6 ᠰᠠᠷ᠎ᠠ ᠶᠢᠨ 14 ᠤ ᠡᠳᠦᠷ ᠤᠨ ᠦᠳᠡ ᠶᠢᠨ ᠡᠮᠦᠨ᠎ᠡ᠂ ᠲᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ | ᠬᠦᠨᠳᠦ ᠬᠦᠩᠭᠡᠨ ᠪᠡᠶ᠎ᠡ ᠶᠢᠨ ᠲᠠᠮᠢᠷ ᠤᠨ ᠴᠤᠭᠯᠠᠭᠠᠨ ᠵᠢᠴᠢ ᠪᠠᠭᠰᠢ ᠠᠵᠢᠯᠳᠡᠳ ᠤᠨ ᠪᠡᠶ᠎ᠡ ᠶᠢᠨ ᠲᠠᠮᠢᠷ ᠤᠨ | ᠴᠤᠭᠯᠠᠭᠠᠨ ᠨᠢ ᠪᠠᠲᠤᠬᠠᠭᠠᠯᠭ᠎ᠠ ᠶᠢᠨ ᠳᠤᠮᠳᠠᠳᠤ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠠᠢ ᠳᠤ ᠶᠠᠪᠤᠭᠳᠠᠪᠠ᠃ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠠᠴᠠ ᠭᠤᠤᠯᠯᠠᠨ | ᠡᠷᠬᠢᠯᠡᠭᠰᠡᠨ ᠲᠤᠰ ᠤᠳᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠨᠢ ︽ᠰᠤᠷᠠᠭᠠᠭᠤᠯᠢ ᠶᠢᠨ ᠬᠦᠷᠢᠶᠡᠨ ᠳᠤ ᠪᠠᠨ | ᠬᠦᠰᠡᠯ ᠵᠡᠭᠦᠳᠦ ᠪᠠᠨ ᠲᠡᠷᠭᠡᠯᠰᠢᠯᠡᠭᠦᠵᠥ ᠂ ᠰᠡᠳᠬᠢᠯ ᠨᠢᠭᠡᠳᠦᠨ ᠪᠦᠯᠬᠦᠮᠳᠡᠨ ᠲᠡᠮᠡᠴᠡᠬᠦ︾ ᠪᠠᠷ ᠭᠤᠤᠯ ᠰᠡᠳᠦᠪ | ᠪᠣᠯᠭᠠᠵᠤ᠂ ᠪᠥᠬᠦ ᠬᠤᠰᠢᠭᠤᠨ ᠤ 7 ᠳᠤᠮᠳᠠᠳᠤ ᠪᠠᠭ᠎ᠠ ᠰᠤᠷᠭᠠᠭᠤᠯᠢ ᠶᠢᠨ 388 ᠨᠡᠷᠡᠰ ᠲᠠᠮᠢᠷᠴᠢᠳ ᠣᠷᠣᠯᠴᠠᠵᠠᠶ᠃ | | ᠡᠬᠢᠯᠡᠯᠲᠡ ᠶᠢᠨ ᠶᠣᠰᠣᠯᠠᠯ ᠳᠡᠭᠡᠷ᠎ᠡ᠂ 22 ᠵᠢᠭᠰᠠᠭᠠᠯ ᠤᠨ ᠡᠩᠨᠡᠭᠡ ᠲᠡᠰ ᠳᠠᠷᠠᠭᠠᠯᠠᠨ ᠲᠠᠯᠠᠪᠠᠢ ᠳᠤ ᠣᠷᠣᠵᠤ᠂ | ᠤᠯᠤᠰ ᠤᠨ ᠲᠤᠭ ᠤᠨ ᠠᠩᠭᠢ ᠴᠡᠷᠢᠭ ᠤᠨ ᠳᠦᠷᠢ ᠪᠠᠶᠢᠳᠠᠯ ᠤᠨ ᠪᠠᠷᠢᠮᠵᠢᠶ᠎ᠠ ᠪᠠᠷ ᠲᠠᠪᠤᠨ ᠣᠳᠣᠲᠤ ᠤᠯᠠᠭᠠᠨ | ᠲᠤᠭ ᠢ ᠬᠠᠮᠠᠭᠠᠯᠠᠵᠤ᠂ ᠲᠤᠭ ᠳᠠᠯᠪᠠᠭᠠᠨ ᠤ ᠵᠢᠭᠰᠠᠭᠠᠯ ᠤᠨ ᠡᠩᠨᠡᠭᠡ ᠶᠢᠨ ᠢᠯᠡᠷᠡᠭᠦᠯᠦᠭᠰᠡᠨ ᠲᠣᠭᠤᠷᠢᠭ ᠬᠡᠯᠪᠡᠷᠢ ᠶᠢᠨ | ᠵᠢᠷᠤᠭ ᠲᠦᠷᠰᠥ᠂ ᠠᠵᠢᠨᠠᠶ ᠬᠦᠯᠦᠭ ᠤᠨ ᠵᠢᠷᠤᠭ ᠲᠦᠷᠰᠦ ᠨᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ | ᠦᠨᠳᠦᠰᠦᠲᠡᠨ ᠤ ᠠᠳᠤᠭᠤᠨ ᠰᠣᠶᠣᠯ ᠢ ᠬᠠᠷᠠᠭᠤᠯᠵᠤ᠂ ︽ᠨᠡᠩ ᠥᠨᠳᠥᠷ᠂ ᠨᠡᠩ ᠲᠦᠷᠭᠡᠨ᠂ ᠨᠡᠩ ᠬᠦᠴᠦᠷᠬᠡᠭ︾ | ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠶᠢ ᠢᠯᠡᠷᠡᠭᠦᠯᠵᠥ᠂ ᠭᠠᠳᠠᠷ ᠬᠦᠷᠢᠶ᠎ᠡ ᠶᠢᠨ ᠠᠨᠠᠷ ᠤᠨ ᠦᠷ᠎ᠡ ᠶᠢᠨ ᠵᠢᠷᠤᠭ | ᠳᠦᠷᠰᠦ ᠨᠢ ᠦᠨᠳᠦᠰᠦᠲᠡᠨ ᠨᠦᠭᠦᠳ ᠤᠨ ᠪᠠᠭᠰᠢ ᠰᠤᠷᠤᠭᠴᠢᠳ ᠨᠢᠭᠡ ᠭᠡᠷ ᠮᠡᠲᠦ ᠪᠦᠯᠬᠦᠮᠳᠡᠬᠦ ᠶᠢ ᠪᠡᠯᠭᠡᠳᠡᠭᠰᠡᠨ | ᠪᠠᠶᠢᠨ᠎ᠠ᠃ ᠪᠠᠲᠤᠬᠠᠭᠠᠯᠭ᠎ᠠ ᠶᠢᠨ ᠭᠤᠷᠪᠠᠳᠤᠭᠠᠷ ᠪᠠᠭ᠎ᠠ ᠰᠤᠷᠭᠠᠭᠤᠯᠢ ᠶᠢᠨ ᠪᠠᠭᠰᠢ ᠨᠡᠷ ᠮᠣᠩᠭᠤᠯ ᠲᠡᠷᠯᠢᠭ ᠢᠶᠠᠨ | ᠡᠮᠦᠰᠴᠦ᠂ ᠰᠢᠪᠠᠷᠭᠦ᠋ᠷᠢᠶ᠎ᠡ ᠪᠠᠭ᠎ᠠ ᠰᠤᠷᠭᠠᠭᠤᠯᠢ᠂ ᠦᠬᠡᠷᠬᠤᠳᠳᠤᠭ ᠪᠠᠭ᠎ᠠ ᠰᠤᠷᠭᠠᠭᠤᠯᠢ ᠵᠡᠷᠭᠡ ᠬᠥᠳᠡᠭᠡ | ᠲᠣᠰᠬᠤᠨ ᠤ ᠪᠠᠭᠰᠢ ᠶᠢᠨ ᠲᠥᠯᠥᠭᠡᠯᠡᠭᠴᠢᠳ ᠤᠨ ᠠᠩᠭᠢ ᠨᠢ ᠨᠤᠲᠤᠭ ᠤᠨ ᠰᠤᠷᠭᠠᠨ ᠬᠥᠮᠦᠵᠢᠯ ᠤᠨ ᠦᠢᠯᠡᠰ ᠲᠤ | ᠵᠣᠷᠢᠭᠤᠯᠤᠭᠰᠠᠨ ᠣᠭ ᠰᠠᠨᠠᠭ᠎ᠠ ᠪᠠᠨ ᠢᠯᠡᠷᠡᠭᠦᠯᠪᠡ᠃ ᠤᠯᠤᠰ ᠤᠨ ᠲᠤᠭ ᠮᠠᠨᠳᠤᠭᠤᠯᠬᠤ ᠶᠣᠰᠣᠯᠠᠯ ᠤᠨ ᠳᠠᠷᠠᠭ᠎ᠠ᠂ | ᠲᠠᠮᠢᠷᠴᠢᠨ ᠪᠣᠯᠤᠨ ᠬᠢᠨᠠᠭᠴᠢ ᠶᠢᠨ ᠲᠥᠯᠥᠭᠡᠯᠡᠭᠴᠢ ᠲᠣᠰ ᠲᠣᠰ ᠲᠠᠩᠭᠠᠷᠢᠭᠯᠠᠵᠤ᠂ ︽ᠲᠥᠪ ᠭᠤᠤᠯᠴᠢ ᠪᠠᠷ | ᠥᠷᠢᠰᠦᠯᠳᠦᠵᠦ᠂ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠬᠦ︾ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠶᠢ | ᠢᠯᠡᠷᠡᠭᠦᠯᠪᠡ᠃ | ᠡᠬᠢᠯᠡᠯᠲᠡ ᠶᠢᠨ ᠶᠣᠰᠣᠯᠠᠯ ᠤᠨ ᠭᠢᠯᠠᠰ ᠴᠡᠭ ᠣᠯᠠᠨ᠃ ᠪᠠᠲᠤᠬᠠᠭᠠᠯᠭ᠎ᠠ ᠶᠢᠨ ᠳᠤᠮᠳᠠᠳᠤ ᠰᠤᠷᠭᠠᠭᠤᠯᠢ ᠶᠢᠨ | ᠠᠨ ᠰᠠᠢ ᠬᠡᠩᠭᠡᠷᠭᠡ ᠶᠢᠨ ᠳᠣᠭᠯᠠᠯᠳᠡ ︽ᠬᠥᠷ ᠨᠠᠷᠭᠢᠶᠠᠨ ᠲᠠᠢ ᠰᠢᠷ᠎ᠠ ᠬᠥᠷᠥᠰᠥ︾ ᠨᠢ ᠳᠤᠮᠳᠠᠳᠤ ᠶᠢᠨ ᠬᠥᠪᠡᠭᠦᠳ | ᠥᠬᠢᠳ ᠤᠨ ᠣᠮᠤᠭ ᠲᠡᠭᠦᠯᠳᠡᠷ ᠬᠠᠶᠢᠷ᠎ᠠ ᠰᠡᠳᠬᠢᠯᠭᠡ ᠶᠢ ᠴᠤᠤᠷᠢᠶᠠᠳᠤᠭᠤᠯᠪᠠ︔ ᠳᠤᠮᠳᠠᠳᠤ ᠪᠠᠭ᠎ᠠ | ᠰᠤᠷᠭᠠᠭᠤᠯᠢ ᠶᠢᠨ ᠶᠡᠷᠦᠩᠬᠡᠶᠢᠯᠡᠭᠰᠡᠨ ᠦᠢᠯᠡᠳᠦᠯᠭᠡ ᠶᠢᠨ ᠰᠤᠷᠭᠠᠨ ᠬᠥᠮᠦᠵᠢᠯ ᠤᠨ ᠲᠥᠪ ᠤᠨ ᠵᠡᠭᠡᠯᠢ ᠶᠢᠨ ᠪᠥᠵᠢᠭ | ︽ᠰᠣᠶᠤᠭᠠᠯᠠᠯ ᠤᠨ ᠵᠢᠵᠢᠭ ᠬᠠᠷᠢᠮᠠᠭ ᠤᠳ︾ ᠨᠢ ᠪᠠᠭᠠᠴᠤᠳ ᠬᠡᠦᠬᠡᠳ ᠤᠨ ᠬᠦᠰᠡᠯ ᠵᠡᠭᠦᠳᠦ ᠪᠠᠨ ᠲᠡᠷᠭᠡᠯᠰᠢᠭᠦᠯᠬᠦ | ᠴᠤᠭ ᠵᠢᠪᠬᠤᠭ᠎ᠠ ᠶᠢ ᠬᠠᠷᠠᠭᠤᠯᠪᠠ︔ ᠪᠠᠲᠤᠬᠠᠭᠠᠯᠭ᠎ᠠ ᠶᠢᠨ ᠬᠤᠶᠠᠳᠤᠭᠠᠷ ᠪᠠᠭ᠎ᠠ ᠰᠤᠷᠭᠠᠭᠤᠯᠢ ᠶᠢᠨ ᠪᠥᠵᠢᠭ ︽ | ᠤᠯᠠᠭᠠᠨ ᠭᠤᠶᠣᠯᠠᠯ ᠤᠨ ᠪᠠᠷ᠎ᠠ︾ ᠨᠢ ᠬᠠᠲᠠᠭᠤ ᠵᠥᠭᠡᠯᠡᠨ ᠢ ᠬᠤᠣᠰᠯᠠᠭᠤᠯᠤᠭᠰᠠᠨ ᠡᠮᠡᠭᠲᠡᠶᠢᠴᠦᠳ ᠤᠨ ᠴᠤᠭ | ᠵᠢᠪᠬᠤᠭ᠎ᠠ ᠶᠢ ᠢᠯᠡᠷᠡᠭᠦᠯᠪᠡ︔ ᠲᠤᠷᠰᠢᠯᠲᠠ ᠶᠢᠨ ᠳᠤᠮᠳᠠᠳᠤ ᠰᠤᠷᠭᠠᠭᠤᠯᠢ ᠶᠢᠨ ᠠᠪᠴᠢᠷᠠᠭᠰᠠᠨ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ︽ᠵᠡᠭᠡᠷᠡᠩᠭᠡᠢ︾ | ᠪᠥᠵᠢᠭ ᠨᠢ ᠲᠠᠯ᠎ᠠ ᠨᠤᠲᠤᠭ ᠤᠨ ᠬᠠᠯᠠᠭᠤᠨ ᠰᠡᠳᠬᠢᠯᠭᠡ ᠪᠠᠷ ᠠᠬᠤᠢ ᠲᠠᠯᠪᠠᠢ ᠶᠢ ᠬᠥᠭᠵᠢᠶᠡᠭᠡᠵᠥ᠂ ᠦᠨᠳᠦᠰᠦᠲᠡᠨ ᠤ | ᠰᠣᠶᠣᠯ ᠢ ᠤᠯᠠᠮᠵᠢᠯᠠᠨ ᠵᠠᠯᠭᠠᠮᠵᠢᠯᠠᠬᠤ ᠶᠢ ᠪᠡᠶ᠎ᠡ ᠶᠢᠨ ᠲᠠᠮᠢᠷ ᠤᠨ ᠦᠪᠡᠳᠡᠭᠰᠢ ᠴᠤᠭᠯᠠᠭᠠᠨ ᠳᠤ ᠠᠭᠤᠰᠤᠯᠴᠠᠭᠤᠯᠪᠠ᠃ | | ︽ᠲᠣᠰ ᠤᠳᠠᠭᠠᠨ ᠤ ᠪᠥᠬᠦ ᠬᠤᠰᠢᠭᠤᠨ ᠤ ᠪᠡᠶ᠎ᠡ ᠲᠠᠮᠢᠷ ᠤᠨ ᠴᠤᠭᠯᠠᠭᠠᠨ ᠳᠤ ᠣᠷᠤᠯᠴᠠᠭᠠᠳ᠂ ᠪᠢ | ᠲᠠᠮᠢᠷ ᠤᠨ ᠬᠥᠳᠡᠯᠭᠡᠭᠡᠨ ᠤ ᠷᠢᠳᠢ ᠰᠢᠳᠢ᠂ ᠥᠷᠢᠰᠥᠯᠳᠦᠭᠡᠨ ᠤ ᠪᠠᠶᠠᠷ ᠴᠡᠩᠭᠡᠯ᠂ ᠨᠥᠬᠦᠷᠯᠡᠯ ᠤᠨ ᠡᠷᠬᠢᠮ ᠪᠠ | ᠪᠦᠯᠬᠦᠮ ᠨᠡᠶᠢᠲᠡ ᠶᠢᠨ ᠬᠦᠴᠦᠨ ᠢ ᠭᠦᠨᠵᠡᠭᠡᠢ ᠣᠶᠢᠯᠠᠭᠠᠭᠰᠠᠨ ᠶᠤᠮ︾ ᠭᠡᠵᠦ ᠪᠠᠲᠤᠬᠠᠭᠠᠯᠭ᠎ᠠ ᠶᠢᠨ ᠳᠤᠮᠳᠠᠳᠤ | ᠰᠤᠷᠭᠠᠭᠤᠯᠢ ᠶᠢᠨ ᠰᠣᠷᠣᠭᠴᠢ ᠳ᠋ᠦᠩ ᠵᠢᠩ ᠸᠧᠨ ᠪᠠᠶᠠᠷ ᠲᠠᠢ ᠪᠠᠷ ᠶᠠᠷᠢᠵᠤ᠂ ︽ᠡᠨᠡ ᠨᠢ ᠮᠢᠨᠦ ᠥᠨᠳᠥᠷ ᠳᠤᠮᠳᠠᠳᠤ | ᠰᠤᠷᠭᠠᠭᠤᠯᠢ ᠶᠢᠨ ᠠᠮᠢᠳᠤᠷᠠᠯ ᠤᠨ ᠨᠢᠭᠡ ᠤᠳᠠᠭᠠᠨ ᠤ ᠮᠠᠷᠲᠠᠭᠳᠠᠰᠢ ᠦᠭᠡᠢ ᠪᠥᠭᠡᠳ ᠶᠡᠷᠦ ᠪᠤᠰᠤ ᠶᠢᠨ ᠥᠩᠭᠡᠷᠡᠯᠲᠡ | ᠪᠣᠯᠤᠨ᠎ᠠ︾ ᠬᠡᠵᠡᠢ᠃ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶᠠᠨ ᠤ ᠳᠡᠳ᠋ | ᠳᠣᠪᠴᠢᠶᠠᠨ ᠳᠠᠷᠤᠭ᠎ᠠ ᠸᠠᠩ ᠰᠢ᠄ ︽ᠳᠣᠰ ᠤᠳᠠᠭᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ | ᠬᠦᠨᠳᠦ ᠬᠥᠩᠭᠡᠨ ᠪᠡᠶ᠎ᠡ ᠶᠢᠨ ᠲᠠᠮᠢᠷ ᠤᠨ ᠴᠤᠭᠯᠠᠭᠠᠨ ᠢ ᠡᠷᠭᠢᠯᠡᠭᠰᠡᠨ ᠨᠢ ᠪᠠᠰᠠ ᠴᠤ ᠳᠤᠮᠳᠠᠳᠤ ᠪᠠᠭ᠎ᠠ | ᠰᠤᠷᠭᠠᠭᠤᠯᠢ ᠶᠢᠨ ᠰᠤᠷᠤᠭᠴᠢᠳ ᠤᠨ ᠡᠳᠦᠷ ᠪᠦᠷᠢ ᠶᠢᠨ 2 ᠴᠠᠭ ᠤᠨ ᠶᠡᠷᠦᠩᠬᠡᠶᠢᠯᠡᠭᠰᠡᠨ ᠪᠡᠶ᠎ᠡ ᠶᠢᠨ ᠲᠠᠮᠢᠷ ᠤᠨ | ᠬᠥᠳᠡᠯᠭᠡᠭᠡᠨ ᠢ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠶᠢᠨ ᠨᠢᠭᠡ ᠪᠣᠯᠤᠨ᠎ᠠ᠃ ᠬᠦᠨᠳᠦ ᠬᠥᠩᠭᠡᠨ | ᠪᠡᠶ᠎ᠡ ᠶᠢᠨ ᠲᠠᠮᠢᠷ ᠤᠨ ᠴᠤᠭᠯᠠᠭᠠᠨ ᠨᠢ ᠨᠢᠭᠡ ᠵᠦᠢᠯ ᠤᠨ ᠶᠡᠷᠦᠩᠬᠡᠶᠢᠯᠡᠭᠰᠡᠨ ᠴᠢᠨᠠᠷᠲᠠᠶ ᠪᠡᠶ᠎ᠡ ᠶᠢᠨ ᠲᠠᠮᠢᠷ ᠤᠨ | ᠤᠷᠤᠯᠳᠤᠭᠠᠨ ᠪᠣᠯᠤᠭᠰᠠᠨ ᠤ ᠬᠤᠪᠢ ᠳᠤ᠂ ᠭᠦᠶᠦᠬᠦ᠂ ᠬᠤᠯᠠ ᠦᠰᠦᠷᠬᠦ᠂ ᠰᠢᠳᠡᠬᠦ ᠵᠡᠷᠭᠡ ᠣᠯᠠᠨ ᠵᠦᠢᠯᠡᠰ ᠢ | ᠬᠠᠮᠤᠷᠴᠤ᠂ ᠠᠳᠠᠯᠢ ᠪᠤᠰᠤ ᠬᠥᠳᠡᠯᠭᠡᠭᠡᠨ ᠤ ᠣᠨᠴᠠ ᠴᠢᠳᠠᠪᠤᠷᠢ ᠲᠠᠢ ᠰᠤᠷᠤᠭᠴᠢᠳ ᠤᠨ ᠤᠷᠮ᠎ᠠ ᠰᠡᠳᠬᠢᠯ ᠢ | ᠳᠠᠲᠠᠵᠤ᠂ ᠬᠥᠳᠡᠯᠭᠡᠭᠡᠨ ᠳᠤ ᠣᠷᠤᠯᠴᠠᠭᠤᠯᠤᠭᠰᠠᠨ ᠪᠠᠶᠢᠨ᠎ᠡ᠃ ᠳᠤᠰ ᠤᠳᠠᠭᠠᠨ ᠤ ᠤᠷᠤᠯᠳᠤᠭᠠᠨ ᠨᠢ | ᠰᠤᠷᠤᠭᠴᠢᠳ ᠲᠤ ᠥᠪᠡᠷ ᠢ ᠪᠠᠨ ᠳᠡᠯᠭᠡᠨ ᠦᠵᠡᠭᠦᠯᠬᠦ᠂ ᠦᠷᠢᠰᠦᠯᠳᠥᠭᠦ ᠲᠠᠪᠴᠠᠩ ᠬᠠᠩᠭᠠᠭᠰᠠᠨ ᠢᠶᠠᠷ ᠪᠠᠷᠠᠬᠤ | ᠦᠭᠡᠶ ᠪᠠᠰᠠ ᠪᠡᠶ᠎ᠡ ᠶᠢᠨ ᠲᠠᠮᠢᠷ ᠤᠨ ᠬᠥᠳᠡᠯᠭᠡᠭᠡᠨ ᠳᠠᠬᠢ ᠬᠠᠯᠠᠭᠤᠨ ᠰᠡᠳᠬᠢᠯᠭᠡ ᠶᠢ ᠨᠢ ᠬᠥᠭᠵᠢᠭᠡᠵᠦ᠂ ᠡᠳᠦᠷ | ᠲᠤᠲᠤᠮ ᠤᠨ ᠰᠤᠷᠤᠯᠴᠠᠯᠭ᠎ᠠ ᠶᠢᠨ ᠳᠤᠮᠳᠠ ᠪᠠᠨ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠨᠡᠩ | ᠰᠠᠨᠠᠭᠠᠴᠢᠯᠠᠭ᠎ᠠ ᠠᠴᠠ ᠪᠠᠨ ᠣᠷᠣᠯᠴᠠᠬᠤ ᠶᠢ ᠠᠬᠢᠭᠤᠯᠵᠤ᠂ ᠰᠠᠶᠢᠨ ᠰᠠᠶᠢᠬᠠᠨ ᠪᠡᠶ᠎ᠡ ᠶᠢᠨ ᠲᠠᠮᠢᠷ ᠬᠢᠭᠦ ᠳᠠᠳᠬᠠᠯ ᠲᠠᠢ | ᠪᠣᠯᠭᠠᠬᠤ ᠪᠣᠯᠤᠨ᠎ᠠ᠃ ᠬᠠᠮᠤᠭ ᠤᠨ ᠰᠡᠭᠦᠯ ᠳᠤ᠂ ᠲᠤᠰ ᠤᠳᠠᠭ᠎ᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ | ᠰᠤᠷᠤᠭᠴᠢᠳ ᠤᠨ ᠬᠦᠨᠳᠦ ᠬᠦᠩᠭᠡᠨ ᠪᠡᠶ᠎ᠡ ᠶᠢᠨ ᠲᠠᠮᠢᠷ ᠤᠨ ᠴᠤᠭᠯᠠᠭᠠᠨ ᠤ ᠲᠡᠭᠦᠰ ᠠᠮᠵᠢᠯᠲᠠ ᠤᠯᠬᠤ ᠶᠢ ᠢᠷᠥᠭᠡᠶ᠎ᠡ | ︕ | ᠡᠬᠢᠯᠡᠯᠲᠡ ᠶᠢᠨ ᠶᠣᠰᠣᠯᠠᠯ ᠳᠠᠭᠤᠰᠤᠭᠰᠠᠨ ᠤ ᠳᠠᠷᠠᠭ᠎ᠠ᠂ ᠡᠯ᠎ᠡ ᠰᠤᠷᠤᠯᠭ᠎ᠠ ᠶᠢᠨ ᠱᠠᠲᠤᠨ ᠤ ᠡᠷᠡᠭᠲᠡᠶ | ᠡᠮᠡᠭᠲᠡᠶ ᠶᠢᠨ 800 ᠮᠧᠲᠷ ᠬᠦᠶᠦᠭᠦ ᠰᠢᠢᠳᠪᠦᠷᠢᠲᠦ ᠤᠷᠤᠯᠳᠤᠭᠠᠨ᠂ 100 ᠮᠧᠲᠷ ᠭᠦᠶᠦᠭᠦ ᠪᠡᠯᠡᠳᠬᠡᠯ | ᠤᠷᠤᠯᠳᠤᠭᠠᠨ ᠵᠢᠴᠢ ᠳᠥᠷᠪᠡᠨ ᠵᠦᠢᠯ ᠤᠨ ᠪᠦᠷᠢᠨ ᠴᠢᠳᠠᠪᠤᠷᠢ ᠶᠢᠨ ᠬᠤᠯᠠ ᠦᠰᠦᠷᠬᠦ ᠤᠷᠤᠯᠳᠤᠭᠠᠨ ᠶᠠᠪᠤᠭᠤᠯᠬᠤ | ᠪᠣᠯᠤᠨ᠎ᠠ᠃ ᠲᠣᠰ ᠤᠳᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠨᠢ ᠪᠠᠭᠰᠢ ᠰᠤᠷᠤᠭᠴᠢᠳ ᠤᠨ ᠪᠡᠶ᠎ᠡ ᠶᠢᠨ | ᠲᠠᠮᠢᠷ ᠤᠨ ᠬᠡᠪ ᠪᠣᠯᠪᠠᠰᠤᠷᠠᠯ ᠢ ᠰᠢᠯᠭᠠᠨ ᠦᠵᠡᠬᠦ ᠪᠠᠷ ᠪᠠᠷᠠᠬᠤ ᠥᠬᠡᠶ᠂ ᠨᠠᠩ ᠴᠤ ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤᠨ ᠤ ︽ᠲᠠᠪᠤᠨ ᠬᠥᠮᠦᠵᠢᠯ ᠢ ᠵᠡᠷᠭᠡ ᠪᠠᠷ ᠴᠢᠬᠤᠯᠠᠴᠢᠯᠠᠬᠤ︾ ᠶᠢ ᠠᠬᠢᠭᠤᠯᠬᠤ ᠠᠮᠢᠳᠤᠯᠢᠭ | ᠦᠢᠯᠡᠳᠦᠯᠭᠡ ᠪᠣᠯᠤᠨ᠎ᠠ᠃ ᠣᠶᠢᠯᠠᠭᠠᠭᠰᠠᠨ ᠢᠶᠠᠷ᠂ ᠲᠡᠭᠦᠰᠬᠦ ᠶᠣᠰᠣᠯᠠᠯ 6 ᠳ᠋ᠤᠭᠠᠷ ᠰᠠᠷ᠎ᠠ ᠶᠢᠨ 16 ᠤ ᠡᠳᠦᠷ | ᠶᠠᠪᠤᠭᠳᠠᠵᠤ᠂ ᠪᠦᠯᠬᠦᠮ ᠤᠨ ᠶᠡᠷᠦᠩᠬᠡᠶ ᠬᠤᠪᠢ᠂ ᠶᠣᠰᠣ ᠮᠣᠷᠠᠯ ᠬᠡᠪ ᠰᠤᠷᠲᠠᠯ ᠤᠨ ᠱᠠᠩᠨᠠᠯ ᠵᠡᠷᠭᠡ ᠣᠯᠠᠨ | ᠵᠦᠢᠯ ᠤᠨ ᠢᠷᠠᠭᠤ ᠠᠯᠳᠠᠷ ᠢ ᠰᠢᠯᠭᠠᠷᠠᠭᠤᠯᠵᠤ᠂ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠬᠢᠭᠡᠳ ᠰᠤᠷᠭᠠᠨ | ᠬᠥᠮᠦᠵᠢᠯ ᠤᠨ ᠬᠠᠶᠢᠷ᠎ᠠ ᠰᠡᠳᠬᠢᠯᠭᠡ ᠶᠢᠨ ᠳᠠᠪᠬᠤᠷ ᠳᠡᠯᠭᠡᠷᠡᠯ ᠢ ᠭᠡᠷᠡᠴᠢᠯᠡᠬᠦ ᠪᠣᠯᠤᠨ᠎ᠠ᠃ |