ᠣᠶᠢᠷ᠎ᠠ ᠳᠤ᠂ ᠥᠪᠥᠷ ᠮᠣᠩᠭᠤᠯ ᠤᠨ ᠲᠠᠷᠢᠶᠠᠯᠠᠩ ᠰᠣᠶᠣᠯ ᠵᠢᠭᠤᠯᠴᠢᠯᠠᠯ ᠤᠨ ᠨᠡᠭᠡᠭᠡᠨ ᠬᠥᠭᠵᠢᠭᠦᠯᠦᠯᠲᠡ ᠶᠢᠨ | ᠪᠦᠲᠦᠭᠡᠨ ᠪᠠᠶᠢᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ ᠳᠠᠷᠬᠠᠨ ᠬᠤᠪᠢᠶᠠᠷᠢ ᠺᠣᠮᠫᠠᠨᠢ ᠠᠴᠠ ᠪᠠᠶᠠᠷ ᠤᠨ ᠴᠢᠮᠡᠭᠡ | ᠤᠯᠠᠮᠵᠢᠯᠠᠭᠳᠠᠨ ᠢᠷᠡᠵᠦ᠂ ᠲᠡᠳᠡᠨ ᠤ ᠨᠡᠷ᠎ᠡ ᠲᠡᠭᠡᠷᠡᠬᠢ ᠦᠬᠡᠷ ᠤᠨ ᠮᠢᠬ᠎ᠠ᠂ ᠬᠤᠨᠢᠨ ᠮᠢᠬᠠᠨ ᠤ ᠰᠢᠷᠢᠰ | ᠦᠢᠯᠡᠳᠭᠦᠨ ᠤ ᠳᠣᠲᠣᠷᠠᠬᠢ 39 ᠦᠢᠯᠡᠳᠬᠦᠨ ᠨᠢ ᠵᠢᠩᠬᠢᠨᠢ ᠪᠠᠷ ᠣᠷᠭᠠᠨᠢᠭ ᠦᠢᠯᠡᠳᠬᠦᠨ ᠤ ᠭᠡᠷᠡᠴᠢᠯᠡᠯ ᠤᠨ | ᠦᠨᠡᠮᠯᠡᠯ ᠢ ᠣᠯᠵᠤ᠂ ᠲᠣᠰ ᠤᠳᠠᠭᠠᠨ ᠤ ᠭᠡᠷᠡᠴᠢᠯᠡᠯ ᠤᠨ ᠣᠷᠭᠠᠨᠢᠭ ᠦᠢᠯᠡᠳᠬᠦᠨ ᠨᠡᠶᠢᠲᠡ 70 ᠪᠣᠯᠪᠠ᠃ | ᠲᠣᠰ ᠤᠳᠠᠭᠠᠨ ᠤ ᠣᠷᠭᠠᠨᠢᠭ ᠦᠢᠯᠡᠳᠬᠦᠨ ᠤ ᠦᠨᠡᠮᠯᠡᠯ ᠭᠥᠷᠳᠡᠭᠰᠡᠨ ᠨᠢ ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤᠨ ᠤ ᠮᠠᠯ ᠤᠨ ᠠᠰᠢᠭ ᠰᠢᠮ᠎ᠡ ᠶᠢᠨ ᠵᠠᠬ᠎ᠠ ᠳᠡᠯᠭᠡᠭᠦᠷ ᠤᠨ ᠥᠷᠢᠰᠥᠯᠳᠦᠬᠦ ᠬᠦᠴᠦᠨ ᠢ ᠤᠯᠠᠮ | ᠨᠢᠭᠡ ᠠᠯᠬᠤᠮ ᠳᠡᠭᠡᠭᠰᠢᠯᠡᠭᠦᠯᠵᠦ᠂ ᠨᠠᠩ ᠥᠷᠭᠡᠨ ᠳᠡᠯᠭᠡᠷ ᠵᠠᠬ᠎ᠠ ᠳᠡᠯᠭᠡᠭᠦᠷ ᠢ ᠨᠡᠭᠡᠭᠡᠵᠦ᠂ ᠮᠠᠯᠴᠢᠨ ᠲᠠᠷᠢᠶᠠᠴᠢᠨ ᠤ | ᠣᠷᠣᠯᠭ᠎ᠠ ᠶᠢ ᠨᠡᠮᠡᠭᠳᠡᠭᠦᠯᠬᠦ ᠳᠤ ᠬᠦᠴᠦᠨ ᠨᠡᠮᠡᠷᠢᠯᠡᠭᠰᠡᠨ ᠢᠶᠠᠷ ᠪᠠᠷᠠᠬᠤ ᠥᠬᠡᠶ᠂ ᠪᠠᠰᠠ ᠳᠡᠭᠡᠳᠦ ᠲᠠᠰ ᠤᠨ ᠵᠠᠬ᠎ᠠ | ᠳᠡᠯᠭᠡᠭᠦᠷ ᠤᠨ ᠬᠡᠷᠡᠭᠯᠡᠭᠴᠢᠳ ᠤᠨ ᠣᠯᠠᠨ ᠡᠰᠢᠵᠢᠭᠰᠡᠨ ᠬᠡᠷᠡᠭᠴᠡᠭᠡ ᠶᠢ ᠵᠣᠬᠢᠬᠤ ᠬᠡᠮᠵᠢᠶ᠎ᠡ ᠪᠠᠷ ᠬᠠᠩᠭᠠᠵᠤ᠂ ᠠᠵᠤ | ᠠᠬᠤᠶᠢᠯᠠᠯ ᠤᠨ ᠨᠠᠷᠠᠲᠤ ᠲᠥᠷᠥᠯ ᠲᠡᠮᠳᠡᠭᠲᠦ ᠶᠢᠨ ᠲᠠᠰ ᠳᠡᠪᠰᠢᠬᠦ ᠪᠠ ᠣᠷᠣᠨ ᠪᠦᠰᠡ ᠶᠢᠨ ᠨᠡᠶᠢᠲᠡ ᠶᠢᠨ | ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ︽ᠳᠠᠷᠬᠠᠨ ᠮᠤᠤᠮᠢᠩᠭᠠᠨ ᠤ ᠲᠠᠯ᠎ᠠ ᠨᠤᠲᠤᠭ ᠤᠨ ᠬᠤᠨᠢ︾ ᠶᠢ | ᠲᠠᠰ ᠳᠡᠪᠰᠢᠭᠦᠯᠬᠦ ᠶᠢ ᠠᠬᠢᠭᠤᠯᠬᠤ ᠪᠤᠯᠤᠨ᠎ᠠ᠃ | ᠲᠠᠷᠠᠭᠠᠴᠢ ᠶᠢᠨ ᠠᠯᠬᠤᠮ ᠳᠤ᠂ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠲᠠᠷᠢᠶᠠᠯᠠᠩ ᠮᠠᠯ ᠠᠵᠤ | ᠠᠬᠤᠶ ᠶᠢᠨ ᠲᠣᠪᠴᠢᠶ᠎ᠠ ᠴᠢᠨᠠᠷ ᠰᠠᠶᠢᠲᠠᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ | ᠪᠤᠶᠢᠵᠢᠭᠤᠯᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠴᠢᠨᠠᠷ ᠰᠠᠶᠢᠲᠠᠶ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠲᠦᠭᠡᠭᠳᠡᠬᠦᠨ ᠤ ᠬᠠᠩᠭᠠᠯᠭ᠎ᠠ ᠶᠢᠨ ᠴᠢᠳᠠᠪᠤᠷᠢ ᠶᠢ ᠨᠡᠮᠡᠭᠳᠡᠭᠦᠯᠵᠦ᠂ ᠮᠠᠨ ᠤ ᠬᠤᠰᠢᠭᠤᠨ ᠤ | ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ᠃ |