥᠷᠥ᠂ ᠪᠡᠶ᠎ᠡ ᠶᠢᠨ ᠲᠠᠮᠢᠷ᠂ ᠭᠤᠸ᠎ᠠ ᠰᠠᠶᠢᠬᠠᠨ ᠤ ᠬᠥᠮᠦᠵᠢᠯ ᠵᠡᠷᠭᠡ ᠬᠢᠴᠢᠶᠡᠯ ᠳᠤ ᠠᠭᠤᠰᠤᠯᠴᠠᠭᠤᠯᠵᠤ᠂ ︽ᠰᠤᠷᠭᠠᠭᠤᠯᠢ ᠡᠬᠢᠯᠡᠬᠦ ᠠᠩᠬᠠᠨ ᠤ ᠬᠢᠴᠢᠶᠡᠯ︾ ᠵᠡᠷᠭᠡ ᠠᠴᠢᠶᠠᠯᠠᠪᠤᠷᠢ ᠶᠢ ᠠᠰᠢᠭᠯᠠᠨ᠂ ᠰᠤᠷᠤᠭᠴᠢᠳ ᠤᠨ ᠢᠳᠡᠪᠬᠢᠲᠡᠶ ᠰᠡᠳᠬᠢᠴᠡ ᠶᠢᠨ ᠬᠥᠮᠦᠵᠢᠯ ᠢ ᠬᠢᠪᠡ᠃ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢᠨ ᠲᠠᠯ᠎ᠠ ᠪᠠᠷ᠂ 7 ᠰᠤᠷᠭᠠᠭᠤᠯᠢ ᠳᠤ 13 ᠨᠡᠷᠡᠰ ᠰᠡᠳᠬᠢᠴᠡ ᠶᠢᠨ ᠪᠠᠭᠰᠢ ᠶᠢ ᠲᠤᠬᠢᠷᠠᠭᠤᠯᠵᠤ ︵8 ᠨᠡᠷᠡᠰ ᠲᠤᠰᠬᠠᠶᠢᠵᠢᠭᠰᠠᠨ ᠪᠠᠭᠰᠢ + 5 ᠨᠡᠷᠡᠰ  ᠬᠠᠪᠰᠤᠷᠤᠨ ᠵᠢᠭᠠᠬᠤ ᠪᠠᠭᠰᠢ︶ ᠶᠢ ᠳᠣᠭᠢᠷᠠᠭᠤᠯᠵᠤ᠂ ︽ᠪᠠᠷᠢᠮᠵᠢᠶ᠎ᠠ ᠳᠤ ᠬᠦᠷᠭᠡᠵᠦ ᠬᠦᠢᠴᠡᠳ ᠲᠣᠬᠢᠷᠠᠭᠤᠯᠬᠤ︾ ᠮᠥᠷᠲᠡᠭᠡᠨ ᠪᠠᠰᠠ ᠮᠡᠷᠬᠡᠵᠢᠯ  ᠢ ᠨᠢ ᠳᠠᠬᠢᠨ ᠳᠡᠭᠡᠭᠰᠢᠯᠡᠭᠦᠯᠵᠦ᠂ ᠪᠣᠯᠪᠠᠰᠤᠷᠠᠭᠤᠯᠤᠯ ᠢᠶᠠᠷ ᠳᠡᠮᠵᠢᠨ ᠲᠤᠰᠬᠠᠶ ᠮᠡᠷᠭᠡᠵᠢᠯ ᠤᠨ ᠴᠢᠳᠠᠪᠤᠷᠢ ᠪᠠᠨ ᠴᠢᠩᠭᠠᠷᠠᠭᠤᠯᠵᠤ᠂ ︽ᠪᠥᠬᠦ ᠠᠵᠢᠯᠲᠠᠨ ᠤ ᠵᠢᠯᠣᠭᠤᠳᠣᠭᠴᠢ ᠪᠠᠭᠰᠢ ᠶᠢᠨ ᠲᠦᠷᠢᠮ︾ ᠢ ᠬᠡᠷᠡᠭᠵᠢᠭᠦᠯᠵᠦ᠂ ︽ᠰᠦᠯᠵᠢᠶᠡᠵᠢᠯᠲᠡ︾ ᠶᠢᠨ ᠬᠠᠷᠢᠭᠤᠴᠠᠯᠭ᠎ᠠ ᠶᠢᠨ ᠰᠢᠰᠲ᠋ᠧᠮ ᠢ ᠪᠠᠶᠢᠭᠤᠯᠵᠤ᠂ ᠰᠤᠷᠤᠭᠴᠢᠳ ᠤᠨ ᠰᠡᠳᠬᠢᠴᠡ ᠶᠢᠨ ᠬᠠᠯᠠᠮᠵᠢᠯᠠᠯ ᠢ ᠬᠥᠮᠦᠨ ᠨᠢᠭᠡᠪᠦᠷᠢ ᠳᠤ  ᠬᠦᠷᠭᠡᠪᠡ᠃      ᠠᠵᠢᠯᠯᠠᠭ᠎ᠠ  + ᠬᠢᠨᠠᠨ ᠬᠡᠮᠵᠢᠯᠲᠡ᠂ ᠰᠤᠷᠤᠭᠴᠢᠳ ᠤᠨ ᠦᠰᠦᠨ ᠪᠤᠶᠢᠵᠢᠯᠲᠠ ᠶᠢᠨ ᠵᠠᠮ ᠢ ᠬᠠᠮᠠᠭᠠᠯᠠᠪᠠ      ︽ᠳᠥᠷᠪᠡᠨ ᠨᠢᠭᠡ︾ ᠶᠢ ᠪᠠᠶᠢᠩᠭᠤᠵᠢᠭᠤᠯᠬᠤ ᠠᠵᠢᠯᠯᠠᠭ᠎ᠠ ᠪᠠᠷ ᠭᠠᠷᠳᠠᠴᠠ ᠪᠣᠯᠭᠠᠬᠤ - ︽ᠨᠢᠭᠡ  ᠨᠢᠭᠡ  ᠪᠠᠷ︾  ᠰᠡᠳᠬᠢᠯ ᠤᠨ ᠦᠭᠡ ᠪᠠᠨ ᠶᠠᠷᠢᠯᠴᠠᠬᠤ᠂ ᠪᠥᠬᠦ ᠬᠥᠮᠦᠰ ᠤᠨ ᠬᠡᠷ ᠤᠨ ᠰᠤᠷᠪᠤᠯᠵᠢᠯᠠᠭ᠎ᠠ᠂ ᠭᠤᠤᠯ ᠰᠡᠳᠦᠪᠲᠦ ᠰᠡᠳᠬᠢᠴᠡ ᠶᠢᠨ ᠬᠥᠮᠦᠵᠢᠯ᠂ ᠰᠣᠨᠢᠷᠬᠠᠯᠲᠠᠶ ᠰᠣᠶᠣᠯ ᠴᠡᠩᠭᠡᠯ ᠤᠨ ᠠᠵᠢᠯᠯᠠᠭ᠎ᠠ ᠵᠡᠷᠭᠡ ᠶᠢ ᠥᠷᠨᠢᠭᠦᠯᠵᠦ᠂ ᠨᠠᠰᠤᠨ ᠳᠤ ᠥᠯᠥ ᠭᠦᠷᠦᠭᠰᠡᠳ ᠤᠨ ᠰᠡᠳᠬᠢᠴᠡ ᠶᠢᠨ ᠡᠷᠡᠭᠦᠯ ᠮᠡᠨᠳᠦ  ᠶᠢᠨ ︽ᠰᠠᠭᠤᠷᠢ ᠥᠩᠭᠡ︾ ᠪᠤᠯᠪᠠ᠃ ᠡᠭᠦᠨ ᠤ ᠬᠠᠮᠲᠤ᠂ ᠰᠡᠳᠬᠢᠴᠡ ᠶᠢᠨ ᠬᠢᠨᠠᠨ ᠬᠡᠮᠵᠢᠯᠲᠡ ᠶᠢᠨ ᠲᠣᠭᠲᠠᠴᠠ ᠶᠢ ᠵᠢᠷᠤᠮᠵᠢᠭᠤᠯᠵᠤ᠂ ᠰᠢᠶᠠᠨ ᠤ ᠱᠠᠲᠤᠨ ᠤ ᠰᠡᠳᠬᠢᠴᠡ ᠶᠢᠨ ᠬᠠᠪᠰᠤᠷᠤᠨ ᠵᠢᠯᠣᠭᠤᠳᠬᠤ ᠲᠥᠪ ᠪᠠ 7 ᠰᠤᠷᠭᠠᠭᠤᠯᠢ ᠶᠢᠨ ᠬᠥᠭᠵᠢᠯᠲᠡ ᠶᠢᠨ ᠵᠢᠯᠣᠭᠤᠳᠬᠤ ᠲᠥᠪ ᠢ ᠪᠠᠶᠢᠭᠤᠯᠵᠤ᠂ ︽ᠳᠥᠷᠪᠡᠨ ᠱᠠᠲᠤᠨ ᠤ ᠤᠷᠢᠳᠴᠢᠯᠠᠨ ᠰᠡᠷᠡᠮᠵᠢᠯᠡᠭᠦᠯᠬᠦ︾ ︽ᠨᠢᠭᠡ ᠰᠤᠷᠤᠭᠴᠢ ᠶᠢᠨ ᠨᠢᠭᠡ ᠲᠠᠩᠰᠠ ᠡᠪᠬᠡᠮᠡᠯ︾ ᠳᠤ ᠲᠦᠰᠢᠭᠯᠡᠨ᠂ ᠰᠡᠳᠬᠢᠴᠡ ᠶᠢᠨ ᠬᠢᠮᠤᠷᠠᠯ ᠢ ︽ᠡᠷᠲᠡ ᠢᠯᠡᠷᠡᠭᠦᠯᠵᠦ᠂ ᠡᠷᠲᠡ ᠨᠦᠯᠦᠭᠡᠯᠡᠬᠦ︾ ᠶᠢ ᠪᠣᠳᠠᠲᠠᠶ ᠳᠤ ᠨᠠᠶᠢᠳᠠᠪᠤᠷᠢᠵᠢᠭᠤᠯᠵᠤ᠂ ᠦᠰᠦᠨ ᠪᠤᠶᠢᠵᠢᠯᠲᠠ ᠶᠢ ᠰᠠᠬᠢᠨ ᠬᠠᠮᠠᠭᠠᠯᠠᠬᠤ ᠶᠢ ᠰᠤᠯᠠᠷᠠᠭᠤᠯᠤᠯ ᠥᠬᠡᠶ ᠪᠠᠷᠢᠮᠳᠠᠯᠠᠪᠠ᠃      ᠭᠡᠷ ᠪᠦᠯᠢ + ᠰᠤᠷᠭᠠᠭᠤᠯᠢ + ᠨᠡᠶᠢᠭᠡᠮ ᠨᠡᠶᠢᠳᠡ᠂ ᠬᠥᠮᠦᠨ ᠢ ᠬᠥᠮᠦᠵᠢᠭᠦᠯᠬᠦ ᠨᠡᠶᠢᠯᠡᠮᠡᠯ ᠬᠦᠴᠦᠨ ᠢ ᠨᠢᠭᠲᠠᠷᠠᠭᠤᠯᠪᠠ      ︽ᠬᠡᠷ ᠪᠦᠯᠢ - ᠰᠤᠷᠭᠠᠭᠤᠯᠢ - ᠨᠡᠶᠢᠭᠡᠮ ᠨᠡᠶᠢᠳᠡ︾ ᠤᠨ ᠬᠠᠮᠵᠢᠯᠴᠠᠬᠤ ᠪᠠᠶᠢᠷᠢᠰᠢᠯ ᠢ ᠪᠣᠶ ᠪᠤᠯᠭᠠᠪᠠ᠄ ᠴᠠᠬᠢᠯᠭᠠᠨ ᠬᠤᠯᠪᠣᠭ᠎ᠠ᠂ ᠬᠡᠷ  ᠪᠦᠯᠢ ᠶᠢᠨ ᠰᠤᠷᠪᠤᠯᠵᠢᠯᠠᠭ᠎ᠠ᠂ ᠠᠰᠠᠭᠤᠯᠲᠠ ᠶᠢᠨ ᠬᠠᠭᠤᠳᠠᠰᠤ ᠵᠡᠷᠭᠡ ᠪᠠᠷ ᠳᠠᠮᠵᠢᠭᠤᠯᠤᠨ᠂ ᠬᠡᠷ ᠤᠨ ᠠᠬᠠᠮᠠᠳ ᠲᠠᠢ ᠬᠤᠯᠪᠣᠭᠠᠯᠠᠨ ᠰᠡᠳᠬᠢᠴᠡ ᠶᠢᠨ ᠬᠥᠮᠦᠵᠢᠯ ᠢ ᠰᠢᠯᠢᠳᠡᠭᠵᠢᠬᠦᠯᠪᠡ︔ ︽ᠬᠡᠷ ᠤᠨ ᠠᠬᠠᠮᠠᠳ ᠤᠨ ᠰᠤᠷᠭᠠᠭᠤᠯᠢ︾ ᠶᠢ ᠪᠠᠶᠢᠭᠤᠯᠵᠤ᠂ ᠨᠡᠶᠢᠭᠡᠮ ᠲᠣᠭᠤᠷᠢᠭ ᠤᠨ ᠵᠢᠭᠰᠠᠭᠠᠯ ᠤᠨ ᠭᠠᠵᠠᠷ ᠢ ᠠᠰᠢᠭᠯᠠᠨ ᠪᠣᠯᠪᠠᠰᠤᠷᠠᠯ ᠡᠷᠭᠢᠯᠡᠵᠦ᠂ ᠭᠡᠷ ᠪᠦᠯᠢ ᠶᠢᠨ ᠠᠵᠢᠯᠯᠠᠭ᠎ᠠ ᠥᠷᠨᠢᠭᠦᠯᠵᠦ᠂ ᠬᠡᠷ ᠤᠨ ᠠᠬᠠᠮᠠᠳ ᠢ ᠬᠠᠪᠰᠤᠷᠤᠨ ᠰᠢᠨᠵᠢᠯᠡᠬᠦ  ᠤᠬᠠᠭᠠᠨᠴᠢ ᠭᠡᠷ ᠪᠦᠯᠢ ᠶᠢᠨ ᠬᠦᠮᠦᠵᠢᠯ ᠤᠨ ᠦᠵᠡᠯᠳᠡ ᠶᠢ  ᠬᠦᠮᠦᠵᠢᠬᠦᠯᠪᠡ︔ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠵᠠᠯᠠᠭᠤᠴᠤᠳ ᠪᠠᠭᠠᠴᠤᠳ ᠤᠨ ᠣᠷᠳᠣᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠳᠣᠨ ᠵᠡᠷᠭᠡ ᠰᠤᠷᠭᠠᠭᠤᠯᠢ ᠶᠢᠨ ᠭᠠᠳᠠᠨᠠᠬᠢ ᠲᠠᠪᠴᠠᠩ ᠢ ᠬᠦᠢᠴᠡᠳ ᠠᠰᠢᠭᠯᠠᠨ᠂ ᠨᠠᠰᠤᠨ ᠳᠤ ᠥᠯᠥ ᠭᠦᠷᠦᠭᠰᠡᠳ ᠢ  ᠦᠢᠯᠡᠳᠦᠯᠭᠡ ᠶᠢᠨ ᠳᠤᠮᠳᠠ ᠬᠠᠷᠠᠭ᠎ᠠ ᠪᠠᠨ ᠥᠷᠭᠡᠳᠬᠡᠨ᠂ ᠡᠷᠡᠭᠦᠯ ᠢᠶᠠᠷ ᠦᠰᠦᠨ  ᠪᠤᠶᠢᠵᠢᠭᠤᠯᠪᠠ᠃      ᠢᠷᠡᠭᠡᠳᠦᠢ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠨᠠᠩ ᠰᠢᠰᠲ᠋ᠧᠮ ᠲᠠᠢ ᠠᠷᠭ᠎ᠠ ᠬᠡᠮᠵᠢᠶ᠎ᠡ ᠪᠠᠷ ᠨᠠᠰᠤᠨ ᠳᠤ ᠥᠯᠥ ᠭᠦᠷᠦᠭᠰᠡᠳ ᠤᠨ ᠰᠡᠳᠬᠢᠴᠡ ᠶᠢᠨ ᠡᠷᠡᠭᠦᠯ ᠮᠡᠨᠳᠦ ᠶᠢ ᠬᠠᠮᠠᠭᠠᠯᠠᠨ᠎ᠠ᠄ ᠬᠡᠷ ᠪᠦᠯᠢ᠂ ᠰᠤᠷᠭᠠᠭᠤᠯᠢ ᠂ ᠨᠡᠶᠢᠭᠡᠮ ᠤᠨ ᠣᠯᠠᠨ ᠲᠠᠯ᠎ᠠ ᠶᠢᠨ ᠬᠠᠮᠲᠤᠷᠠᠯ ᠬᠦᠴᠦᠨ ᠢ ᠦᠷᠭᠦᠯᠵᠢᠯᠡᠨ ᠨᠢᠭᠲᠠᠷᠠᠭᠤᠯᠵᠤ᠂ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠵᠠᠭᠪᠤᠷ ᠤᠨ ᠰᠢᠨ᠎ᠡ ᠶᠢ ᠡᠭᠦᠳᠴᠦ᠂ ︽ᠬᠢᠴᠢᠶᠡᠯ  + ᠠᠵᠢᠯᠯᠠᠭ᠎ᠠ +  ᠤᠷᠤᠯᠴᠠᠯᠭ᠎ᠠ︾ ᠶᠢᠨ ᠪᠥᠬᠦ ᠬᠡᠯᠬᠢᠶ᠎ᠡ ᠶᠢᠨ ᠦᠢᠯᠡᠴᠢᠯᠡᠭᠡ ᠶᠢ ᠰᠢᠯᠢᠳᠡᠭᠵᠢᠭᠦᠯᠵᠦ᠂ ᠨᠠᠩ ᠲᠤᠰᠬᠠᠶ ᠮᠡᠷᠭᠡᠵᠢᠯ ᠤᠨ ᠰᠤᠷᠭᠠᠨ ᠬᠥᠮᠦᠵᠢᠯ ᠤᠨ ᠶᠠᠰᠤ ᠴᠢᠨᠠᠷ ᠢᠶᠠᠷ ᠬᠡᠤᠬᠡᠳ ᠤᠨ ᠦᠰᠦᠨ ᠪᠤᠶᠢᠵᠢᠯᠲᠠ ᠶᠢᠨ ᠵᠠᠮ ᠳᠤ ᠰᠡᠳᠬᠢᠴᠡ ᠶᠢᠨ ᠰᠠᠭᠤᠷᠢ  ᠶᠢ ᠨᠢ ᠪᠠᠬᠢᠵᠢᠭᠦᠯᠵᠦ᠂ ᠡᠷᠡᠭᠦᠯ ᠮᠡᠨᠳᠦ ᠰᠡᠳᠬᠢᠴᠡ ᠲᠠᠢ᠂ ᠪᠥᠬᠦ ᠲᠠᠯ᠎ᠠ ᠶᠢᠨ ᠬᠡᠪ ᠪᠣᠯᠪᠠᠰᠤᠷᠠᠯ ᠲᠠᠢ ᠰᠢᠨ᠎ᠡ ᠴᠠᠭ ᠦᠶ᠎ᠡ ᠶᠢᠨ ᠭᠡᠤᠭᠡᠳ ᠪᠠᠭᠠᠴᠤᠳ ᠢ ᠪᠥᠬᠦ ᠬᠦᠴᠦᠨ ᠢᠶᠠᠷ ᠢᠶᠠᠨ ᠬᠥᠮᠦᠵᠢᠭᠦᠯᠦᠨ᠎ᠡ︕
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号