6 ᠰᠠᠷ᠎ᠠ ᠶᠢᠨ 15 ᠤ ᠡᠳᠦᠷ ᠲᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ︽ᠭᠠᠴᠠᠭᠠᠨ ᠤ ᠰᠢᠭᠰᠢᠶ᠎ᠡ︾ ᠮᠤᠷᠢᠨ ᠤᠷᠤᠯᠳᠤᠭᠠᠨ + ᠶᠠᠪᠠᠭᠠᠨ ᠠᠯᠬᠤᠬᠤ ᠬᠤᠤᠰ ᠬᠦᠳᠡᠯᠭᠡᠭᠡᠨ ᠶᠠᠪᠤᠭᠳᠠᠬᠤ ᠪᠠᠷ  ᠪᠠᠶᠢᠨ᠎ᠠ
ᠨᠡᠶᠢᠲᠡᠯᠡᠭᠰᠡᠨ ᠴᠠᠭ᠄
2025/6/16
      ᠤᠯᠤᠰ ᠤᠨ ᠨᠢᠭᠡᠳᠦᠯᠳᠠᠢ ᠰᠢᠯᠭᠠᠯᠲᠠ ᠲᠡᠬᠦᠰᠴᠤ ᠰᠢᠭᠠᠭᠤᠯᠠᠭᠰᠠᠳ ᠤᠨ ᠲᠠᠷᠤᠭᠠᠰᠤ ᠶᠢ ᠬᠦᠩᠭᠡᠷᠡᠬᠦᠯᠵᠦ ᠪᠠᠶᠠᠷ ᠪᠠᠭ᠋ᠠᠳᠤᠯ ᠠᠪᠴᠢᠷᠠᠵᠤ ᠦᠭᠬᠦ ᠶᠢᠨ ᠲᠦᠯᠦᠭᠡ᠂ 6 ᠰᠠᠷ᠎ᠠ ᠶᠢᠨ 15 ᠤ ᠡᠳᠦᠷ᠂ ᠳᠠᠷᠬᠠᠨ ᠮᠤᠤᠮᠢᠩᠭᠠᠨ‌ᠬᠤᠯᠪᠤᠭᠠᠳᠤ  ᠬᠤᠰᠢᠭᠤ ᠬᠤᠶᠠᠷ ᠶᠡᠭᠡ  ᠬᠦᠭᠵᠢᠶᠡᠨ ᠲᠠᠢ ᠠᠵᠢᠯᠯᠠᠭ᠎ᠠ  ᠶᠠᠪᠤᠭᠳᠠᠭᠤᠯᠬᠤ ᠪᠠᠷ ᠪᠠᠶᠢᠨ᠎ᠠ᠃      ︽ᠭᠠᠴᠠᠭᠠᠨ ᠤ ᠰᠢᠭᠰᠢᠶ᠎ᠡ︾ ᠮᠤᠷᠢᠨ ᠤᠷᠤᠯᠳᠤᠭᠠᠨ ᠬᠥᠷ ᠨᠠᠷᠭᠢᠶᠠᠨ ᠲᠠᠢ ᠶᠠᠪᠤᠭᠳᠠᠵᠤ᠂ ᠵᠠᠩ ᠳᠠᠳᠬᠠᠯ ᠪᠠ ᠳᠤᠭᠳᠤᠯᠤᠮ᠎ᠠ ᠰᠡᠳᠭᠢᠯᠭᠡ ᠶᠢᠨ ᠮᠥᠷᠭᠦᠯᠳᠦᠯ ᠢ ᠠᠪᠴᠢᠷᠠᠬᠤ ᠪᠤᠯᠤᠨ᠎ᠠ      ᠴᠠᠭ᠄ 6 ᠰᠠᠷ᠎ᠠ ᠶᠢᠨ 15 ᠤ ᠡᠳᠦᠷ ᠤᠨ 7᠄ 30      ᠡᠬᠢᠯᠡᠯᠲᠡ ᠶᠢᠨ  ᠭᠠᠵᠠᠷ᠄ ᠨᠠᠭᠠᠳᠤᠮ ᠤᠨ ᠬᠤᠷᠠᠯ ᠤᠨ ᠲᠠᠯᠠᠪᠠᠶ ᠶᠢᠨ ᠶᠠᠪᠠᠭᠠᠨ ᠠᠯᠬᠤᠬᠤ ᠠᠵᠢᠯᠯᠠᠭᠠᠨ ᠤ ᠲᠡᠷᠢᠭᠦᠯᠡᠭᠴᠢ ᠶᠢᠨ ᠲᠠᠶᠢᠰᠠ      ᠡᠨᠡᠬᠦ ᠤᠯᠤᠰ ᠤᠨ ᠨᠢᠭᠡᠳᠦᠯᠳᠠᠢ ᠰᠢᠯᠭᠠᠯᠲᠠ ᠶᠢᠨ ᠳᠠᠷᠠᠭᠠᠬᠢ ᠠᠩᠬᠠᠨ ᠤ ᠠᠵᠢᠯᠯᠠᠭ᠎ᠠ ᠨᠢ 6.4 ᠺᠢᠯᠣᠮᠧᠲᠷ ᠤᠨ ᠶᠠᠪᠠᠭᠠᠨ ᠠᠯᠬᠤᠬᠤ ᠠᠵᠢᠯᠯᠠᠭ᠎ᠠ ᠠᠴᠠ  ᠡᠬᠢᠯᠡᠬᠦ ᠪᠤᠯᠤᠨ᠎ᠠ︕ ᠪᠦᠬᠦ ᠬᠤᠰᠢᠭᠤᠨ ᠤ ᠺᠠᠳ᠋ᠷ ᠠᠵᠢᠯᠲᠠᠨ ᠠᠵᠢᠯᠴᠢᠨ᠂ ᠠᠵᠤ ᠠᠬᠤᠢᠯᠠᠯ ᠤᠨ ᠠᠵᠢᠯᠲᠠᠨ ᠠᠵᠢᠯᠴᠢᠨ᠂ ᠨᠡᠶᠢᠭᠡᠮ ᠤᠨ ᠣᠯᠠᠨ ᠲᠦᠮᠡᠨ ᠲᠤᠭᠤᠶᠢᠯᠠᠩ  ᠪᠠᠶᠢᠭᠤᠯᠤᠨ ᠮᠤᠷᠳᠠᠵᠤ᠂ ᠥᠩᠭᠡᠲᠦ ᠲᠤᠭ ᠤᠨ ᠵᠢᠭᠠᠭᠰᠠᠨ ᠵᠠᠮ ᠢᠶᠠᠷ ᠤᠷᠤᠭᠰᠢᠯᠠᠨ᠂ ᠵᠠᠮ ᠳᠤᠮᠳᠠ ᠪᠠᠨ ᠪᠠᠰᠠ 1 ᠳ᠋ᠦ᠋ᠭᠡᠷ᠂ 2 ᠳ᠋ᠤᠭᠠᠷ᠂ 3 ᠳ᠋ᠤᠭᠠᠷ  ᠨᠢᠭᠤᠴᠠ ᠨᠣᠮᠧᠷ ᠢ ᠴᠤᠭᠯᠠᠭᠤᠯᠵᠤ᠂ ᠨᠢᠭᠡ ᠵᠠᠮ ᠥᠷᠢᠰᠦᠯᠳᠦᠭᠡᠨ ᠬᠢᠵᠦ᠂  ᠨᠢᠭᠡ ᠵᠠᠮ ᠺᠠᠷᠲ ᠪᠦᠷᠢᠳᠭᠡᠬᠦᠯᠦᠨ᠂  ᠠᠯᠬᠤᠭ᠎ᠠ ᠪᠠᠷ ᠢᠶᠠᠨ ᠠᠮᠢᠵᠢᠷᠠᠯ ᠤᠨ ᠬᠦᠴᠦᠨ ᠢ ᠬᠡᠮᠵᠢᠵᠦ᠂ ᠬᠦᠴᠦ ᠬᠥᠯᠥᠰᠥ ᠪᠠᠷ ᠢᠶᠠᠨ ᠲᠠᠷᠤᠭᠠᠰᠤ ᠪᠠᠨ ᠲᠠᠶᠢᠯᠵᠤ᠂ ᠲᠠ ᠰᠠᠶ᠋ᠢᠬᠠᠨ ᠤᠯᠤᠰ ᠤᠨ ᠨᠢᠭᠡᠳᠦᠯᠳᠠᠢ ᠰᠢᠯᠭᠠᠯᠲᠠ ᠶᠢ ᠥᠩᠭᠡᠷᠡᠭᠦᠯᠦᠭᠰᠡᠨ ᠰᠤᠷᠤᠭᠴᠢ ᠴᠤ ᠲᠡᠷᠡ᠂ ᠤᠷᠢ ᠵᠠᠯᠠᠭᠤ ᠨᠠᠰᠤᠨ ᠤ ᠵᠠᠯᠠᠭᠤᠴᠤᠳ  ᠴᠦ ᠲᠡᠷᠡ᠂ ᠪᠦᠷ ᠶᠠᠪᠠᠭᠠᠨ  ᠠᠯᠬᠤᠬᠤ ᠠᠵᠢᠯᠯᠠᠭ᠎ᠠ ᠲᠤᠮᠳᠠ ᠠᠴᠠ ᠥᠪᠡᠷ ᠤᠨ ︽  ᠰᠢᠨ᠎ᠡ ᠠᠶᠠᠨ ︾ ᠢᠶᠠᠨ ᠣᠯᠵᠤ ᠴᠢᠳᠠᠨ᠎ᠠ︕      ᠠᠯᠬᠤᠭᠴᠢ ᠶᠢᠨ  ᠤᠷᠤᠯᠳᠤᠬᠤ ᠱᠠᠳᠤ ᠦᠶ᠎ᠡ      ᠴᠠᠭ᠄ 6 ᠳ᠋ᠤᠭᠠᠷ ᠰᠠᠷ᠎ᠠ ᠶᠢᠨ 15 ᠤ ᠡᠳᠦᠷ ᠤᠨ 9᠄ 00 ᠠᠴᠠ      ᠭᠠᠵᠠᠷ᠄  ᠪᠠᠳᠤᠬᠠᠭᠠᠯᠭ᠎ᠠ ᠨᠠᠭᠠᠳᠤᠮ ᠰᠤᠶᠤᠯ ᠤᠨ ᠠᠵᠤ ᠦᠢᠯᠡᠰ ᠤᠨ ᠬᠦᠷᠢᠶᠡᠯᠡᠩ      ᠥᠯᠵᠡᠢ ᠳᠡᠮᠪᠡᠷᠡᠯ ᠤᠨ  ᠪᠡᠯᠭᠡᠳᠡᠯ︕  ᠢᠬᠡᠷ᠎ᠡ ᠤᠨᠠᠭ᠎ᠠ ᠵᠠᠶᠠᠭᠠᠭᠰᠠᠨ ᠪᠠᠶᠠᠷ       ᠮᠠᠨᠳᠤᠯ ᠪᠠᠯᠭᠠᠰᠤᠨ ᠤ ᠮᠠᠯᠴᠢᠨ ᠠᠶᠢᠯ ᠢᠬᠡᠷ᠎ᠡ ᠤᠨᠠᠭ᠎ᠠ ᠪᠠᠨ ᠪᠠᠶᠠᠷᠯᠠᠨ ᠤᠭᠲᠤᠨ᠎ᠠ᠂ ᠡᠨᠡ ᠪᠣᠯ ᠬᠤᠪᠤᠷᠬᠠᠨ ᠲᠤᠬᠢᠶᠠᠯᠳᠤᠳᠠᠭ ᠦᠯᠵᠡᠢ  ᠪᠡᠯᠭᠡ ᠲᠠᠢ ᠶᠠᠪᠤᠳᠠᠯ ᠪᠣᠯᠣᠨ᠎ᠠ︕ ᠲᠤᠬᠠᠢ ᠶᠢᠨ ᠲᠠᠯᠠᠪᠠᠢ ᠳᠤ ᠲᠠᠯ᠎ᠠ ᠨᠤᠲᠤᠭ ᠤᠨ ᠤᠯᠠᠮᠵᠢᠯᠠᠯᠲᠤ ᠬᠡᠯᠪᠡᠷᠢ ᠪᠠᠷ ᠬᠤᠶᠠᠷ ᠤᠨᠠᠭ᠎ᠠ ᠶᠢ ᠪᠡᠯᠭᠡᠯᠡᠬᠦ ᠠᠵᠢᠯᠯᠠᠭ᠎ᠠ ᠥᠷᠨᠢᠭᠦᠯᠵᠦ᠂ ᠠᠮᠢ ᠨᠠᠰᠤ ᠶᠢ ᠨᠠᠨᠳᠢᠩᠨᠠᠨ ᠦᠵᠡᠬᠦ ᠤᠬᠠᠮᠰᠠᠷ ᠪᠠ ᠢᠷᠦᠭᠡᠯ ᠵᠥᠩᠨᠡᠯ ᠢ ᠨᠢ ᠬᠦᠮᠦᠰ ᠲᠤ ᠮᠡᠳᠡᠷᠡᠬᠦᠯᠦᠨ᠎ᠡ︕ ᠡᠨᠡ ᠬᠦ ᠲᠠᠯ᠎ᠠ ᠨᠤᠲᠤᠭ ᠤᠨ ᠰᠠᠶᠢᠨ ᠰᠠᠶᠢᠬᠠᠨ ᠨᠢ ᠪᠣᠢ ᠪᠦᠬᠦᠢ ᠬᠥᠮᠦᠰ ᠲᠤ ᠠᠵᠠ  ᠵᠠᠪᠰᠢᠶᠠᠨ ᠣᠯᠭᠤᠵᠤ ᠰᠢᠨ᠎ᠡ ᠬᠠᠭᠤᠳᠠᠰᠤ ᠶᠢ ᠡᠬᠢᠯᠡᠭᠦᠯᠬᠦ  ᠪᠤᠯᠤᠨ᠎ᠠ᠃      ᠵᠠᠯᠠᠭᠤ ᠨᠠᠰᠤᠨ ᠤ ᠰᠦᠷ ᠵᠢᠪᠬᠤᠭ᠎ᠠ ᠲᠠᠢ ᠡᠩᠨᠡᠭᠡ ᠬᠥᠭᠵᠢᠶᠡᠨᠲᠦ ᠪᠦᠵᠢᠭ ᠪᠦᠵᠢᠭᠯᠡᠨ᠎ᠡ      ᠮᠠᠨᠳᠤᠯ ᠪᠠᠯᠭᠠᠰᠤᠨ ᠤ ᠺᠠᠳ᠋ᠷ ᠠᠵᠢᠯᠲᠠᠨ᠂ ᠭᠠᠴᠠᠭᠠᠨ ᠤ ᠬᠤᠶᠠᠷ ᠵᠥᠪᠯᠡᠯ ᠤᠨ ᠭᠡᠰᠢᠭᠦᠨ᠂ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠲᠤᠷᠰᠢᠯᠲᠠ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢᠳ ᠢᠶᠠᠷ ᠪᠦᠷᠢᠯᠳᠦᠭᠰᠡᠨ ︽ᠪᠠᠶᠠᠷ ᠪᠠᠶᠠᠰᠬᠤᠯᠠᠩᠲᠤ ᠠᠵᠢᠨᠠᠶ ᠬᠦᠯᠦᠭ︾  ᠤᠨ ᠰᠦᠷ ᠵᠢᠪᠬᠤᠭ᠎ᠠ ᠲᠠᠢ ᠡᠩᠨᠡᠭᠡ ᠦᠵᠡᠰᠬᠦᠯᠡᠩᠲᠦ ᠰᠠᠶᠢᠬᠠᠨ ᠬᠤᠪᠴᠠᠰᠤ ᠵᠠᠰᠠᠯ ᠢᠶᠠᠨ ᠡᠮᠦᠰᠴᠦ᠂ ᠣᠷᠭᠢᠯᠤᠮ᠎ᠠ ᠬᠠᠯᠠᠭᠤᠨ ᠰᠡᠳᠬᠢᠯᠭᠡ ᠪᠢᠯᠬᠠᠭᠰᠠᠨ ᠪᠥᠵᠢᠭ ᠢᠶᠠᠷ ᠠᠬᠤᠶ ᠲᠠᠯᠠᠪᠠᠶ ᠶᠢ ᠬᠦᠭᠵᠢᠭᠡᠨ᠎ᠡ︕ ᠵᠠᠯᠠᠭᠤ ᠨᠠᠰᠤᠨ ᠤ ᠠᠶᠢᠵᠠᠮ ᠳᠤ᠂ ᠠᠵᠢᠯᠯᠠᠭ᠎ᠠ ᠶᠢᠨ ᠲᠤᠬᠠᠢ ᠬᠦᠰᠡᠯ ᠡᠷᠡᠮᠡᠯᠵᠡᠯ ᠬᠠᠳᠠᠭᠠᠯᠠᠭᠳᠠᠵᠤ᠂ ᠨᠡᠩ ᠴᠤ ᠢᠷᠡᠭᠡᠳᠦᠢ ᠶᠢᠨ ᠲᠤᠬᠠᠢ ᠬᠠᠯᠠᠭᠤᠨ ᠰᠡᠳᠭᠢᠯᠭᠡ  ᠨᠢᠭᠤᠭᠳᠠᠬᠤ ᠶᠤᠮ ~      ᠤᠯᠠᠮᠵᠢᠯᠠᠯᠲᠤ ᠤᠷᠤᠯᠳᠤᠭᠠᠨ︕ ᠮᠣᠷᠢ ᠤᠷᠤᠯᠳᠤᠬᠤ᠂ ᠪᠦᠬᠡ ᠪᠠᠷᠢᠯᠳᠤᠬᠤ᠂ ᠰᠤᠷ ᠬᠠᠷᠪᠤᠬᠤ ᠶᠢ ᠵᠡᠷᠭᠡ ᠪᠦᠷ ᠪᠠᠶᠢᠨ᠎ᠠ      ᠮᠣᠷᠢ ᠤᠷᠤᠯᠳᠤᠬᠤ᠄ ᠤᠨᠤᠭᠠᠴᠢᠳ ᠲᠠᠰᠢᠭᠤᠷ ᠬᠤᠷᠦ᠋ᠢᠯᠠᠵᠤ᠂ ᠲᠤᠭᠤᠰᠤ ᠪᠤᠳᠠᠷᠠᠭᠤᠯᠤᠨ ᠳᠠᠪᠬᠢᠬᠤ ᠨᠢ ᠲᠠᠯ᠎ᠠ ᠨᠤᠲᠤᠭ ᠤᠨ ᠬᠥᠪᠡᠭᠦᠳ ᠥᠬᠢᠳ ᠤᠨ ᠣᠮᠤᠭ ᠵᠣᠷᠢᠭ ᠢ ᠬᠥᠪᠴᠢᠯᠡᠬᠦ ᠪᠣᠯᠤᠨ᠎ᠠ᠃      ᠪᠥᠬᠡ ᠪᠠᠷᠢᠯᠳᠤᠬᠤ᠄  ᠪᠦᠭᠡᠴᠢᠳ ᠰᠦᠷ ᠬᠦᠴᠦ ᠪᠠᠨ ᠭᠠᠶᠢᠬᠠᠭᠤᠯᠤᠨ᠂ ᠤᠳᠠᠭ᠎ᠠ ᠪᠦᠷᠢ ᠵᠢᠨ‌ᠦᠷᠢᠰᠦᠯᠳᠦᠭᠡᠨ ᠨᠢ ᠴᠦᠮ ᠬᠦᠴᠦᠨ ᠴᠢᠳᠠᠯ ᠪᠠ  ᠰᠦᠰᠦ ᠵᠤᠷᠢᠭ  ᠤᠨ ᠮᠦᠷᠬᠦᠯᠳᠦᠯ ᠮᠦᠨ᠃      ᠨᠤᠮᠤ ᠰᠤᠮᠤ ᠬᠠᠷᠪᠤᠬᠤ᠄ ᠨᠤᠮᠤ  ᠪᠠᠨ ᠲᠠᠳᠠᠵᠤ᠂ ᠤᠨᠤᠪᠴᠢᠳᠠᠢ ᠣᠨᠢᠯᠠᠵᠤ᠂  ᠤᠷᠠᠨ ᠨᠠᠷᠢᠯᠢᠭ ᠬᠠᠷᠪᠤᠬᠤ ᠤᠷ᠎ᠠ ᠮᠡᠷᠭᠡᠵᠢᠯ ᠢᠶᠠᠷ ᠢᠶᠠᠨ ︽ᠵᠠᠭᠤᠨ ᠠᠯᠬᠤᠮ ᠠᠴᠠ  ᠵᠡᠬᠦᠦ ᠶᠢ ᠨᠡᠪᠳᠡᠯᠬᠦ︾ ᠷᠢᠳᠢ ᠰᠢᠳᠢ ᠶᠢ  ᠮᠡᠳᠡᠷᠡᠬᠦᠯᠵᠦ᠂ ᠲᠠᠯ᠎ᠠ ᠨᠤᠲᠤᠭ ᠤᠨ ᠪᠡᠶ᠎ᠡ ᠲᠠᠮᠢᠷ ᠤᠨ ᠰᠦᠭ ᠰᠦᠨᠡᠰᠦ ᠶᠢ ᠤᠯᠠᠮᠵᠢᠯᠠᠬᠤ ᠪᠤᠯᠤᠨ᠎ᠠ ᠃      ︽ᠮᠣᠷᠢᠨ︾  ᠨᠢᠷᠤᠭᠤᠨ ᠳᠡᠭᠡᠷᠡᠬᠢ ᠭᠤᠶᠢᠳᠠ ᠰᠠᠶᠢᠬᠠᠨ  ᠤᠷᠠᠯᠢᠭ ᠨᠢ ᠠᠵᠢᠯᠯᠠᠭ᠎ᠠ ᠶᠢᠨ ᠰᠢᠨ᠎ᠡ   ᠭᠡᠯᠪᠡᠷᠢ ᠪᠠᠶᠢᠳᠠᠯ ᠢ ᠦᠵᠡᠬᠦᠯᠬᠦ ᠪᠤᠯᠤᠨ᠎ᠠ      ︽ᠮᠣᠷᠢ︾  ᠲᠣᠭᠤᠷᠢᠨ ᠳᠤ  ᠣᠯᠠᠨ ᠵᠦᠢᠯ ᠤᠨ ᠰᠣᠨᠢᠷᠬᠠᠯ  ᠲᠠᠢ ᠠᠵᠢᠯᠯᠠᠭ᠎ᠠ  ᠶᠠᠪᠤᠭᠳᠠᠭᠤᠯᠤᠨ᠎ᠠ᠃      ᠮᠣᠩᠭᠤᠯ ᠬᠤᠪᠴᠠᠰᠤ ᠡᠮᠦᠰᠴᠤ ᠡᠮᠡᠭᠡᠯ ᠤᠭᠰᠠᠷᠠᠬᠤ ᠤᠷᠤᠯᠳᠤᠭᠠᠨ᠄ ︽ᠤᠯᠠᠮᠵᠢᠯᠠᠯᠲᠤ ᠤᠷ᠎ᠠ ᠮᠡᠷᠭᠡᠵᠢᠯ  + ᠦᠨᠳᠦᠰᠦᠲᠡᠨ ᠤ ᠬᠤᠪᠴᠠᠰᠤ ᠵᠠᠰᠠᠯ︾  ᠭᠡᠯᠪᠡᠷᠢ ᠪᠠᠷ ᠲᠠᠮᠢᠷᠴᠢᠳ ᠤᠨ ᠣᠨᠴᠠᠭᠠᠢ ᠴᠤᠭ ᠵᠢᠪᠬᠤᠭ᠎ᠠ ᠶᠢ ᠦᠵᠡᠵᠡᠭᠡᠶ᠎ᠡ᠃      ᠱᠠᠭ᠎ᠠ  ᠪᠠᠷ ᠮᠤᠷᠢ ᠤᠷᠤᠯᠳᠤᠬᠤ᠂ ᠬᠠᠯᠵᠠ ᠬᠠᠷᠪᠤᠬᠤ ᠤᠷᠤᠯᠳᠤᠭᠠᠨ᠄  ᠰᠢᠨ᠎ᠡ ᠤᠷᠤᠯᠳᠤᠭᠠᠨ ᠤ ᠬᠡᠯᠪᠡᠷᠢ᠂ ᠣᠨᠳᠣᠣ ᠶᠠᠩᠵᠤ ᠶᠢᠨ ᠬᠠᠷᠠᠭᠠᠨ ᠰᠠᠷᠠᠯ ᠤᠨ ᠳᠠᠭᠠᠷᠢᠯᠲᠠ ᠶᠢ ᠠᠪᠴᠢᠷᠠᠵᠤ᠂ ︽ᠭᠠᠴᠠᠭᠠᠨ ᠤ ᠰᠢᠭᠰᠢᠶ᠎ᠡ︾ ᠤᠷᠤᠯᠳᠤᠭᠠᠨ ᠢ ᠰᠠᠨᠠᠭᠠᠨ ᠠᠴᠠ ᠭᠠᠳᠠᠭᠤᠷ ᠤᠨᠳᠤᠤ ᠭᠡᠯᠪᠡᠷᠢ ᠪᠠᠷ  ᠶᠠᠪᠤᠭᠳᠠᠭᠤᠯᠬᠤ ᠪᠤᠯᠤᠨ᠎ᠠ︕      ᠠᠯᠬᠤᠭᠴᠢ ᠶᠢᠨ ᠤᠷᠤᠯᠳᠤᠭᠠᠨ ᠤ ᠵᠠᠮ      ᠠᠮᠳᠠᠳᠤ ᠢᠳᠡᠬᠡᠨ ᠤ ᠦᠪᠡᠳᠡᠭᠰᠢ ᠨᠠᠶᠢᠷ᠄ ᠬᠡᠷ ᠤᠨ ᠭᠠᠳᠠᠨ᠎ᠠ  ᠰᠢᠷᠠᠮᠠᠯ ᠤᠨ ᠦᠨᠦᠷ ᠬᠠᠩᠬᠤᠯᠤᠨ᠂ ᠤᠯᠠᠮᠵᠢᠯᠠᠯᠳᠤ ᠴᠢᠨᠠᠭᠰᠠᠨ‌ᠬᠤᠨᠢᠨ ᠮᠢᠬᠠᠨ ᠤ ᠰᠢᠨ᠎ᠡ ᠰᠤᠷᠭᠤᠭ ᠱᠦᠯᠦ᠂ ᠠᠩᠬᠢᠯᠤᠮ᠎ᠠ ᠰᠠᠶᠢᠬᠠᠨ ᠰᠦ ᠲᠠᠢ ᠴᠠᠢ ᠨᠢ ᠬᠦᠮᠦᠨ ᠤ ᠰᠡᠳᠬᠢᠯ ᠢ ᠲᠤᠯᠠᠭᠠᠴᠠᠭᠤᠯᠤᠨ᠎ᠠ ᠁ ᠲᠠᠯ᠎ᠠ ᠨᠤᠲᠤᠭ ᠤᠨ ᠠᠮᠲᠠᠲᠤ ᠢᠳᠡᠭᠡᠨ ᠢ ᠨᠢᠭᠡ ᠨᠢᠭᠡ ᠪᠠᠷ ᠠᠮᠰᠠᠵᠤ ᠢᠳᠡᠭᠡᠨ ᠤᠮᠳᠠᠭᠠᠨ ᠤ ᠰᠣᠶᠣᠯ ᠢ  ᠤᠶᠢᠯᠠᠭᠠᠶ᠎ᠠ᠃      ᠤᠷᠠᠨ ᠰᠠᠶᠢᠬᠠᠨ ᠤ ᠲᠣᠭᠯᠠᠯᠲᠠ᠄ ︽ᠪᠠᠶᠢᠭᠠᠯᠢᠯᠢᠭ ᠠᠮᠢ ᠠᠬᠤᠶ︾ ᠶᠢᠨ ᠠᠷᠠᠳ ᠤᠨ ᠤᠷᠠᠯᠢᠭ ᠤᠨ ᠪᠦᠯᠬᠦᠮ ᠲᠠᠶᠢᠰᠠᠨ ᠳᠤ ᠭᠠᠷᠴᠤ᠂ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ᠂ ᠢᠷᠠᠭᠤ ᠰᠠᠶᠢᠬᠠᠨ ᠤᠷᠲᠤ ᠶᠢᠨ ᠳᠠᠭᠤᠤ᠂  ᠤᠷᠠᠨ ᠬᠦᠳᠡᠯᠭᠡᠭᠡᠨᠳᠤ ᠪᠥᠵᠢᠭ ᠤᠳ ᠢ ᠡᠭᠡᠯᠵᠢᠯᠡᠨ ᠲᠤᠭᠯᠠᠵᠤ᠂ ᠤᠷᠠᠯᠢᠭ ᠢᠶᠠᠷ ᠢᠶᠠᠨ ᠲᠠᠯ᠎ᠠ ᠨᠤᠲᠤᠭ ᠤᠨ ᠬᠥᠪᠡᠭᠦᠳ ᠥᠬᠢᠳ ᠤᠨ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠳᠠᠮᠵᠢᠭᠤᠯᠵᠤ᠂  ᠬᠦᠷ ᠬᠦᠭᠵᠢᠶᠡᠨᠳᠦ ᠠᠭᠤᠷ ᠠᠮᠢᠰᠬᠤᠯ ᠢᠶᠠᠷ ᠪᠢᠯᠬᠠᠬᠤ ᠪᠤᠯᠤᠨ᠎ᠠ︕      6 ᠰᠠᠷ᠎ᠠ ᠶᠢᠨ 15 ᠤ ᠡᠳᠦᠷ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ  ︽ᠶᠠᠪᠠᠭᠠᠨ ᠠᠯᠬᠤᠬᠤ + ᠭᠠᠴᠠᠭᠠᠨ ᠤ ᠰᠢᠭᠰᠢᠶ᠎ᠡ ᠮᠤᠷᠢᠨ ᠤᠷᠤᠯᠳᠤᠭᠠᠨ︾  ᠨᠢ ᠪᠠᠶᠠᠷ ᠪᠠᠭ᠋ᠠᠳᠤᠯ ᠠᠪᠴᠢᠷᠠᠵᠤ᠂ ᠵᠠᠯᠠᠭᠤ ᠨᠠᠰᠤᠨ ᠤ ᠠᠮᠢᠵᠢᠷᠠᠯ ᠤᠨ ᠬᠦᠴᠦᠨ ᠪᠢᠯᠬᠠᠵᠤ᠂ ᠠᠷᠠᠳ ᠤᠨ ᠵᠠᠩ ᠦᠢᠯᠡ ᠶᠢ ᠤᠯᠠᠮᠵᠢᠯᠠᠨ ᠵᠠᠯᠭᠠᠮᠵᠢᠯᠠᠵᠤ᠂ ᠤᠯᠤᠰ ᠤᠨ ᠨᠢᠭᠡᠳᠦᠯᠳᠠᠢ ᠰᠢᠯᠭᠠᠯᠲᠠ ᠶᠢᠨ  ᠲᠠᠷᠠᠭᠠᠬᠢ ᠠᠩᠬᠠᠨ ᠤ ᠪᠠᠶᠠᠷ ᠪᠠᠭ᠋ᠠᠳᠤᠯ ᠢ  ᠬᠠᠮᠳᠤ ᠪᠠᠷ ᠵᠢᠷᠤᠭᠯᠠᠶ᠎ᠠ︕
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号