6 ᠰᠠᠷ᠎ᠠ ᠶᠢᠨ 16 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ | ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠬᠢᠵᠦ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠠᠰᠠᠭᠤᠳᠠᠯ ᠢ | ᠲᠥᠪᠯᠡᠷᠡᠭᠦᠯᠦᠨ ᠴᠡᠭᠴᠡᠯᠡᠨ ᠵᠠᠰᠠᠬᠤ ᠶᠢᠨ ᠲᠣᠭᠤᠷᠢᠨ ᠳᠤ ᠰᠤᠷᠤᠯᠴᠠᠵᠤ ᠰᠤᠳᠤᠯᠤᠨ ᠶᠠᠷᠢᠯᠴᠠᠪᠠ᠃ ᠵᠢᠶᠠ ᠪᠦᠦ | ᠯᠢᠶᠠᠩ ᠱᠦᠵᠢ ᠶᠢᠨ ᠨᠠᠶᠢᠳᠠᠯᠭ᠎ᠠ ᠪᠠᠷ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ | ᠬᠤᠸᠠᠩ ᠯᠦᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ | 5 ᠰᠠᠷ᠎ᠠ ᠶᠢᠨ 27 ᠤ ᠡᠳᠦᠷ ᠤᠨ ᠲᠥᠪ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ | ᠳᠤᠭᠤᠶᠢᠯᠠᠩ ᠤᠨ ᠬᠤᠷᠠᠯ᠂ ᠲᠥᠪ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ | ᠳᠠᠷᠤᠮᠠᠯᠯᠠᠨ ᠲᠠᠷᠬᠠᠭᠠᠭᠰᠠᠨ ︽ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ ᠲᠥᠪᠯᠡᠷᠡᠭᠦᠯᠦᠨ ᠴᠡᠭᠴᠡᠯᠡᠨ | ᠵᠠᠰᠠᠬᠤ ᠲᠤᠬᠠᠶ ᠮᠡᠳᠡᠭᠳᠡᠯ︾ ᠪᠤᠯᠤᠨ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠵᠡᠷᠭᠡ | ᠬᠠᠤᠯᠢ ᠲᠣᠭᠲᠠᠭᠠᠯ ᠤᠨ ᠪᠢᠴᠢᠭ ᠮᠠᠲ᠋ᠧᠷᠢᠶᠠᠯ ᠤᠨ ᠲᠣᠭᠲᠠᠭᠠᠯ ᠢ ᠵᠥᠷᠢᠴᠡᠨ ᠢᠳᠡᠵᠦ ᠤᠤᠭᠤᠬᠤ ᠶᠢ ᠴᠠᠭᠠᠵᠠᠯᠠᠬᠤ | ᠲᠤᠬᠠᠶ ᠬᠤᠯᠪᠣᠭᠳᠠᠯ ᠪᠥᠬᠦᠶ ᠲᠣᠭᠲᠠᠭᠠᠯ ᠢ ᠬᠦᠨᠵᠡᠭᠡᠢ ᠰᠤᠷᠤᠯᠴᠠᠨ ᠤᠶᠢᠯᠠᠭᠠᠭᠰᠠᠨ ᠰᠠᠭᠤᠷᠢᠨ ᠳᠡᠭᠡᠷ᠎ᠡ᠂ ᠯᠢ | ᠶᠦᠩ ᠰᠢᠨ᠂ ᠭᠤᠤ ᠹᠸᠢ᠂ ᠮᠠ ᠸᠧᠨ ᠭᠠᠩ᠂ ᠵᠣᠣ ᠯᠢᠶᠠᠩ᠂ ᠲᠠᠢ ᠬᠠᠶ ᠶᠠᠨ᠂ ᠴᠧᠨ ᠯᠢ ᠮᠧᠶ ᠰᠠᠨᠠᠯ ᠢᠶᠠᠨ | ᠰᠣᠯᠢᠯᠴᠠᠬᠤ ᠶᠠᠷᠢᠶ᠎ᠠ ᠲᠠᠯᠪᠢᠵᠤ᠂ ᠭᠤᠤᠯ ᠳᠤᠭᠤᠶᠢᠯᠠᠩ ᠤᠨ ᠪᠤᠰᠤᠳ ᠨᠥᠬᠦᠳ ᠪᠢᠴᠢᠭ ᠤᠨ ᠮᠠᠲ᠋ᠧᠷᠢᠶᠠᠯ ᠢᠶᠠᠨ | ᠳᠡᠪᠰᠢᠭᠦᠯᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ | ᠲᠥᠪᠯᠡᠷᠡᠭᠦᠯᠦᠨ ᠴᠡᠭᠴᠡᠯᠡᠨ ᠵᠠᠰᠠᠬᠤ ᠪᠣᠯ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ | ᠬᠥᠮᠦᠵᠢᠯ ᠢ ᠭᠦᠨᠵᠡᠭᠡᠢ ᠲᠤᠭᠤᠰᠢᠯᠠᠭᠤᠯᠬᠤ ᠶᠢᠨ ᠨᠢᠭᠡᠨ ᠴᠢᠬᠤᠯᠠ ᠡᠭᠦᠷᠭᠡ ᠮᠥᠨ᠂ ᠡᠷᠬᠡᠪᠰᠢ | ᠨᠠᠶᠢᠳᠠᠪᠤᠷᠢᠵᠢᠭᠤᠯᠤᠯᠲᠠ ᠶᠢ ᠲᠡᠷᠡ ᠶᠣᠰᠣᠭᠠᠷ ᠨᠢ ᠰᠠᠶᠢᠲᠤᠷ ᠠᠳᠬᠤᠬᠤ ᠬᠡᠷᠡᠭᠲᠡᠢ᠃ ᠨᠢᠭᠡ ᠳᠤ᠂ ᠦᠵᠡᠯ ᠰᠠᠨᠠᠭ᠎ᠠ | ᠭᠡᠬᠦ ᠡᠨᠡ ᠬᠦ ᠬᠥᠪᠴᠢ ᠶᠢ ᠴᠢᠩᠭᠠᠯᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠰᠤᠷᠲᠠᠯ ᠤᠨ | ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠦᠷᠭᠦᠯᠵᠢᠯᠡᠨ ᠭᠦᠨᠵᠡᠭᠡᠢ ᠰᠤᠷᠤᠯᠴᠠᠨ ᠨᠠᠷᠢᠨ | ᠣᠶᠢᠯᠠᠭᠠᠵᠤ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠲᠠᠯ᠎ᠠ ᠪᠠᠷ ᠬᠢ ᠬᠦᠨᠳᠦ ᠨᠣᠴᠢᠲᠠᠢ ᠤᠯᠤᠰ | ᠲᠦᠷᠦ ᠶᠢᠨ ᠬᠤᠣᠷ ᠬᠥᠨᠥᠭᠡᠯ ᠢ ᠭᠦᠨᠵᠡᠭᠡᠢ ᠲᠠᠨᠢᠵᠤ᠂ ᠤᠬᠠᠮᠰᠠᠷ ᠠᠴᠠ ᠪᠠᠨ ᠡᠯ᠎ᠡ ᠲᠦᠷᠦᠯ ᠤᠨ ᠪᠤᠷᠤᠭᠤ ᠦᠵᠡᠯ | ᠰᠠᠨᠠᠭ᠎ᠠ ᠲᠠᠢ ᠲᠡᠮᠡᠴᠡᠯ ᠬᠢᠵᠦ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢᠨ | ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠬᠤᠶᠠᠷ ᠢ ᠬᠠᠮᠠᠭᠠᠯᠠᠬᠤ︾ ᠶᠢ | ᠡᠷᠡᠰ ᠪᠡᠶᠡᠯᠡᠭᠦᠯᠬᠦ ᠬᠡᠷᠡᠭᠲᠡᠢ᠃ ᠬᠤᠶᠠᠷ ᠲᠤ᠂ ᠡᠨᠡ ᠬᠦ ᠱᠤᠭᠤᠮ ᠢ ᠪᠠᠶᠢᠴᠠᠭᠠᠨ ᠰᠠᠶᠢᠵᠢᠷᠠᠭᠤᠯᠵᠤ᠂ | ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠲᠠᠯ᠎ᠠ ᠪᠠᠷ ᠲᠣᠳᠣᠷᠬᠠᠶ ᠪᠠᠶᠢᠭ᠎ᠠ 7 ᠲᠠᠯ᠎ᠠ ᠶᠢᠨ ᠡᠭᠦᠷᠭᠡ ᠲᠠᠢ | ᠴᠢᠩᠭ᠎ᠠ ᠬᠠᠷᠢᠴᠠᠭᠤᠯᠤᠨ᠂ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ᠂ ᠲᠥᠪᠯᠡᠷᠡᠭᠦᠯᠦᠨ ᠴᠡᠭᠴᠡᠯᠡᠨ | ᠵᠠᠰᠠᠬᠤ ᠵᠡᠷᠭᠡ ᠠᠵᠢᠯ ᠢ ᠪᠣᠳᠠᠲᠠᠶ ᠠᠳᠬᠤᠵᠤ᠂ ᠬᠠᠮᠢᠶ᠎ᠠ ᠪᠥᠬᠦᠶ ᠲᠦᠷᠢᠮ ᠳᠤ ᠵᠠᠰᠠᠪᠤᠷᠢ ᠣᠷᠣᠭᠤᠯᠤᠨ | ᠲᠡᠭᠦᠯᠳᠡᠷᠵᠢᠭᠦᠯᠬᠦ ᠶᠢ ᠰᠠᠶᠢᠲᠤᠷ ᠠᠳᠬᠤᠵᠤ᠂ ᠪᠠᠶᠢᠴᠠᠭᠠᠬᠤ ᠡᠷᠴᠢᠮ ᠲᠠᠢ᠂ ᠰᠠᠶᠢᠵᠢᠷᠠᠭᠤᠯᠬᠤ ᠦᠷ᠎ᠡ | ᠪᠦᠲᠦᠮᠵᠢ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠭᠤᠷᠪᠠ ᠳᠤ᠂ ᠬᠠᠷᠢᠭᠤᠴᠠᠯᠭ᠎ᠠ ᠭᠡᠬᠦ ᠡᠨᠡ ᠬᠦ | ᠴᠡᠭ ᠢ ᠪᠠᠲᠤ ᠡᠵᠡᠮᠳᠡᠵᠦ᠂ ᠡᠯ᠎ᠡ ᠰᠢᠶᠠᠨ ᠤ ᠱᠠᠲᠤᠨ ᠤ ᠤᠳᠤᠷᠢᠳᠤᠯᠭ᠎ᠠ ︽ᠨᠢᠭᠡ ᠠᠵᠢᠯ ᠤᠨ ᠪᠠᠶᠢᠷᠢ ᠳᠤ ᠬᠤᠣᠰ | ᠬᠠᠷᠢᠭᠤᠴᠠᠯᠭ᠎ᠠ ᠡᠭᠦᠷᠭᠡᠯᠡᠬᠦ︾ ᠶᠢ ᠰᠠᠶᠢᠲᠤᠷ ᠨᠠᠶᠢᠳᠠᠪᠤᠷᠢᠵᠢᠭᠤᠯᠵᠤ᠂ ᠳᠠᠭᠠᠭᠠᠴᠢᠯᠠᠨ ᠬᠤᠯᠪᠣᠭᠠᠯᠠᠭᠰᠠᠨ ᠭᠠᠵᠠᠷ | ᠣᠷᠣᠨ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠤ ᠱᠠᠯᠠᠪᠳᠠᠭᠤᠯᠤᠨ ᠵᠢᠯᠣᠭᠤᠳᠬᠤ᠂ ᠰᠡᠳᠬᠢᠯ ᠤᠨ | ᠦᠭᠡ ᠪᠠᠨ ᠶᠠᠷᠢᠯᠴᠠᠬᠤ ᠶᠢ ᠥᠷᠨᠢᠭᠦᠯᠵᠦ᠂ ᠪᠡᠶ᠎ᠡ ᠪᠠᠨ ᠴᠢᠩᠭ᠎ᠠ ᠱᠠᠭᠠᠷᠳᠠᠵᠤ᠂ ᠲᠤᠰ ᠲᠤᠰ ᠤᠨ | ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ᠂ ᠬᠠᠷᠢᠶᠠᠯᠠᠭᠳᠠᠭᠰᠠᠳ ᠢᠶᠠᠨ ᠴᠢᠩᠭ᠎ᠠ ᠬᠠᠮᠢᠶᠠᠷᠬᠤ ᠬᠡᠷᠡᠭᠲᠡᠢ᠃ | ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠤᠰᠬᠠᠢ ᠠᠩᠭᠢ᠂ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ | ᠨᠢᠭᠡᠳᠦᠯᠲᠡᠢ ᠲᠥᠯᠥᠪᠵᠢᠭᠦᠯᠦᠨ ᠱᠠᠯᠠᠪᠳᠠᠭᠤᠯᠤᠨ ᠵᠢᠯᠣᠭᠤᠳᠬᠤ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ | ᠤᠳᠤ ᠶᠢᠨ ᠬᠡᠷᠡᠭᠵᠢᠭᠦᠯᠵᠦ ᠪᠠᠶᠢᠭ᠎ᠠ ᠨᠡᠶᠢᠲᠡᠯᠢᠭ ᠵᠢᠱᠢᠶ᠎ᠡ ᠶᠢ ᠠᠳᠬᠤᠵᠤ᠂ ᠵᠠᠷᠯᠠᠨ ᠮᠡᠳᠡᠭᠳᠡᠬᠦ ᠶᠢ ᠠᠳᠬᠤᠵᠤ᠂ | ᠴᠡᠭ ᠢᠶᠠᠷ ᠨᠡᠶᠢᠳᠡᠮ ᠢ ᠠᠬᠢᠭᠤᠯᠤᠨ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠠᠰᠤ ᠴᠢᠨᠠᠷ ᠦᠷ᠎ᠡ | ᠠᠰᠢᠭ ᠢ ᠳᠡᠭᠡᠭᠰᠢᠯᠡᠭᠦᠯᠬᠦ ᠬᠡᠷᠡᠭᠲᠡᠢ ᠬᠡᠵᠠᠢ᠃ |