ᠬᠢᠯᠢ ᠶᠢᠨ ᠱᠣᠭᠤᠮ ᠳᠡᠭᠡᠷ᠎ᠡ ︽ᠳᠣᠬᠢᠶ᠎ᠠ︾ ᠢᠷᠡᠯ᠎ᠡ
ᠨᠡᠶᠢᠲᠡᠯᠡᠭᠰᠡᠨ ᠴᠠᠭ᠄
2025/6/18
      ᠪᠠᠶᠠᠨᠬᠤᠸᠠ ᠪᠠᠯᠭᠠᠰᠤᠨ ᠤ ᠵᠢᠪᠬᠤᠯᠠᠩᠲᠤ ᠭᠠᠴᠠᠭ᠎ᠠ ᠳᠤ᠂ 35 ᠮᠧᠲᠷ ᠥᠨᠳᠥᠷ 5G  ᠰᠦᠯᠵᠢᠶ᠎ᠡ ᠶᠢᠨ ᠰᠠᠭᠤᠷᠢ ᠦᠷᠳᠡᠭᠡ ᠲᠠᠯ᠎ᠠ ᠨᠤᠲᠤᠭ ᠲᠤ ᠵᠣᠭᠰᠣᠵᠤ᠂ ᠠᠵᠢᠯᠲᠠᠳ ᠤᠨ ᠨᠢᠷᠤᠭᠤ ᠠᠮᠤᠷ ᠲᠦᠪᠰᠢᠨ ᠳᠡᠭᠡᠰᠦ ᠪᠠᠨ ᠤᠶᠠᠵᠤ ᠪᠣᠯᠣᠳ ᠲᠡᠮᠦᠷ ᠤᠨ ᠭᠤᠣᠯ ᠵᠢᠶᠠᠰᠠ ᠳᠡᠭᠡᠷ᠎ᠡ ᠠᠪᠠᠷᠢᠨ ᠭᠠᠷᠴᠤ᠂ ᠶᠠᠭ ᠡᠨᠡ ᠬᠦ ᠰᠠᠭᠤᠷᠢ ᠦᠷᠳᠡᠭᠡ ᠳᠤ ᠢᠵᠢ ᠪᠦᠷᠢᠳᠦᠭᠰᠡᠨ ᠠᠨᠲ᠋ᠢᠨ᠎ᠠ ᠤᠭᠰᠠᠷᠠᠵᠤ ᠪᠠᠶᠢᠨ᠎ᠠ᠃ ᠠᠵᠢᠯᠲᠠᠨ ᠶᠠᠩ ᠵᠢᠶᠧ᠄ ︽ᠥᠨᠳᠥᠷ ᠣᠭᠲᠠᠷᠭᠤᠶ ᠳᠠᠬᠢ ᠠᠵᠢᠯ ᠤᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠪᠢᠳᠡ ᠤᠭᠰᠠᠷᠠᠬᠤ ᠠᠴᠠ ᠡᠮᠦᠨ᠎ᠡ ᠡᠷᠬᠡᠪᠰᠢ ᠰᠠᠯᠬᠢᠨ ᠤ ᠳᠡᠰ ᠤᠨ ᠰᠢᠯᠭᠠᠯᠲᠠ ᠬᠢᠵᠦ᠂ ᠴᠠᠭ ᠠᠭᠤᠷ ᠤᠨ ᠪᠠᠶᠢᠳᠠᠯ ᠢ ᠵᠥᠪᠰᠢᠶᠡᠷᠡᠬᠦ ᠨᠥᠬᠦᠴᠡᠯ ᠳᠣᠤᠷ᠎ᠠ ᠰᠠᠶ᠋ᠢ ᠰᠤᠪᠤᠷᠭ᠎ᠠ ᠳᠡᠭᠡᠷ᠎ᠡ ᠭᠠᠷᠴᠤ ᠪᠣᠯᠬᠤ ᠪᠥᠭᠡᠳ ᠪᠥᠬᠦ ᠶᠠᠪᠤᠴᠠ ᠳᠤ ᠠᠮᠤᠷ ᠲᠦᠪᠰᠢᠨ ᠤ ᠬᠢᠨᠠᠯᠲᠠ ᠲᠠᠯᠪᠢᠨ᠎ᠠ᠃ ᠤᠭᠰᠠᠷᠠᠭᠰᠠᠨ ᠤ ᠳᠠᠷᠠᠭ᠎ᠠ ᠪᠢᠳᠡ ᠠᠷᠤ ᠲᠠᠪᠴᠠᠩ ᠳᠤ ᠳᠣᠬᠢᠶ᠎ᠠ ᠶᠢ ᠲᠣᠬᠢᠷᠠᠭᠤᠯᠤᠨ ᠲᠤᠷᠰᠢᠵᠤ᠂ ᠡᠷᠬᠢᠨ ᠲᠣᠭᠤᠷᠢᠨ ᠤ 10 ᠺᠢᠯᠤᠮᠧᠲᠷ ᠤᠨ ᠬᠡᠪᠴᠢᠶᠡᠨ ᠳᠤ ᠰᠠᠭᠤᠭᠠᠯᠢ ᠠᠷᠠᠳ ᠲᠤ ᠬᠡᠷᠡᠭᠯᠡᠭᠳᠡᠬᠦ ᠶᠢ ᠪᠠᠲᠤᠯᠠᠨ᠎ᠠ︾ ᠭᠡᠪᠡ᠃ ᠠᠨᠲ᠋ᠢᠨ᠎ᠠ ᠶᠢᠨ ᠤᠭᠰᠠᠷᠠᠭᠰᠠᠨ ᠬᠠᠮᠤᠭ ᠤᠨ ᠰᠢᠯᠢᠳᠡᠭ ᠬᠠᠷᠠᠭᠠᠰᠤ ᠠᠴᠠ ᠳᠣᠬᠢᠶ᠎ᠠ ᠳᠠᠮᠵᠢᠭᠤᠯᠬᠤ ᠳᠠᠪᠲᠠᠮᠵᠢ ᠬᠦᠷᠲᠡᠯ᠎ᠡ ᠨᠠᠷᠢᠨ ᠨᠢᠮᠪᠠᠶ ᠰᠣᠩᠭᠤᠯᠲᠠ ᠬᠢᠵᠦ᠂ ᠭᠤᠭᠴᠤᠭ᠎ᠠ ᠪᠣᠯᠭᠠᠨ ᠳᠤ ᠠᠵᠢᠯᠲᠠᠳ ᠰᠠᠯᠬᠢ ᠪᠣᠷᠣᠭᠠᠨ ᠢ ᠬᠠᠶᠢᠬᠤᠷᠤᠯ ᠦᠭᠡᠢ ᠬᠠᠲᠠᠭᠤ ᠪᠡᠷᠬᠡᠰᠢᠶᠡᠯᠲᠡᠶ ᠤᠯᠠ ᠮᠥᠷ ᠢ ᠳᠠᠷᠤᠪᠠ᠃      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠨᠢ ᠮᠤᠨᠢ ᠠᠭᠤᠯᠠ ᠶᠢᠨ ᠠᠷᠤ ᠬᠤᠷᠮᠣᠶ ᠳᠤ ᠪᠠᠶᠢᠷᠢᠯᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠯᠢ ᠳᠠᠭᠠᠤ 20 ᠬᠤᠰᠢᠭᠤ ᠰᠢᠶᠠᠨ ᠲᠣᠭᠤᠷᠢᠭ ᠤᠨ ᠨᠢᠭᠡ ᠪᠠᠶᠢᠵᠤ᠂ ᠤᠮᠠᠷᠠᠲᠤ ᠮᠣᠩᠭᠤᠯ ᠤᠯᠤᠰ ᠲᠠᠢ ᠬᠢᠯᠢ ᠨᠡᠶᠢᠯᠡᠵᠦ᠂ ᠬᠢᠯᠢ ᠶᠢᠨ ᠱᠤᠭᠤᠮ ᠤᠨ ᠣᠷᠳᠣ ᠨᠢ 88.6 ᠺᠢᠯᠤᠮᠧᠲᠷ ᠪᠣᠯᠤᠨ᠎ᠠ᠃ ᠬᠠᠷᠢᠶ᠎ᠠ ᠣᠷᠣᠨ ᠮᠠᠨᠳᠤᠯ ᠪᠠᠯᠭᠠᠰᠤ᠂ ᠪᠠᠶᠠᠨᠬᠤᠸᠠ ᠪᠠᠯᠭᠠᠰᠤ ᠪᠣᠯᠤᠨ ᠴᠠᠭᠠᠨᠬᠠᠳᠠ ᠰᠤᠮᠤ ᠵᠡᠷᠭᠡ ᠭᠤᠷᠪᠠᠨ ᠬᠢᠯᠢ ᠶᠢᠨ ᠰᠤᠮᠤ ᠪᠠᠯᠭᠠᠰᠤᠨ ᠤ ᠶᠡᠷᠦᠩᠬᠡᠶ ᠲᠠᠯᠠᠪᠠᠶ ᠨᠢ 7301 ᠲᠡᠭᠰᠢ ᠳᠥᠷᠪᠡᠯᠵᠢᠨ ᠺᠢᠯᠤᠮᠧᠲᠷ᠂ ᠪᠠᠭᠤᠷᠠᠶ ᠪᠦᠷᠬᠦᠴᠡ ᠨᠢ 6123.5 ᠲᠡᠭᠰᠢ ᠳᠥᠷᠪᠡᠯᠵᠢᠨ ᠺᠢᠯᠤᠮᠧᠲᠷ ᠪᠠᠶᠢᠵᠤ᠂ ᠡᠭᠦᠨ ᠳᠤ ᠪᠠᠷᠤᠭ 2500 ᠲᠡᠭᠰᠢ ᠳᠥᠷᠪᠡᠯᠵᠢᠨ ᠺᠢᠯᠤᠮᠧᠲᠷ ᠤᠨ ᠳᠣᠬᠢᠶ᠎ᠠ ᠪᠠᠯᠠᠶ ᠣᠷᠣᠨ ᠪᠠᠶᠢᠵᠤ᠂ ᠴᠢᠮᠡᠭᠡ ᠬᠤᠯᠪᠣᠭᠠᠨ ᠤ ᠰᠠᠭᠤᠷᠢ ᠲᠥᠬᠦᠭᠡᠷᠦᠮᠵᠢ ᠶᠢᠨ ᠲᠠᠷᠬᠠᠯᠲᠠ ᠨᠢ ᠬᠠᠷᠢᠴᠠᠩᠭᠤᠶ ᠴᠥᠭᠡᠨ᠂ ᠳᠣᠬᠢᠶ᠎ᠠ ᠨᠢ ᠨᠡᠯᠢᠶᠡᠳ ᠪᠠᠭᠤᠷᠠᠶ ᠵᠡᠷᠭᠡ ᠠᠰᠠᠭᠤᠳᠠᠯ ᠨᠢ ᠲᠤᠬᠠᠶ ᠶᠢᠨ ᠭᠠᠵᠠᠷ ᠤᠨ ᠰᠠᠭᠤᠭᠠᠯᠢ ᠠᠷᠠᠳ ᠤᠨ ᠦᠢᠯᠡᠳᠪᠦᠷᠢᠯᠡᠯ ᠠᠮᠢᠳᠤᠷᠠᠯ ᠢ ᠨᠥᠯᠥᠭᠡᠯᠡᠵᠦ ᠪᠠᠶᠢᠨ᠎ᠠ᠃      ᠣᠶᠢᠷ᠎ᠠ ᠶᠢᠨ ᠵᠢᠯ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠮᠡᠳᠡᠭᠡ ᠵᠠᠩᠭᠢ ᠶᠢᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠣᠷᠣᠭᠤᠯᠤᠯᠲᠠ ᠪᠠᠨ ᠦᠷᠭᠦᠯᠵᠢᠯᠡᠨ ᠨᠡᠮᠡᠭᠳᠡᠭᠦᠯᠵᠦ᠂ ᠣᠷᠣᠨ ᠪᠦᠰᠡ ᠶᠢᠨ ᠴᠢᠮᠡᠭᠡ ᠬᠤᠯᠪᠣᠭᠠᠨ ᠤ ᠰᠦᠯᠵᠢᠶᠡᠨ ᠤ ᠬᠠᠮᠤᠷᠬᠤ ᠴᠢᠳᠠᠪᠤᠷᠢ ᠶᠢ ᠨᠡᠮᠡᠭᠳᠡᠭᠦᠯᠬᠦ ᠪᠠᠷ ᠳᠠᠮᠵᠢᠭᠤᠯᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠡ᠃ 2024 ᠣᠨ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ 5G ᠰᠦᠯᠵᠢᠶ᠎ᠡ ᠶᠢ ᠪᠦᠷᠢᠨ ᠪᠦᠷᠬᠦᠭᠦᠯᠬᠦ ᠪᠠᠷ ᠬᠠᠷᠠᠯᠲᠠ ᠪᠣᠯᠭᠠᠵᠤ᠂ ᠤᠯᠤᠰ ᠤᠨ ᠴᠠᠬᠢᠯᠭᠠᠨ ᠬᠤᠯᠪᠣᠭᠠᠨ ᠤ ᠨᠡᠶᠢᠳᠡᠮ ᠦᠢᠯᠡᠴᠢᠯᠡᠭᠡᠨ ᠤ ᠬᠢᠯᠢ ᠬᠢᠵᠠᠭᠠᠷ ᠤᠨ ᠲᠥᠷᠥᠯ ᠵᠦᠢᠯ ᠢ ᠢᠳᠡᠪᠬᠢᠲᠡᠶ ᠠᠬᠢᠭᠤᠯᠵᠤ᠂ ᠡᠯ᠎ᠡ ᠴᠢᠮᠡᠭᠡ ᠬᠤᠯᠪᠣᠭᠠᠨ ᠤ ᠠᠵᠤ ᠠᠬᠤᠶᠢᠯᠠᠯ ᠤᠨ ᠨᠢᠭᠡᠨᠲᠡ ᠪᠠᠶᠢᠭ᠎ᠠ ᠰᠤᠪᠤᠷᠭ᠎ᠠ ᠶᠢᠨ ᠥᠷᠲᠡᠭᠡ ᠶᠢᠨ ᠡᠬᠢ ᠪᠠᠶᠠᠯᠢᠭ ᠪᠠ ᠥᠷᠭᠡᠨ ᠪᠦᠰᠡ ᠶᠢᠨ ᠳᠠᠪᠠᠭᠤᠯᠢᠭ ᠢ ᠭᠦᠢᠴᠡᠳ ᠠᠰᠢᠭᠯᠠᠨ᠂ ᠪᠥᠬᠦ ᠬᠤᠰᠢᠭᠤᠨ ᠤ 5G ᠰᠦᠯᠵᠢᠶ᠎ᠡ ᠶᠢ ᠬᠢᠯᠢ ᠬᠢᠵᠠᠭᠠᠷ ᠣᠷᠣᠨ ᠲᠡᠶᠢᠰᠢ ᠤᠷᠲᠤᠳᠬᠠᠬᠤ ᠶᠢ ᠠᠬᠢᠭᠤᠯᠵᠤ᠂ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ 4395.62 ᠲᠦᠮᠡᠨ ᠲᠥᠭᠦᠷᠢᠭ᠂ 5G ᠰᠦᠯᠵᠢᠶ᠎ᠡ ᠶᠢᠨ ᠰᠠᠭᠤᠷᠢ ᠥᠷᠲᠡᠭᠡ ᠶᠢ ᠰᠢᠨ᠎ᠡ ᠪᠠᠷ 37 ᠪᠠᠶᠢᠭᠤᠯᠪᠠ᠃      ︽ᠬᠦᠢ︕ ᠣᠯᠵᠤ ᠦᠵᠡᠨ᠎ᠡ ᠦᠦ︖︾ ᠮᠠᠨ ᠤ ᠭᠡᠷ ᠤᠨ ᠡᠮᠦᠨ᠎ᠡ 5G ᠰᠦᠯᠵᠢᠶ᠎ᠡ ᠶᠢᠨ ᠳᠣᠬᠢᠶᠠᠨ ᠰᠤᠪᠤᠷᠭ᠎ᠠ ᠤᠭᠰᠠᠷᠠᠪᠠ᠂ ᠰᠡᠭᠦᠯᠡᠷ ᠭᠠᠳᠠᠨ᠎ᠠ ᠬᠤᠨᠢ ᠬᠠᠷᠢᠭᠤᠯᠵᠤ ᠪᠠᠰᠠ ᠨᠠᠳᠠ ᠳᠤ ᠴᠢᠮᠡᠭᠡ ᠶᠠᠪᠤᠭᠤᠯᠵᠤ ᠪᠣᠯᠣᠨ᠎ᠠ︾ ᠭᠡᠵᠦ ᠶᠠᠷᠢᠵᠤ ᠪᠠᠶᠢᠯ᠎ᠠ᠃ ᠴᠠᠭᠠᠨᠬᠠᠳᠠ ᠰᠤᠮᠤ ᠶᠢᠨ ᠮᠠᠯᠴᠢᠨ ᠶᠦᠨ ᠾᠦᠢ ᠴᠢᠩ ᠰᠠᠶ᠋ᠢᠬᠠᠨ ᠳᠠᠩᠰᠠᠯᠠᠭᠰᠠᠨ ᠳ᠋ᠢᠶᠠᠩᠬᠤᠸᠠ ᠶᠢᠨ ᠺᠠᠷᠲ ᠢᠶᠠᠷ ᠭᠡᠷ ᠤᠨ ᠬᠥᠮᠦᠰ ᠲᠠᠢ ᠪᠠᠨ ᠬᠠᠷᠢᠯᠴᠠᠵᠤ ᠪᠠᠶᠢᠪᠠ᠃ ᠶᠦᠨ ᠾᠦᠢ ᠴᠢᠩ ᠡᠷ᠎ᠡ ᠡᠮ᠎ᠡ ᠬᠤᠶᠠᠭᠤᠯᠠ ᠴᠠᠭᠠᠨᠬᠠᠳᠠ ᠰᠤᠮᠤ ᠶᠢᠨ ᠲᠩᠷᠢ ᠨᠠᠭᠤᠷ ᠭᠠᠴᠠᠭ᠎ᠠ ᠳᠤ ᠰᠠᠭᠤᠵᠤ᠂ ᠬᠢᠯᠢ ᠶᠢᠨ ᠱᠤᠭᠤᠮ ᠠᠴᠠ 12 ᠺᠢᠯᠤᠮᠧᠲᠷ ᠵᠠᠶᠢᠲᠠᠶ ᠪᠠᠶᠢᠳᠠᠭ᠃ ᠥᠩᠭᠡᠷᠡᠭᠰᠡᠨ ᠳᠤ᠂ ᠬᠤᠶᠠᠭᠤᠯᠠ ᠵᠥᠪᠬᠡᠨ ᠭᠡᠷ ᠤᠨ ᠢᠶᠠᠨ ᠤᠲᠠᠰᠤ ᠦᠭᠡᠢ ᠰᠦᠯᠵᠢᠶ᠎ᠡ ᠪᠠᠷ ᠭᠡᠷ ᠤᠨ ᠬᠥᠮᠦᠰ ᠲᠠᠢ ᠪᠠᠨ ᠬᠠᠷᠢᠯᠴᠠᠵᠤ᠂ ᠭᠠᠳᠠᠭᠰᠢ ᠭᠠᠷᠴᠤ ᠮᠠᠯ ᠬᠠᠷᠢᠭᠤᠯᠬᠤ ᠳᠠᠭᠠᠨ ᠦᠷᠭᠦᠯᠵᠢ ᠭᠠᠳᠠᠭᠠᠳᠤ ᠣᠷᠴᠢᠨ ᠲᠠᠢ ᠬᠠᠷᠢᠯᠴᠠᠭ᠎ᠠ ᠠᠯᠳᠠᠵᠤ᠂ ᠡᠨᠡ ᠨᠢ ᠲᠡᠳᠡᠨ ᠤ ᠠᠮᠢᠳᠤᠷᠠᠯ ᠳᠤ ᠮᠠᠰᠢ ᠣᠯᠠᠨ ᠳᠥᠭᠦᠮ ᠦᠭᠡᠢ ᠪᠠᠶᠢᠳᠠᠯ ᠢ ᠠᠪᠴᠢᠷᠠᠵᠤ ᠦᠭᠴᠡᠢ᠃      ︽ᠣᠳᠣ ᠷᠠᠳᠢᠣ᠋ ᠲᠧᠯᠸᠢᠰ ᠤᠨ 5G ᠰᠦᠯᠵᠢᠶ᠎ᠡ ᠶᠢᠨ ᠺᠠᠷᠲ ᠲᠠᠢ ᠪᠣᠯᠵᠠᠢ᠂ ᠭᠠᠳᠠᠨ᠎ᠠ ᠪᠠᠰᠠ ᠤᠲᠠᠰᠤ᠂ ᠸᠢᠳᠢᠤ᠋᠂ ᠣᠬᠤᠷ ᠮᠡᠳᠡᠭᠡ ᠠᠪᠴᠤ ᠪᠣᠯᠳᠠᠭ᠂ᠮᠠᠰᠢ ᠰᠠᠶᠢᠨ ᠰᠢᠦ︕ ︾ ᠶᠦᠨ ᠾᠦᠢ ᠴᠢᠩ ᠪᠠᠶᠠᠷᠲᠠᠶ ᠪᠠᠷ ᠬᠡᠯᠡᠬᠦ ᠳᠡᠭᠡᠨ᠂ ︽ᠨᠢᠭᠡ ᠬᠠᠭᠤᠳᠠᠰᠤ ᠳ᠋ᠢᠶᠠᠩᠬᠤᠸᠠ ᠶᠢᠨ ᠺᠠᠷᠲ ᠨᠢ ᠨᠢᠭᠡ ᠵᠢᠯ ᠳᠤ 228 ᠲᠥᠭᠦᠷᠢᠭ᠂ ᠰᠠᠷ᠎ᠠ ᠪᠦᠷᠢ 100G ᠤᠷᠤᠰᠬᠠᠯ ᠤᠨ ᠬᠡᠮᠵᠢᠶ᠎ᠡ ᠪᠠ 100 ᠮᠢᠨᠦ᠋ᠲ ᠤᠨ ᠳ᠋ᠢᠶᠠᠩᠬᠤᠸᠠ ᠪᠠᠷ ᠨᠡᠪᠲᠡᠷᠡᠬᠦ ᠨᠢ ᠦᠨ᠎ᠡ ᠦᠭᠡᠢ ᠮᠥᠷᠲᠡᠭᠡᠨ ᠭᠦᠢᠴᠡᠨ᠎ᠡ︕︾ ᠭᠡᠵᠡᠶ᠃      ᠰᠢ ᠶᠢᠨ ᠫᠢᠩ ᠶᠡᠷᠦᠩᠬᠡᠢ ᠱᠦᠵᠢ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ ᠪᠦᠬᠦ ᠤᠯᠤᠰ ᠠᠴᠠ ᠠᠪᠴᠤ ᠦᠵᠡᠪᠡᠯ᠂ ᠪᠦᠬᠦ ᠠᠷᠠᠳ ᠲᠦᠮᠡᠨ ᠤ ᠬᠠᠮᠲᠤ ᠪᠠᠷ ᠪᠠᠶᠠᠵᠢᠬᠤ ᠶᠢ ᠠᠬᠢᠭᠤᠯᠬᠤ ᠬᠠᠮᠤᠭ ᠤᠨ ᠬᠠᠲᠠᠭᠤ ᠪᠡᠷᠬᠡ ᠡᠭᠦᠷᠭᠡ ᠵᠠᠷᠢᠮ ᠬᠢᠯᠢ ᠬᠢᠵᠠᠭᠠᠷ ᠤᠨ ᠦᠨᠳᠦᠰᠦᠲᠡᠨ ᠤ ᠣᠷᠣᠨ ᠳᠤ ᠪᠠᠶᠢᠨ᠎ᠠ᠃ ᠡᠳᠡᠭᠡᠷ ᠬᠢᠯᠢ ᠬᠢᠵᠠᠭᠠᠷ ᠤᠨ ᠦᠨᠳᠦᠰᠦᠲᠡᠨ ᠤ ᠣᠷᠣᠨ ᠨᠢ ᠬᠠᠮᠲᠤ ᠪᠠᠷ ᠪᠠᠶᠠᠵᠢᠬᠤ ᠵᠠᠮ ᠠᠴᠠ ᠬᠤᠴᠣᠷᠴᠤ ᠪᠣᠯᠬᠤ ᠦᠭᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠨᠡᠩ ᠴᠢᠬᠤᠯᠠᠴᠢᠯᠠᠵᠤ᠂ ᠠᠷᠠᠳ ᠤᠨ ᠠᠮᠢᠳᠤᠷᠠᠯ ᠤᠨ ᠳᠤᠲᠠᠭᠤᠳᠠᠯ ᠢ ᠨᠥᠬᠦᠪᠥᠷᠢᠯᠡᠵᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠵᠦ᠂ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ ᠠᠵᠢᠯᠯᠠᠭ᠎ᠠ ᠶᠢ ᠦᠨᠡᠨ ᠬᠦ ᠮᠡᠳᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠳᠤᠮᠳᠠᠳᠤ ᠤᠯᠤᠰ ᠤᠨ ᠷᠠᠳᠢᠣ᠋ ᠲᠧᠯᠸᠢᠰ ᠤᠨ ᠥᠪᠥᠷ ᠮᠣᠩᠭᠤᠯ ᠤᠨ ᠰᠦᠯᠵᠢᠶᠡᠨ ᠤ ᠬᠢᠵᠠᠭᠠᠷᠲᠤ ᠺᠣᠮᠫᠠᠨᠢ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠤᠪᠢᠶᠠᠷᠢ ᠺᠣᠮᠫᠠᠨᠢ ᠶᠢᠨ ᠳᠠᠭᠠᠭᠠᠮᠠᠯ ᠸᠠᠩ ᠪᠥᠸᠧ ᠄ ︽2024 ᠣᠨ ᠤ ᠤᠯᠤᠰ ᠤᠨ ᠴᠠᠬᠢᠯᠭᠠᠨ ᠬᠤᠯᠪᠣᠭᠠᠨ ᠤ ᠬᠢᠯᠢ ᠬᠢᠵᠠᠭᠠᠷ ᠤᠨ ᠦᠢᠯᠡᠴᠢᠯᠡᠭᠡᠨ ᠤ ᠲᠥᠷᠥᠯ ᠵᠦᠢᠯ ᠤᠨ ᠳᠣᠲᠣᠷ᠎ᠠ᠂ ᠮᠠᠨ ᠤ ᠳᠠᠷᠬᠠᠨ ᠮᠤᠤᠮᠢᠩᠭᠠᠨ ᠤ ᠬᠤᠪᠢᠶᠠᠷᠢ ᠺᠣᠮᠫᠠᠨᠢ ᠶᠢᠨ ᠡᠭᠦᠷᠭᠡᠯᠡᠭᠰᠡᠨ 30 ᠰᠤᠪᠤᠷᠭ᠎ᠠ ᠶᠢᠨ ᠦᠨᠳᠦᠰᠦᠨ ᠪᠦᠲᠦᠭᠡᠨ ᠪᠠᠶᠢᠭᠤᠯᠤᠯᠲᠠ ᠪᠠᠶᠢᠵᠤ᠂ ᠣᠲᠣ ᠪᠣᠯᠲᠠᠯ᠎ᠠ᠂ ᠨᠢᠭᠡᠨᠲᠡ 90% ᠶᠢ ᠨᠢ ᠪᠡᠶᠡᠯᠡᠭᠦᠯᠪᠡ᠃ ᠣᠳᠣ ᠮᠠᠰᠢ ᠣᠯᠠᠨ ᠮᠠᠯᠴᠢᠳ ᠪᠢᠳᠡᠨ ᠲᠠᠢ ᠬᠠᠷᠢᠯᠴᠠᠵᠤ 192 ᠳᠣᠬᠢᠶᠠᠨ ᠤ ᠺᠠᠷᠲ ᠢ ᠳᠠᠩᠰᠠᠯᠠᠭᠤᠯᠵᠤ ᠪᠠᠶᠢᠨ᠎ᠠ᠂ ᠪᠢᠳᠡ ᠬᠤᠭᠤᠴᠠᠭ᠎ᠠ ᠪᠦᠯᠦᠭ ᠬᠤᠪᠢᠶᠠᠨ ᠣᠯᠠᠨ ᠲᠦᠮᠡᠨ ᠳᠤ ᠦᠢᠯᠡᠴᠢᠯᠡᠵᠦ᠂ ᠬᠢᠯᠢ ᠬᠢᠵᠠᠭᠠᠷ ᠣᠷᠣᠨ ᠤ ᠮᠠᠯᠴᠢᠳ ᠤᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠣᠯᠤᠨ᠎ᠠ᠃︾ ᠭᠡᠵᠡᠢ᠃      ᠣᠳᠣᠬᠠᠨ ᠳᠤ᠂ ᠨᠢᠳᠦᠨ ᠳᠤ ᠦᠯᠦ ᠦᠵᠡᠭᠳᠡᠬᠦ ︽ᠮᠡᠳᠡᠭᠡ ᠵᠠᠩᠭᠢ ᠶᠢᠨ ᠥᠨᠳᠥᠷ ᠬᠤᠷᠳᠤᠴᠠᠲᠤ ᠵᠠᠮ︾ ᠨᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠮᠠᠷᠠᠲᠤ ᠬᠢᠯᠢ ᠶᠢᠨ ᠡᠨᠡ ᠬᠦ ᠵᠢᠵᠢᠭ ᠪᠠᠯᠭᠠᠰᠤᠨ ᠤ ᠬᠤᠭᠤᠷᠣᠨᠳᠣ ᠰᠦᠯᠵᠢᠯᠳᠦᠵᠦ᠂ ᠡᠨᠡ ᠬᠦ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠨᠤᠲᠤᠭ ᠳᠡᠪᠢᠰᠬᠡᠷ ᠳᠡᠭᠡᠷ᠎ᠡ ᠬᠤᠲᠠ ᠬᠥᠳᠡᠭᠡ ᠶᠢᠨ ᠬᠤᠭᠤᠷᠣᠨᠳᠣᠬᠢ ︽ᠲᠣᠭᠠᠨ ᠤ ᠵᠠᠭᠠᠭ︾ ᠢᠳᠡᠭ ᠢᠳᠡᠭ ᠢᠶᠠᠷ ᠪᠠᠭᠠᠰᠴᠤ᠂ ︽ᠬᠤᠷᠤᠭᠤᠨ ᠦᠵᠦᠭᠦᠷ ᠲᠠᠬᠢ ᠵᠣᠯ ᠵᠢᠷᠭᠠᠯ︾ ᠲᠠᠰᠤᠷᠠᠯᠲᠠ ᠦᠭᠡᠢ ᠨᠡᠮᠡᠭᠳᠡᠵᠦ ᠪᠠᠶᠢᠨ᠎ᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号