ᠬᠢᠯᠢ ᠶᠢᠨ ᠪᠣᠭᠤᠮᠲᠠ ᠶᠢᠨ ︽  ᠬᠤᠸᠠ ᠮᠦ ᠯᠠᠨ︾  ᠨᠠᠷ  ᠬᠠᠯᠠᠮᠵᠢ ᠬᠠᠶᠢᠷ᠎ᠠ ᠪᠠᠨ ᠡᠬᠡ ᠤᠯᠤᠰ ᠲᠠᠭᠠᠨ ᠵᠣᠷᠢᠭᠤᠯᠪᠠ
ᠨᠡᠶᠢᠲᠡᠯᠡᠭᠰᠡᠨ ᠴᠠᠭ᠄
2025/6/18
      ᠬᠢᠯᠢ ᠬᠢᠵᠠᠭᠠᠷ  ᠢᠶᠠᠨ ᠲᠣᠭᠤᠷᠢᠨ ᠦᠵᠡᠵᠦ᠂ ᠲᠡᠳᠡ  ᠰᠦᠷ ᠵᠢᠪᠬᠤᠭᠠᠳᠤ ᠠᠯᠬᠤᠭ᠎ᠠ ᠪᠠᠷ ᠤᠯᠤᠰ ᠤᠨ ᠡᠬᠦᠳᠡ ᠪᠠᠨ ᠰᠠᠬᠢᠨ ᠬᠠᠮᠠᠭᠠᠯᠠᠵᠤ ︔ ᠣᠯᠠᠨ ᠲᠦᠮᠡᠨ ᠤ ᠳᠡᠷᠭᠡᠳᠡ᠂ ᠲᠡᠳᠡ ᠬᠥᠮᠦᠨ ᠤ ᠰᠡᠳᠬᠢᠯ ᠰᠠᠨᠠᠭ᠎ᠠ ᠶᠢ ᠤᠶᠢᠯᠠᠭᠠᠵᠤ᠂ ᠪᠦᠬᠦ ᠬᠦᠴᠦᠨ ᠢᠶᠠᠷ ᠢᠶᠠᠨ ᠠᠷᠠᠳ ᠤᠨ ᠵᠣᠪᠠᠨᠢᠯ ᠢ  ᠠᠷᠢᠯᠭᠠᠬᠤ ᠪᠠᠷ ᠴᠢᠷᠮᠠᠶᠢᠵᠤ ᠪᠠᠶᠢᠨ᠎ᠠ ᠁ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ  ᠮᠠᠨᠳᠤᠯ ᠪᠠᠯᠭᠠᠰᠤᠨ ᠤ ᠬᠢᠯᠢ ᠶᠢᠨ ᠱᠤᠭᠤᠮ ᠳᠤ᠂ ᠨᠢᠭᠡ ᠪᠦᠯᠦᠭ ᠡᠮᠡᠭᠲᠡᠶᠢᠴᠦᠳ ᠵᠠᠯᠠᠭᠤ ᠨᠠᠰᠤ ᠪᠠᠷ ᠦᠨᠡᠨᠴᠢ ᠰᠢᠳᠤᠷᠭᠤ ᠶᠢ ᠪᠢᠴᠢᠭᠯᠡᠵᠦ᠂ ᠡᠮᠡᠭᠲᠡᠶᠢᠴᠦᠳ ᠤᠨ ᠳᠦᠷᠢ ᠪᠠᠷ  ᠰᠠᠭᠤᠷᠢ ᠦᠩᠭᠡ ᠪᠤᠯᠭᠠᠵᠤ᠂ ᠬᠢᠯᠢ ᠶᠢᠨ ᠬᠠᠮᠠᠭᠠᠯᠠᠯᠲᠠ ᠶᠢᠨ ᠦᠢᠯᠡᠰ ᠤᠨ ᠳᠤᠮᠳᠠ ᠭᠡᠷᠡᠯ ᠭᠢᠯᠪᠠᠭ᠎ᠠ ᠪᠠᠨ ᠰᠠᠴᠤᠷᠠᠭᠤᠯᠵᠤ ︽ᠡᠮᠡᠭᠳᠠᠶᠢᠴᠤᠳ︾ ᠤᠨ ᠬᠦᠴᠦᠨ ᠴᠢᠳᠠᠯ ᠢ ᠪᠠᠳᠠᠷᠠᠭᠤᠯᠪᠠ᠃      ᠥᠷᠯᠥᠭᠡ ᠡᠷᠲᠡ᠂ ᠮᠠᠨᠳᠤᠯ ᠪᠠᠯᠭᠠᠰᠤᠨ ᠤ ᠥᠷᠭᠡᠨ ᠠᠭᠤᠳᠠᠮ ᠬᠢᠯᠢ ᠬᠢᠵᠠᠭᠠᠷ ᠤᠨ ᠲᠠᠯ᠎ᠠ ᠨᠤᠲᠤᠭ ᠲᠤ ᠡᠮᠡᠭᠲᠡᠶᠢᠴᠦᠳ ᠤᠨ ᠬᠢᠯᠢ ᠶᠢᠨ ᠬᠠᠮᠠᠭᠠᠯᠠᠯᠲᠠ ᠶᠢᠨ ᠠᠩᠭᠢ ᠶᠢᠨ ᠭᠡᠰᠢᠭᠦᠳ ᠨᠢᠭᠡᠳᠦᠯᠲᠡᠶ ᠬᠤᠪᠴᠠᠰᠤ ᠡᠮᠦᠰᠴᠦ᠂ ᠪᠠᠲᠤ ᠴᠢᠩᠭ᠎ᠠ ᠠᠯᠬᠤᠭ᠎ᠠ ᠪᠠᠷ ᠴᠠᠭᠳᠠᠨ ᠪᠠᠶᠢᠴᠠᠭᠠᠬᠤ ᠵᠠᠮ  ᠢᠶᠠᠨ ᠠᠶᠠᠯᠠᠪᠠ᠃ ᠲᠡᠳᠡ ᠬᠢᠯᠢ ᠶᠢᠨ ᠬᠥᠰᠢᠶ᠎ᠡ ᠬᠠᠷᠠᠭᠤᠯ ᠤᠨ ᠭᠠᠵᠠᠷ ᠢᠶᠠᠷ ᠰᠦᠯᠵᠢᠯᠳᠦᠵᠦ᠂ ᠵᠠᠮ ᠤᠨ ᠡᠩᠬᠦᠯ ᠳᠤᠩᠬᠤᠯ ᠠᠴᠠ ᠠᠶᠤᠬᠤ ᠦᠭᠡᠶ᠂ ᠡᠮᠡᠭᠲᠡᠶᠢᠴᠦᠳ ᠤᠨ ᠨᠠᠷᠢᠨ ᠨᠢᠮᠪᠠᠢ᠂ ᠬᠦᠯᠢᠴᠡᠩᠭᠦᠶ ᠪᠠᠶᠢᠬᠤ ᠳᠠᠪᠠᠭᠤᠯᠢᠭ ᠢᠶᠠᠨ ᠪᠠᠳᠠᠷᠠᠭᠤᠯᠤᠨ᠂ ᠬᠢᠯᠢ ᠶᠢᠨ ᠪᠠᠶᠢᠳᠠᠯ ᠢ ᠠᠵᠢᠭᠯᠠᠵᠤ᠂ ᠬᠡᠪ ᠤᠨ ᠪᠤᠰᠤ ᠪᠠᠶᠢᠳᠠᠯ ᠢ ᠨᠠᠷᠢᠨ ᠬᠢᠨᠠᠮᠠᠭᠠᠶ ᠲᠡᠮᠳᠡᠭᠯᠡᠨ᠎ᠡ᠃ ᠲᠡᠳᠡ ᠪᠣᠯ ᠬᠢᠯᠢ ᠶᠢᠨ ᠱᠤᠭᠤᠮ ᠳᠡᠭᠡᠷᠡᠬᠢ ︽ᠨᠡᠭᠦᠳᠡᠯ ᠬᠠᠷᠠᠭᠤᠯ︾᠂ ᠮᠠᠯᠵᠢᠬᠤ ᠣᠷᠣᠨ ᠤ ᠠᠮᠤᠷ ᠲᠣᠭᠲᠠᠭᠤᠨ ᠤ ︽ᠬᠠᠮᠠᠭᠠᠯᠠᠭᠴᠢ︾ ᠂ ᠬᠢᠯᠢ ᠶᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ ᠳᠤ ᠤᠶᠠᠨ ᠬᠠᠳᠠᠨ ᠬᠦᠴᠦᠨ ᠨᠡᠮᠡᠷᠢᠯᠡᠪᠡ᠃ ︽ᠮᠢᠨᠦ ᠦᠵᠡᠬᠦ ᠪᠠᠷ ᠲᠦᠢᠯ ᠤᠨ ᠢᠷᠠᠭᠤ ᠠᠯᠳᠠᠷᠲᠠᠶ᠂ ᠬᠡᠳᠦ᠋ᠢᠪᠡᠷ ᠣᠷᠴᠢᠨ ᠲᠣᠭᠤᠷᠢᠨ ᠬᠠᠲᠠᠭᠤᠵᠢᠯᠲᠠᠶ ᠪᠣᠯᠪᠠᠴᠤ᠂  ᠪᠢᠳᠠᠨ ᠤ ᠡᠭᠦᠷᠭᠡᠯᠡᠵᠦ ᠪᠠᠶᠢᠭ᠎ᠠ ᠬᠠᠷᠢᠭᠤᠴᠠᠯᠭ᠎ᠠ ᠬᠦᠨᠳᠦ ᠮᠥᠷᠲᠡᠭᠡᠨ ᠪᠠᠰᠠ ᠬᠢᠯᠢ ᠬᠠᠮᠠᠭᠠᠯᠠᠭᠴᠢ ᠶᠢᠨ ᠡᠨᠡᠬᠦ ᠠᠵᠢᠯ ᠤᠨ ᠴᠢᠬᠤᠯᠠ ᠠᠴᠢ ᠬᠤᠯᠪᠣᠭᠳᠠᠯ ᠢ ᠲᠠᠨᠢᠵᠤ ᠣᠯᠪᠠ᠃ ᠬᠤᠶᠢᠰᠢᠳᠠ ᠪᠢ ᠨᠡᠩ ᠬᠠᠷᠢᠭᠤᠴᠠᠯᠭ᠎ᠠ ᠪᠠᠨ ᠭᠦᠢᠴᠡᠳᠬᠡᠵᠦ᠂ ᠡᠬᠡ ᠤᠯᠤᠰ ᠤᠨ ᠬᠢᠯᠢ ᠶᠢᠨ ᠬᠠᠮᠠᠭᠠᠯᠠᠯᠲᠠ ᠪᠠᠨ ᠰᠠᠶᠢᠲᠤᠷ ᠰᠠᠬᠢᠨ᠎ᠠ︾ ᠭᠡᠵᠦ  ᠬᠢᠯᠢ ᠬᠠᠮᠠᠭᠠᠯᠠᠭᠴᠢ ᠨᠠᠰᠤᠨᠭᠤᠸ᠎ᠠ ᠠᠯᠤᠰ ᠢ  ᠪᠠᠷᠠᠯᠠᠨ ᠶᠠᠷᠢᠪᠠ᠃      ᠬᠢᠯᠢ ᠶᠢᠨ ᠬᠠᠮᠠᠭᠠᠯᠠᠭᠴᠢ ᠪᠣᠯᠤᠭᠰᠠᠨ ᠤ ᠬᠤᠪᠢ ᠳᠤ  ᠲᠡᠳᠡᠨ ᠤ ᠤᠯᠠ ᠮᠥᠷ ᠨᠢ ᠬᠢᠯᠢ ᠬᠢᠵᠠᠭᠠᠷ ᠤᠨ ᠭᠠᠵᠠᠷ ᠪᠦᠬᠦᠨ ᠳᠤ ᠲᠤᠷᠠᠶᠢᠨ᠎ᠠ᠃ ᠬᠠᠶᠢᠷ᠎ᠠ ᠪᠠᠨ ᠬᠠᠷᠠᠮ ᠦᠭᠡᠢ ᠵᠣᠷᠢᠭᠤᠯᠵᠤ᠂  ᠬᠤᠪᠢ ᠨᠡᠮᠡᠷᠢ  ᠪᠠᠨ ᠦᠵᠡᠭᠦᠯᠵᠦ᠂ ᠡᠬᠡ ᠤᠯᠤᠰ ᠤᠨ ᠢᠶᠠᠨ ᠬᠢᠯᠢ ᠶᠢᠨ ᠬᠠᠮᠠᠭᠠᠯᠠᠯᠲᠠ ᠶᠢᠨ ᠠᠮᠤᠷ ᠲᠦᠪᠰᠢᠨ ᠤ ᠲᠥᠯᠥᠭᠡ ᠢᠮᠠᠭᠳᠠ ᠲᠠᠬᠢᠨ ᠲᠠᠪᠳᠠᠨ ᠴᠠᠭᠳᠠᠨ ᠪᠠᠶᠢᠴᠠᠭᠠᠵᠤ᠂ ᠲᠡᠳᠡ ᠬᠢᠯᠢ ᠬᠢᠵᠠᠭᠠᠷ ᠢᠶᠠᠨ ᠰᠠᠬᠢᠨ ᠬᠠᠮᠠᠭᠠᠯᠠᠬᠤ ᠠᠷᠢᠭᠤᠨ ᠳᠠᠷᠬᠠᠨ ᠡᠭᠦᠷᠭᠡ ᠪᠠᠨ ᠪᠠᠲᠤ ᠰᠠᠬᠢᠵᠤ ᠪᠠᠶᠢᠨ᠎ᠠ᠃      ᠨᠢᠭᠡ ᠤᠳᠠᠭ᠎ᠠ᠂ ᠮᠠᠨᠳᠤᠯ ᠪᠠᠯᠭᠠᠰᠤᠨ ᠤ ᠨᠢᠭᠡ  ᠮᠠᠯᠴᠢᠨ ᠨᠡᠬᠦᠳᠡᠯᠯᠡᠬᠦ ᠦᠶ᠎ᠡ ᠳᠤ  ᠨᠢᠭᠡ ᠰᠦᠷᠦᠭ ᠦᠭᠡᠷ ᠢᠶᠠᠨ ᠠᠯᠳᠠᠵᠤ᠂ ᠰᠠᠨᠠᠭ᠎ᠠ ᠵᠣᠪᠠᠵᠤ ᠪᠠᠶᠢᠭ᠎ᠠ ᠮᠠᠯᠴᠢᠨ ᠬᠢᠯᠢ ᠶᠢᠨ ᠬᠠᠮᠠᠭᠠᠯᠠᠭᠴᠢ ᠠᠴᠠ ᠪᠠᠨ ᠬᠠᠪᠰᠤᠷᠤᠯᠭ᠎ᠠ ᠭᠤᠶᠤᠵᠤ᠂ ᠬᠢᠯᠢ ᠶᠢᠨ ᠬᠠᠮᠠᠭᠠᠯᠠᠭᠴᠢᠳ ᠪᠠᠶᠢᠳᠠᠯ ᠢ ᠣᠶᠢᠯᠠᠭᠠᠭᠰᠠᠨ ᠤ ᠳᠠᠷᠠᠭ᠎ᠠ ᠳᠠᠷᠤᠶ ᠲᠦᠷᠭᠡᠨ ᠬᠠᠷᠠᠭᠠᠨ ᠳᠠᠪᠲᠠᠮᠵᠢ ᠪᠠᠷ ᠪᠠᠶᠢᠴᠠᠭᠠᠨ ᠦᠵᠡᠵᠦ᠂ ᠭᠡᠭᠡᠭᠰᠡᠨ ᠦᠬᠡᠷ ᠤᠨ ᠰᠦᠷᠦᠭ ᠤᠨ ᠪᠠᠶᠢᠷᠢ ᠶᠢ ᠦᠳᠲᠡᠷ ᠲᠦᠷᠭᠡᠨ ᠲᠣᠭᠲᠠᠭᠠᠵᠤ᠂ ᠲᠤᠬᠠᠶ ᠶᠢᠨ ᠲᠠᠯᠠᠪᠠᠢ ᠳᠤ ᠨᠢ ᠬᠦᠷᠴᠦ᠂ ᠡᠴᠦᠰ ᠲᠡᠭᠡᠨ ᠣᠯᠠᠨ ᠤ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠭᠰᠠᠨ ᠬᠠᠪᠰᠤᠷᠤᠯᠭ᠎ᠠ ᠪᠠᠷ ᠦᠬᠡᠷ ᠤᠨ ᠰᠦᠷᠦᠭ ᠢᠶᠠᠨ ᠡᠷᠢᠵᠦ ᠣᠯᠪᠠ᠃      ᠬᠢᠯᠢ ᠬᠢᠵᠠᠭᠠᠷ ᠣᠷᠣᠨ ᠢᠶᠠᠨ ᠰᠠᠬᠢᠭᠰᠠᠨ ᠣᠯᠠᠨ ᠡᠳᠦᠷ ᠤᠳ ᠲᠤ᠂ ᠲᠡᠳᠡ ᠠᠭᠤᠯᠠ ᠤᠰᠤ ᠭᠤᠣᠯ ᠮᠥᠷᠡᠨ ᠂ ᠬᠢᠯᠢ ᠶᠢᠨ ᠬᠥᠰᠢᠶ᠎ᠡ ᠬᠢᠯᠢ ᠶᠢᠨ ᠱᠣᠩ  ᠵᠡᠷᠭᠡ ᠶᠢᠨ ᠪᠤᠢ ᠪᠦᠬᠦᠢ ᠬᠤᠪᠢᠷᠠᠯᠲᠠ ᠶᠢ ᠭᠡᠷᠡᠴᠢᠯᠡᠵᠡᠢ᠃ ᠬᠢᠯᠢ ᠬᠢᠵᠠᠭᠠᠷ ᠢ ᠲᠤᠭᠤᠷᠢᠨ ᠪᠠᠶᠢᠴᠠᠭᠠᠬᠤ ᠵᠠᠮ ᠳᠡᠭᠡᠷ᠎ᠡ  ᠡᠬᠡ ᠤᠯᠤᠰ ᠤᠨ ᠬᠢᠨᠢ  ᠭᠠᠵᠠᠷ ᠰᠢᠷᠤᠢ᠂ ᠡᠪᠡᠰᠦ ᠮᠤᠳᠤᠨ ᠳᠤ  ᠨᠢ ᠲᠡᠳᠡᠨ ᠤ ᠴᠠᠰᠤ  ᠰᠢᠭᠤᠷᠭᠠᠨ ᠲᠤᠮᠳᠠ ᠤᠯᠤᠰ ᠢᠶᠠᠨ ᠬᠠᠮᠠᠭᠠᠯᠠᠵᠤ ᠬᠢᠯᠢ ᠬᠢᠵᠠᠭᠠᠷ ᠢ ᠰᠠᠬᠢᠨ ᠬᠠᠮᠠᠭᠠᠯᠠᠬᠤ ᠡᠷᠡᠰ ᠪᠠᠲᠤ ᠢᠲᠡᠭᠡᠯ ᠵᠣᠷᠢᠭ ᠢ ᠭᠡᠷᠡᠴᠢᠯᠡᠭᠰᠡᠨ ᠪᠠᠶᠢᠨ᠎ᠠ᠃ ᠬᠢᠯᠢ ᠶᠢ ᠬᠠᠮᠠᠭᠠᠯᠠᠭᠴᠢ ᠬᠠᠰᠰᠤᠪᠤᠳ ᠢᠨᠢᠶᠡᠮᠰᠦᠭᠯᠡᠭᠰᠡᠭᠡᠷ᠄ ︽ᠨᠢᠭᠡ ᠦᠶ᠎ᠡ ᠶᠢᠨ ᠬᠥᠮᠦᠨ ᠳᠤ ᠨᠢᠭᠡ ᠦᠶ᠎ᠡ ᠶᠢᠨ ᠬᠥᠮᠦᠨ ᠤ ᠡᠭᠦᠷᠭᠡ ᠪᠤᠢ᠂ ᠨᠢᠭᠡ ᠦᠶ᠎ᠡ ᠶᠢᠨ ᠬᠥᠮᠦᠨ ᠳᠤ ᠨᠢᠭᠡ ᠦᠶ᠎ᠡ ᠶᠢᠨ ᠬᠥᠮᠦᠨ ᠤ ᠬᠠᠷᠢᠭᠤᠴᠠᠯᠭ᠎ᠠ ᠪᠤᠢ᠂ ᠬᠡᠨ ᠡᠮᠡᠭᠲᠡᠢ ᠬᠦᠮᠦᠨ ᠢ ᠡᠷᠡᠭᠲᠡᠢ ᠬᠦᠮᠦᠨ ᠳᠤ ᠬᠦᠷᠬᠦ ᠦᠭᠡᠢ  ᠭᠡᠰᠡᠨ ᠶᠤᠮ ᠪᠤᠢ᠂᠂ ᠮᠠᠨ ᠤ ᠡᠨᠡ ᠬᠦ ᠡᠮᠡᠭᠳᠠᠢ ᠬᠢᠯᠢ ᠶᠢᠨ ᠬᠠᠮᠠᠭᠠᠯᠠᠭᠴᠢ ᠶᠢᠨ ᠡᠩᠨᠡᠭᠡ ᠴᠦ ᠡᠬᠡ ᠤᠯᠤᠰ ᠤᠨ ᠬᠢᠯᠢ ᠶᠢᠨ ᠬᠠᠮᠠᠭᠠᠯᠠᠯᠲᠠ ᠶᠢᠨ ᠱᠤᠭᠤᠮ ᠢᠶᠠᠨ ᠰᠠᠶᠢᠲᠤᠷ ᠰᠠᠬᠢᠨ ᠬᠠᠮᠠᠭᠠᠯᠠᠵᠤ᠂ ᠨᠡᠷ᠎ᠡ ᠨᠢᠳᠡᠷ ᠲᠡᠭᠡᠨ ᠨᠡᠶᠢᠴᠡᠭᠰᠡᠨ ︿ᠬᠤᠸᠠ ᠮᠦ ᠯᠠᠨ﹀  ᠤᠳ ᠪᠠᠶᠢᠨ᠎ᠠ︾  ᠬᠡᠵᠦ ᠶᠠᠷᠢᠪᠠ᠃      ᠡᠷᠲᠡᠨ ᠳᠤ ᠬᠤᠸᠠ ᠮᠦ ᠯᠠᠨ ᠠᠪᠤ ᠪᠠᠨ ᠲᠥᠯᠥᠭᠡᠯᠡᠨ ᠴᠡᠷᠢᠭ ᠲᠤ  ᠤᠷᠤᠬᠤ  ᠳᠤ᠂ ᠣᠳᠣ ᠡᠮᠡᠭᠲᠡᠢ ᠬᠢᠯᠢ ᠬᠠᠮᠠᠭᠠᠯᠠᠭᠴᠢ ᠤᠳ ᠨᠢ ᠤᠯᠤᠰ ᠤᠨ ᠬᠢᠯᠢ ᠬᠠᠮᠠᠭᠠᠯᠠᠭᠴᠢ ᠪᠤᠯᠵᠠᠢ᠃ ᠡᠳᠡᠭᠡᠷ ᠡᠮᠡᠭᠳᠠᠢ ᠬᠢᠯᠢ ᠶᠢᠨ ᠬᠠᠮᠠᠭᠠᠯᠠᠭᠴᠢ ᠳᠤ ᠠᠪᠴᠤ ᠬᠡᠯᠡᠪᠡᠯ᠂ ︽ᠮᠦ ᠯᠠᠨ ᠬᠢᠯᠢ ᠶᠢᠨ ᠪᠣᠭᠤᠮᠲᠠ ᠶᠢ ᠰᠠᠬᠢᠬᠤ︾ ᠪᠣᠯ ᠨᠢᠭᠡ ᠵᠦᠢᠯ ᠤᠨ ᠡᠭᠦᠷᠭᠡ ᠬᠠᠷᠢᠭᠤᠴᠠᠯᠭ᠎ᠠ ᠮᠥᠨ᠂ ᠪᠠᠰᠠ ᠴᠤ ᠨᠢᠭᠡ ᠵᠦᠢᠯ ᠤᠨ ᠵᠣᠷᠢᠭ ᠰᠠᠨᠠᠭᠠᠨ ᠤ ᠤᠯᠠᠮᠵᠢᠯᠠᠯ ᠮᠥᠨ᠃  ᠬᠡᠨ ᠲᠡᠳᠡᠨ ᠢ  ᠭᠤᠶᠤᠯᠠᠵᠤ ᠵᠠᠰᠠᠬᠤ ᠲᠤᠷ᠎ᠠ ᠦᠬᠡᠢ᠂  ᠵᠡᠪᠰᠡᠭᠯᠡᠯ ᠳᠤ ᠳᠤᠷ᠎ᠠ ᠲᠠᠢ ᠭᠡᠰᠡᠨ ᠶᠤᠮ ᠪᠤᠢ᠂ ︽  ᠴᠡᠷᠢᠭ ᠤᠨ ᠨᠣᠭᠤᠭᠠᠨ ︾ ᠨᠢ ᠬᠡᠴᠢᠨᠡᠨ ᠰᠦᠷᠯᠢᠭ᠂ ᠨᠢᠳᠤᠷ ᠪᠤᠯᠢᠶᠠᠮ᠎ᠠ ᠶᠤᠮ ᠪᠤᠢ᠃  ᠬᠡᠨ ᠲᠡᠳᠡᠨ ᠢ  ᠬᠠᠶᠢᠷ᠎ᠠ ᠮᠡᠳᠡᠬᠦ ᠦᠭᠡᠢ ᠭᠡᠰᠡᠨ ᠪᠤᠢ᠂ ᠲᠡᠳᠡᠨ ᠤ ᠬᠠᠶᠢᠷ᠎ᠠ ᠰᠡᠳᠬᠢᠯ ᠨᠢ ᠴᠡᠯᠮᠡᠭ ᠪᠥᠭᠡᠳ ᠭᠦᠨ ᠵᠤᠵᠠᠭᠠᠨ᠂ ᠵᠦᠪᠭᠡᠨ ᠡᠬᠡ ᠣᠷᠣᠨ᠂ ᠨᠤᠲᠤᠭ ᠤᠰᠤᠨ ᠳᠠᠭᠠᠨ ᠵᠤᠷᠢᠭᠤᠯᠤᠭᠰᠠᠨ ᠬᠠᠶᠢᠷ᠎ᠠ ᠶᠤᠮ ᠃  
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号