ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠣᠶ ᠰᠢᠭᠤᠶ ᠪᠠ ᠨᠤᠲᠤᠭ | ᠪᠡᠯᠴᠢᠭᠡᠷ ᠤᠨ ᠲᠣᠪᠴᠢᠶ᠎ᠠ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠮᠲᠤᠷᠠᠨ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠳᠠᠭᠠᠳᠬᠠᠯ ᠤᠨ ᠲᠤᠷᠰᠢᠯᠲᠠ ᠶᠢᠨ | ᠬᠡᠷᠡᠭᠵᠢᠭᠦᠯᠬᠦ ᠲᠥᠰᠦᠯ ︵2021 - 2027 ᠣᠨ︶︾ ᠢ ᠳᠠᠷᠤᠮᠠᠯᠯᠠᠨ ᠲᠠᠷᠬᠠᠭᠠᠵᠤ᠂ ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤ ᠶᠢ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠳᠠᠭᠠᠳᠬᠠᠯ ᠤᠨ | ᠲᠤᠷᠰᠢᠯᠲᠠ ᠶᠢᠨ ᠬᠤᠰᠢᠭᠤ ᠪᠣᠯᠭᠠᠬᠤ ᠪᠠᠷ ᠲᠣᠭᠲᠠᠭᠠᠵᠤ᠂ ᠳᠠᠷᠬᠠᠨ ᠰᠤᠮᠤ ᠶᠢᠨ 300 ᠲᠦᠮᠡᠨ ᠮᠥ ᠨᠤᠲᠤᠭ | ᠪᠡᠯᠴᠢᠭᠡᠷ ᠢ 2025-2027 ᠣᠨ ᠤ ᠲᠤᠷᠰᠢᠯᠲᠠ ᠶᠢᠨ ᠬᠡᠪᠴᠢᠶᠡᠨ ᠳᠤ ᠣᠷᠣᠭᠤᠯᠪᠠ᠃ | ᠮᠤᠨᠢ ᠠᠭᠤᠯᠠ ᠶᠢᠨ ᠠᠷᠤ ᠬᠤᠷᠮᠤᠶ ᠶᠢᠨ ᠴᠢᠬᠤᠯᠠ ᠠᠮᠢ ᠠᠬᠤᠶ ᠶᠢᠨ ᠬᠠᠯᠬᠠᠪᠴᠢ ᠪᠣᠯᠤᠭᠰᠠᠨ ᠤ ᠬᠤᠪᠢ ᠳᠤ | ᠂ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠨᠤᠲᠤᠭ ᠪᠡᠯᠴᠢᠭᠡᠷ ᠤᠨ ᠲᠠᠯᠠᠪᠠᠶ 2378.54 ᠲᠦᠮᠡᠨ | ᠮᠥ ᠳᠤ ᠬᠦᠷᠦᠭᠰᠡᠨ ᠪᠣᠯᠪᠠᠴᠤ ᠣᠷᠳᠣ ᠬᠤᠭᠤᠴᠠᠭ᠎ᠠ ᠪᠠᠷ ᠭᠠᠩ ᠬᠠᠭᠤᠷᠠᠶ ᠪᠣᠷᠣᠭᠠᠨ ᠪᠠᠭ᠎ᠠ᠂ ᠰᠠᠯᠬᠢ ᠰᠢᠭᠤᠷᠭ᠎ᠠ | ᠣᠯᠠᠰᠢᠷᠠᠭᠰᠠᠨ ᠵᠡᠷᠭᠡ ᠥᠷᠢᠰᠥᠯᠳᠦᠭᠡᠨ ᠳᠤ ᠲᠤᠯᠭᠠᠷᠠᠵᠤ᠂ ᠬᠡᠰᠡᠭ ᠭᠠᠵᠠᠷ ᠣᠷᠣᠨ ᠤ ᠨᠤᠲᠤᠭ ᠪᠡᠯᠴᠢᠭᠡᠷ | ᠮᠠᠭᠤᠳᠠᠵᠤ ᠡᠯᠡᠰᠦᠷᠬᠡᠭᠵᠢᠭᠰᠡᠨ ᠪᠠᠶᠢᠳᠠᠯ ᠬᠦᠨᠳᠦ ᠨᠣᠴᠢᠲᠠᠶ ᠪᠠᠶᠢᠨ᠎ᠠ᠃ ᠨᠤᠲᠤᠭ ᠪᠡᠯᠴᠢᠭᠡᠷ ᠤᠨ ᠳᠠᠭᠠᠳᠬᠠᠯ ᠢ | ᠣᠷᠣᠭᠤᠯᠤᠨ ᠠᠪᠴᠢᠷᠠᠵᠤ᠂ ᠪᠠᠶᠢᠭᠠᠯᠢ ᠶᠢᠨ ᠭᠠᠮᠰᠢᠭ ᠤᠨ ᠬᠤᠬᠢᠷᠠᠯ ᠢ ᠮᠠᠯᠴᠢᠳ ᠤᠨ ᠬᠤᠪᠢ ᠪᠡᠶ᠎ᠡ ᠠᠴᠠ | ᠡᠭᠦᠷᠭᠡᠯᠡᠵᠦ ᠪᠠᠶᠢᠭᠰᠠᠨ ᠠᠴᠠ ᠨᠡᠶᠢᠭᠡᠮ ᠤᠨ ᠬᠠᠮᠲᠤ ᠪᠠᠷ ᠡᠭᠦᠷᠭᠡᠯᠡᠬᠦ ᠪᠣᠯᠭᠠᠨ ᠬᠤᠪᠢᠷᠠᠭᠤᠯᠵᠤ᠂ ᠮᠠᠯᠴᠢᠳ ᠤᠨ | ᠭᠠᠮᠰᠢᠭ ᠠᠴᠠ ᠪᠣᠯᠵᠤ ᠳᠠᠬᠢᠨ ᠶᠠᠳᠠᠭᠤᠷᠠᠬᠤ ᠲᠦᠭᠰᠢᠭᠦᠷᠢ ᠶᠢ ᠪᠠᠭᠠᠰᠬᠠᠬᠤ ᠶᠢᠨ ᠬᠠᠮᠲᠤ ᠠᠵᠤ ᠠᠬᠤᠶ ᠶᠢᠨ | ᠬᠥᠰᠢᠭᠦᠷᠭᠡ ᠪᠠᠷ ᠳᠠᠮᠵᠢᠭᠤᠯᠤᠨ ᠮᠠᠯᠴᠢᠳ ᠢ ᠬᠥᠲᠥᠯᠥᠨ ᠵᠢᠯᠣᠭᠤᠳᠴᠤ ᠪᠠᠶᠢᠭᠠᠳ ᠮᠠᠯ ᠪᠡᠯᠴᠢᠭᠡᠷ ᠢ | ᠲᠡᠩᠴᠡᠭᠦᠷᠢ ᠲᠠᠢ ᠪᠠᠶᠢᠯᠭᠠᠬᠤ ᠲᠥᠷᠥ ᠶᠢᠨ ᠪᠣᠳᠣᠯᠭ᠎ᠠ ᠶᠢ ᠰᠠᠨᠠᠭᠠᠴᠢᠯᠠᠭ᠎ᠠ ᠠᠴᠠ ᠪᠠᠨ ᠵᠢᠷᠤᠮᠯᠠᠭᠤᠯᠵᠤ᠂ ᠨᠤᠲᠤᠭ | ᠪᠡᠯᠴᠢᠭᠡᠷ ᠤᠨ ᠠᠮᠢ ᠠᠬᠤᠶ ᠶᠢᠨ ᠥᠪᠡᠷ ᠢ ᠪᠠᠨ ᠰᠡᠷᠭᠦᠭᠡᠬᠦ ᠶᠢ ᠲᠦᠯᠬᠢᠨ ᠠᠬᠢᠭᠤᠯᠤᠨ᠎ᠠ᠃ | ᠣᠶᠢᠯᠠᠭᠠᠭᠰᠠᠨ ᠢᠶᠠᠷ᠂ ᠥᠪᠥᠷ ᠮᠣᠩᠭᠤᠯ 2021 ᠣᠨ ᠡᠴᠠᠨᠤᠲᠤᠭ ᠪᠡᠯᠴᠢᠭᠡᠷ ᠤᠨ ᠳᠠᠭᠠᠳᠬᠠᠯ ᠤᠨ | ᠲᠤᠷᠰᠢᠯᠲᠠ ᠶᠢ ᠥᠷᠨᠢᠭᠦᠯᠵᠥ᠂ ᠨᠢᠭᠡᠨᠲᠡ 3800 ᠲᠦᠮᠡᠨ ᠮᠥ ᠨᠤᠲᠤᠭ ᠪᠡᠯᠴᠢᠭᠡᠷ ᠲᠤ 24 ᠳ᠋ᠦᠩᠰᠢᠭᠤᠷ | ᠲᠥᠭᠦᠷᠢᠭ ᠤᠨ ᠲᠦᠭᠰᠢᠭᠦᠷᠢ ᠶᠢᠨ ᠪᠠᠲᠤᠯᠠᠭ᠎ᠠ ᠬᠠᠩᠭᠠᠪᠠ᠃ ᠳᠠᠷᠠᠭᠠᠴᠢ ᠶᠢᠨ ᠠᠯᠬᠤᠮ ᠳᠤ᠂ ᠳᠠᠷᠬᠠᠨ ᠮᠤᠤᠮᠢᠩᠭᠠᠨ | ᠬᠤᠯᠪᠤᠭᠠᠳᠤ ᠬᠤᠰᠢᠭᠤ ᠳᠠᠭᠠᠳᠬᠠᠯ ᠪᠣᠯᠤᠨ ᠨᠡᠭᠦᠷᠡᠰᠦᠲᠥ᠋ᠷᠥᠭᠴᠢ ᠶᠢ ᠰᠢᠩᠭᠡᠭᠡᠨ ᠠᠪᠴᠤ ᠠᠷᠠᠯᠵᠢᠶᠠᠯᠠᠬᠤ᠂ ᠠᠮᠢ | ᠠᠬᠤᠢ ᠶᠢᠨ ᠨᠥᠬᠦᠪᠥᠷᠢ ᠥᠭᠬᠦ ᠵᠡᠷᠭᠡ ᠲᠣᠭᠲᠠᠴᠠ ᠶᠢᠨ ᠭᠦᠨᠵᠡᠭᠡᠢ ᠠᠭᠤᠰᠤᠯᠴᠠᠯ ᠢ ᠰᠦᠪᠡᠭᠴᠢᠯᠡᠵᠦ᠂ ︽ᠠᠶᠤᠯ | ᠲᠦᠭᠰᠢᠭᠦᠷᠢ ᠶᠢ ᠤᠷᠢᠳᠴᠢᠯᠠᠨ ᠰᠡᠷᠭᠡᠶᠢᠯᠡᠬᠦ - ᠠᠮᠢ ᠠᠬᠤᠢ ᠶᠢ ᠰᠡᠷᠭᠦᠭᠡᠬᠦ - ᠠᠵᠤ ᠦᠢᠯᠡᠰ ᠤᠨ ᠦᠷᠳᠡᠭ | ᠨᠡᠮᠡᠭᠳᠡᠭᠦᠯᠬᠦ︾ ᠰᠠᠶᠢᠨ ᠣᠷᠴᠢᠯ ᠢ ᠪᠠᠶᠢᠭᠤᠯᠵᠤ᠂ ᠡᠬᠡ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ | ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠬᠦᠴᠦᠨ ᠴᠢᠳᠠᠯ ᠢᠶᠠᠨ ᠡᠷᠭᠦᠨ᠎ᠡ᠃ | |