︽ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠤᠨ ᠴᠤᠭ ᠵᠢᠪᠬᠤᠭ᠎ᠠ ᠶᠢ ᠪᠠᠳᠠᠷᠠᠭᠤᠯᠤᠶ᠎ᠠ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠯᠠᠭᠠᠨᠮᠥ᠋ᠴᠢᠷ ᠥᠪᠡᠷᠲᠡᠭᠡᠨ ᠵᠠᠰᠠᠬᠤ ᠣᠷᠣᠨ ᠤ ᠤᠷᠠᠯᠢᠭ ᠤᠨ ᠨᠠᠶᠢᠷ ᠲᠤ ᠪᠠᠴᠢᠮ ᠶᠠᠭᠠᠷᠠᠯᠲᠠᠢ ᠪᠡᠯᠡᠳᠬᠡᠵᠦ ᠪᠠᠶᠢᠨ᠎ᠠ
ᠨᠡᠶᠢᠲᠡᠯᠡᠭᠰᠡᠨ ᠴᠠᠭ᠄
2025/6/17
      ᠠᠷᠪᠠᠳᠤᠭᠠᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠤᠯᠠᠭᠠᠨᠮᠥ᠋ᠴᠢᠷ ᠤᠨ ᠤᠷᠠᠯᠢᠭ ᠤᠨ ᠨᠠᠶᠢᠷ ᠣᠶᠢᠷᠠᠳᠬᠤ ᠶᠢ ᠳᠠᠭᠠᠯᠳᠤᠨ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠯᠠᠭᠠᠨᠮᠥ᠋ᠴᠢᠷ ᠤᠨ ᠪᠦᠬᠦ ᠠᠵᠢᠯᠳᠡᠨ ᠣᠷᠭᠢᠯᠤᠮ᠎ᠠ ᠬᠠᠯᠠᠭᠤᠨ ᠰᠡᠳᠬᠢᠯᠭᠡ ᠪᠠᠷ ᠪᠡᠯᠡᠳᠬᠡᠯ ᠠᠵᠢᠯ ᠬᠢᠵᠥ᠂ ᠰᠣᠳᠣᠨ ᠲᠣᠭᠯᠠᠯᠲᠠ ᠪᠠᠷ ᠳᠠᠮᠵᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠣᠶᠣᠯ ᠤᠨ ᠷᠢᠳᠢ ᠰᠢᠳᠢ ᠶᠢ ᠢᠯᠡᠷᠡᠭᠦᠯᠬᠦ ᠪᠠᠷ ᠴᠢᠷᠮᠠᠶᠢᠵᠤ ᠪᠠᠶᠢᠨ᠎ᠡ᠃      ᠬᠦᠨᠵᠡᠭᠡᠢ ᠵᠣᠬᠢᠶᠠᠨ ᠪᠦᠲᠦᠭᠡᠬᠦ᠄ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠱᠤᠭᠤᠮ ᠢ ᠭᠠᠵᠠᠷ ᠣᠷᠣᠨ ᠤ ᠣᠨᠴᠠᠯᠢᠭ ᠲᠠᠢ ᠠᠭᠤᠰᠣᠯᠴᠠᠭᠤᠯᠤᠨ᠎ᠠ      ᠪᠦᠯᠬᠦᠮ ᠤᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠵᠣᠬᠢᠶᠠᠨ ᠪᠦᠲᠦᠭᠡᠬᠦ ᠭᠤᠣᠯ ᠰᠢᠵᠢᠮ ᠪᠣᠯᠭᠠᠵᠤ᠂ ᠲᠠᠷᠬᠠᠨ ᠮᠤᠤᠮᠢᠩᠭᠠᠨ ᠤ ᠲᠡᠦᠬᠡ ᠰᠣᠶᠣᠯ᠂ ᠠᠷᠠᠳ ᠤᠨ ᠵᠠᠩ ᠳᠠᠳᠬᠠᠯ ᠵᠢᠴᠢ ᠰᠢᠨ᠎ᠡ ᠴᠠᠭ ᠦᠶ᠎ᠡ ᠶᠢᠨ ᠬᠥᠭᠵᠢᠯᠲᠡ ᠶᠢᠨ ᠠᠮᠵᠢᠯᠲᠠ ᠶᠢ ᠭᠦᠨᠵᠡᠭᠡᠢ ᠠᠭᠤᠳᠠᠯᠵᠤ ᠂ ᠲᠠᠯ᠎ᠠ ᠨᠤᠲᠤᠭ ᠤᠨ ᠰᠣᠶᠣᠯ ᠤᠨ ᠡᠯᠧᠮᠧᠨ᠋ᠲ ᠪᠣᠯᠤᠨ ᠴᠠᠭ ᠦᠶ᠎ᠡ ᠶᠢᠨ ᠵᠣᠷᠢᠭ ᠰᠠᠨᠠᠭ᠎ᠠ ᠶᠢ ᠳᠣᠭᠯᠠᠯᠳᠡ ᠳᠤ ᠪᠠᠨ ᠠᠭᠤᠰᠤᠯᠴᠠᠭᠤᠯᠵᠤ᠂ ᠤᠷᠠᠯᠢᠭ ᠤᠨ ᠥᠨᠳᠦᠷᠴᠡ ᠪᠠ ᠦᠵᠡᠯ ᠰᠠᠨᠠᠭᠠᠨ ᠤ ᠬᠥᠨᠵᠡᠭᠡᠶᠢᠷᠡᠯ ᠲᠠᠢ ᠤᠷᠠᠯᠢᠭ ᠶᠢᠨ ᠪᠦᠲᠦᠭᠡᠯ ᠢ ᠵᠣᠬᠢᠶᠠᠨ ᠪᠥᠳᠦᠭᠡᠨ᠎ᠡ᠃      ᠨᠠᠷᠢᠯᠢᠭ ᠰᠡᠳᠬᠢᠵᠥ ᠨᠢᠮᠪᠠᠢ ᠠᠵᠢᠯᠯᠠᠬᠤ᠄ ᠣᠯᠠᠨ ᠡᠰᠢᠲᠦ ᠤᠷᠠᠯᠢᠭ ᠤᠨ ᠬᠡᠯᠪᠡᠷᠢ ᠪᠠᠷ ᠰᠣᠳᠣᠨ ᠪᠦᠲᠦᠭᠡᠯ ᠭᠠᠷᠭᠠᠨ᠎ᠠ      ᠤᠳᠤᠷᠢᠳᠣᠭᠴᠢ ᠶᠢᠨ ᠳᠣᠭᠤᠶᠢᠯᠠᠩ ᠨᠢ ᠳᠣᠭᠯᠠᠯᠴᠢᠳ ᠲᠠᠢ ᠪᠦᠵᠢᠭ᠂ ᠳᠠᠭᠤᠣ᠂ ᠬᠦᠭᠵᠢᠮᠳᠡᠭᠦᠷ ᠬᠥᠭᠵᠢᠮᠳᠡᠭᠦ᠂ ᠬᠤᠯᠪᠣᠭ᠎ᠠ ᠵᠡᠷᠭᠡ ᠲᠠᠯ᠎ᠠ ᠪᠠᠷ ᠳᠠᠬᠢᠨ ᠳᠠᠪᠲᠠᠨ ᠵᠥᠪᠳᠡᠯᠴᠡᠵᠥ᠂ ᠬᠦᠳᠡᠯᠬᠡᠬᠡᠨ ᠤ ᠵᠢᠷᠤᠭ ᠲᠦᠯᠦᠪᠯᠡᠭᠡ᠂ ᠬᠦᠭ ᠠᠶᠠᠰ ᠤᠨ ᠨᠠᠶᠢᠷᠠᠭᠤᠯᠣᠯᠳᠠ ᠠᠴᠠ ᠲᠠᠶᠢᠰᠠ ᠶᠢᠨ ᠳᠣᠬᠢᠷᠠᠭᠤᠯᠤᠯᠳᠡ ᠪᠤᠯᠳᠠᠯ᠎ᠡ ᠨᠠᠷᠢᠯᠢᠭ ᠣᠷᠤᠯᠳᠤᠵᠤ᠂ ᠣᠯᠠᠨ ᠶᠠᠩᠵᠤ ᠶᠢᠨ ᠤᠷᠠᠯᠢᠭ ᠤᠨ ᠬᠡᠯᠪᠡᠷᠢ ᠪᠠᠶᠢᠳᠠᠯ ᠢᠶᠠᠷ ᠳᠠᠷᠬᠠᠨ ᠮᠤᠤᠮᠢᠩᠭᠠᠨ ᠤ ᠲᠠᠩᠰᠤᠭ ᠰᠠᠶᠢᠬᠠᠨ ᠰᠣᠶᠣᠯ ᠤᠨ ᠠᠮᠢᠳᠤᠷᠠᠯ ᠪᠠ ᠭᠡᠰᠢᠭᠦᠳ ᠤᠨ ᠲᠤᠰᠬᠠᠶ ᠮᠡᠷᠭᠡᠵᠢᠯ ᠤᠨ ᠦᠨᠳᠦᠰᠦᠨ ᠪᠣᠯᠪᠠᠰᠤᠷᠠᠯ ᠢ ᠢᠯᠡᠷᠡᠭᠦᠯᠪᠡ᠃      ᠪᠠᠭᠰᠢ ᠵᠠᠯᠠᠨ ᠴᠢᠳᠠᠪᠤᠷᠢ ᠪᠠᠨ‌‍ᠲ᠋ᠡᠭᠡᠭᠰᠢᠯᠡᠭᠦᠯᠬᠦ᠄ ᠲᠤᠰᠬᠠᠶ ᠮᠡᠷᠭᠡᠵᠢᠯᠲᠡᠨ ᠤ ᠵᠢᠭᠠᠨ ᠵᠢᠯᠤᠭᠤᠳᠤᠯᠭ᠎ᠠ ᠪᠠᠷ ᠤᠷᠠᠯᠢᠭ ᠤᠨ ᠢᠯᠡᠷᠡᠭᠦᠯᠬᠦ ᠬᠦᠴᠦᠨ ᠢ ᠴᠢᠩᠭᠠᠳᠬᠠᠨ᠎ᠠ      ᠣᠨᠴᠠ ᠤᠷᠢᠭᠰᠠᠨ ᠠᠵᠢᠯ ᠲᠥᠷᠥᠯ ᠤᠨ ᠲᠤᠰᠬᠠᠶ ᠮᠡᠷᠭᠡᠵᠢᠯᠲᠡᠨ ᠲᠤᠬᠠᠶ ᠶᠢᠨ ᠲᠠᠯᠠᠪᠤᠷ ᠲᠤ ᠢᠷᠡᠵᠥ ᠵᠢᠭᠠᠨ ᠵᠢᠯᠣᠭᠤᠳᠴᠤ᠂ ᠭᠡᠰᠢᠭᠦᠳ ᠳᠠᠷᠤᠤ ᠬᠢᠴᠢᠶᠡᠩᠭᠦᠶ ᠪᠠᠷ ᠲᠤᠰᠬᠠᠶ ᠮᠡᠷᠭᠡᠵᠢᠯ ᠤᠨ ᠰᠠᠨᠠᠭᠤᠯᠭ᠎ᠠ ᠶᠢ ᠬᠦᠯᠢᠶᠡᠨ ᠠᠪᠴᠤ᠂ ᠲᠣᠭᠯᠠᠯᠲᠠ ᠶᠢᠨ ᠨᠠᠷᠢᠨ ᠵᠦᠢᠯᠡᠰ ᠪᠠ ᠤᠷᠠᠯᠢᠭ ᠤᠨ ᠢᠯᠡᠳᠬᠡᠬᠦ ᠲᠠᠯ᠎ᠠ ᠪᠠᠷ ᠦᠷᠭᠦᠯᠵᠢᠯᠡᠨ ᠨᠠᠷᠢᠯᠢᠭᠵᠢᠵᠤ᠂ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ ᠢᠯᠡᠳᠲᠡ ᠳᠡᠭᠡᠭᠰᠢᠯᠡᠪᠡ᠃ ᠡᠭᠦᠨ ᠤ ᠬᠠᠮᠲᠤ᠂ ᠪᠦᠯᠬᠦᠮ ᠨᠡᠶᠢᠲᠡ ᠶᠢᠨ ᠬᠢᠨ ᠬᠠᠮᠵᠢᠯᠴᠠᠬᠤ ᠵᠣᠷᠢᠭ ᠰᠠᠨᠠᠭ᠎ᠠ ᠪᠠᠨ ᠢᠮᠠᠭᠲᠠ ᠪᠠᠷᠢᠮᠲᠠᠯᠠᠵᠤ᠂ ᠪᠣᠯᠪᠠᠰᠤᠷᠠᠯ ᠪᠣᠯᠤᠨ ᠠᠮᠢᠳᠤᠷᠠᠯ ᠤᠨ ᠳᠤᠮᠳᠠ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠬᠦ ᠬᠠᠮᠲᠤ ᠶᠢᠨ ᠬᠦᠴᠦᠨ ᠢ ᠨᠢᠭᠲᠠᠷᠠᠭᠤᠯᠪᠠ᠃      ᠲᠣᠰ ᠤᠳᠠᠭᠠᠨ ᠤ ᠤᠷᠠᠯᠢᠭ ᠤᠨ ᠨᠠᠶᠢᠷ ᠪᠣᠯ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠯᠠᠭᠠᠨᠮᠥ᠋ᠴᠢᠷ ᠤᠨ ᠤᠷᠠᠯᠢᠭ ᠤᠨ ᠦᠷ᠎ᠡ ᠪᠦᠲᠦᠭᠡᠯ ᠢᠶᠠᠨ ᠳᠡᠯᠭᠡᠨ ᠦᠵᠡᠭᠦᠯᠬᠦ ᠠᠵᠠ ᠲᠣᠬᠢᠶᠠᠯ ᠪᠣᠯᠬᠤ ᠪᠥᠭᠡᠳ ᠨᠠᠩ ᠴᠤ ᠦᠨᠳᠦᠰᠦᠲᠡᠨ ᠤ ᠰᠣᠶᠣᠯ ᠢ ᠤᠯᠠᠮᠵᠢᠯᠠᠨ ᠵᠠᠯᠭᠠᠮᠵᠢᠯᠠᠬᠤ ᠡᠭᠦᠷᠭᠡ ᠬᠠᠷᠢᠭᠤᠴᠠᠯᠭ᠎ᠠ ᠪᠣᠯᠤᠨ᠎ᠠ᠃ ᠲᠡᠳᠡ ᠪᠤᠭᠤᠲᠤ ᠬᠤᠲᠠ ᠶᠢ ᠲᠥᠯᠥᠭᠡᠯᠡᠵᠦ ᠤᠷᠠᠨ ᠨᠠᠷᠢᠯᠢᠭ ᠤᠷ᠎ᠠ ᠮᠡᠷᠭᠡᠵᠢᠯ ᠢᠶᠠᠷ ᠢᠶᠠᠨ ᠲᠠᠶᠢᠰᠠᠨ ᠳᠤ ᠭᠠᠷᠴᠤ᠂ ︽ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠤᠨ ᠲᠤᠭ ᠢ ᠰᠢᠨ᠎ᠡ ᠴᠠᠭ ᠦᠶ᠎ᠡ ᠶᠢᠨ ᠰᠣᠶᠣᠯ ᠤᠨ ᠲᠠᠪᠴᠠᠩ ᠳᠤ ᠥᠨᠳᠥᠷ ᠮᠠᠨᠳᠤᠭᠤᠯᠵᠤ᠂ ᠦᠵᠡᠭᠴᠢᠳ ᠲᠤ ᠲᠠᠯ᠎ᠠ ᠨᠤᠲᠤᠭ ᠤᠨ ᠵᠠᠩ ᠦᠢᠯᠡ ᠪᠠᠷ ᠪᠢᠯᠬᠠᠭᠰᠠᠨ ᠰᠣᠶᠣᠯ ᠤᠨ ᠦᠪᠡᠳᠡᠭᠰᠢ ᠨᠠᠶᠢᠷ ᠢ ᠬᠦᠷᠭᠡᠬᠦ ᠪᠣᠯᠣᠨ᠎ᠡ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号