ᠬᠤᠨᠢᠨ ᠮᠢᠬᠠᠨᠣᠷᠢᠶᠠᠯᠲᠠ᠂ ᠬᠤᠨᠢᠨ ᠮᠢᠬᠠᠨ ᠱᠣᠷᠣᠯᠢᠭ᠂ ᠬᠤᠨᠢᠨ ᠮᠢᠬᠠᠨ ᠱᠠᠯᠪᠢᠩ᠂ ᠲᠣᠮᠣ ᠬᠡᠰᠡᠭ | ᠬᠤᠨᠢᠨ ᠤ ᠮᠢᠬ᠎ᠠ ᠁ ᠨᠢ ᠥᠪᠥᠷ ᠮᠣᠩᠭᠤᠯ ᠤᠨ ᠲᠢᠶᠠᠨ ᠢᠦᠢ ᠮᠦ ᠭᠧ ᠲᠠᠷᠢᠶᠠᠯᠠᠩ ᠮᠠᠯ ᠠᠵᠤ ᠠᠬᠤᠢ ᠶᠢᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠪᠣᠯᠪᠠᠰᠤᠷᠠᠭᠤᠯᠬᠤ | ᠲᠠᠰᠤᠭ ᠲᠤ᠂ ᠠᠵᠢᠯᠲᠠᠳ ᠶᠠᠭ ᠪᠦᠬᠦᠯᠢ ᠬᠤᠨᠢ ᠶᠢ ᠨᠠᠷᠢᠯᠢᠬᠵᠢᠭᠤᠯᠤᠨ ᠰᠠᠯᠭᠠᠵᠤ᠂ ︽ᠪᠡᠶ᠎ᠡ ᠶᠢ ᠨᠢ ᠬᠡᠮᠵᠢᠵᠦ | ᠬᠤᠪᠴᠠᠰᠤ ᠡᠰᠬᠡᠬᠦ︾ ᠨᠠᠷᠢᠯᠢᠭ ᠡᠳ᠋ᠰᠢᠭᠦᠯᠦᠭᠰᠡᠨ ᠦᠢᠯᠡᠳᠬᠦᠨ ᠢ ᠠᠳᠡ ᠠᠴᠠ ᠡᠬᠢᠯᠡᠨ ᠦᠢᠯᠡᠳᠪᠦᠷᠢᠯᠡᠯ ᠤᠨ | ᠱᠤᠭᠤᠮ ᠠᠴᠠ ᠪᠠᠭᠤᠯᠭᠠᠵᠤ᠂ ᠪᠦᠬᠦ ᠤᠯᠤᠰ ᠤᠨ ᠡᠯ᠎ᠡ ᠭᠠᠵᠠᠷ ᠲᠤ ᠪᠣᠷᠣᠯᠠᠭᠤᠯᠵᠤ ᠪᠠᠶᠢᠨ᠎ᠠ᠃ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠮᠤᠨᠢ ᠠᠭᠤᠯᠠ ᠶᠢᠨ ᠠᠷᠤ ᠬᠤᠷᠮᠣᠶ ᠳᠤ ᠪᠠᠶᠢᠷᠢᠯᠠᠵᠤ᠂ | ᠨᠤᠲᠤᠭ ᠪᠡᠯᠴᠢᠭᠡᠷ ᠤᠨ ᠲᠠᠯᠠᠪᠠᠶ ᠥᠷᠭᠡᠨ ᠠᠭᠤᠳᠠᠮ᠂ ᠬᠠᠮᠤᠷᠬᠤ ᠬᠡᠪᠴᠢᠶ᠎ᠡ 90% ᠶᠢ ᠳᠠᠪᠠᠭᠰᠠᠨ ᠪᠠᠶᠢᠭᠠᠯᠢᠯᠢᠭ | ᠪᠡᠯᠴᠢᠭᠡᠷ ᠲᠠᠢ ᠪᠠᠶᠢᠵᠤ᠂ ᠬᠥᠭᠵᠢᠭᠰᠡᠨ ᠲᠠᠷᠢᠮᠠᠯ ᠤᠨ ᠦᠢᠯᠡᠰ ᠪᠠ ᠡᠯᠪᠡᠭ ᠪᠠᠶᠠᠯᠢᠭ ᠲᠡᠵᠢᠭᠡᠯ ᠡᠪᠡᠰᠦ ᠪᠣᠷᠳᠣᠭᠠᠨ ᠤ | ᠡᠬᠢ ᠪᠠᠶᠠᠯᠢᠭ ᠨᠢ ᠦᠢᠯᠡᠳᠪᠦᠷᠢᠯᠡᠯ ᠤᠨ ᠰᠢᠮ᠎ᠡ ᠲᠡᠵᠢᠭᠡᠯ ᠡᠯᠪᠡᠭ᠂ ᠦᠨᠦᠷ ᠠᠮᠲᠠ ᠨᠢ ᠰᠣᠷᠭᠤᠭ ᠴᠢᠨᠠᠷ ᠰᠠᠶᠢᠲᠠᠶ | ᠬᠤᠨᠢᠨ ᠮᠢᠬ᠎ᠠ ᠳᠤ ᠴᠤᠯ ᠪᠠᠶᠢᠭᠠᠯᠢᠯᠢᠭ᠂ ᠪᠣᠬᠢᠷᠲᠤᠯ ᠥᠬᠡᠶ ᠢᠳᠡᠭᠡᠨ ᠤ ᠦᠢᠯᠡᠳᠪᠦᠷᠢᠯᠡᠯ ᠤᠨ ᠣᠷᠴᠢᠨ | ᠲᠣᠭᠤᠷᠢᠨ ᠢ ᠪᠣᠶ ᠪᠣᠯᠭᠠᠵᠠᠶ᠃ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠠᠯ᠎ᠠ ᠨᠤᠲᠤᠭ ᠤᠨ ᠬᠤᠨᠢ︾ | ᠶᠢᠨ ᠪᠣᠷᠣᠯᠠᠭᠤᠯᠭ᠎ᠠ ᠰᠠᠶᠢᠲᠠᠶ ᠪᠠᠶᠢᠬᠤ ᠨᠢ ᠰᠢᠯᠢᠳᠡᠭ ᠶᠠᠰᠤ ᠴᠢᠨᠠᠷ ᠠᠴᠠ ᠪᠣᠯᠤᠭᠰᠠᠨ ᠮᠥᠷᠲᠡᠭᠡᠨ ᠪᠠᠰᠠ ᠬᠤᠨᠢᠨ | ᠮᠢᠬᠠᠨ ᠤ ᠪᠦᠲᠦᠭᠡᠭᠳᠡᠬᠦᠨ ᠨᠢ ᠤᠷᠢᠳ ᠬᠤᠵᠢᠳ ᠪᠥᠬᠦ ᠤᠯᠤᠰ ᠤᠨ ᠭᠠᠵᠠᠷ ᠵᠦᠶ ᠶᠢᠨ ᠪᠡᠯᠭᠡ ᠲᠡᠮᠳᠡᠭ ᠤᠨ | ᠭᠡᠷᠡᠴᠢᠯᠡᠭᠡ ᠶᠢᠨ ᠲᠠᠸᠠᠷ ᠤᠨ ᠲᠡᠮᠳᠡᠭ᠂ ᠭᠠᠵᠠᠷ ᠵᠦᠶ ᠶᠢᠨ ᠪᠡᠯᠭᠡ ᠲᠡᠮᠳᠡᠭ ᠤᠨ ᠳᠡᠩᠰᠡᠯᠡᠯᠲᠡ ᠶᠢᠨ ᠪᠦᠲᠦᠭᠡᠭᠳᠡᠬᠦᠨ | ᠵᠢᠴᠢ ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠢ ᠭᠥᠷᠳᠡᠵᠦ ᠪᠣᠯᠤᠰᠢ | ᠥᠬᠡᠶ ᠶᠤᠮ᠃ ᠥᠪᠥᠷ ᠮᠣᠩᠭᠤᠯ ᠤᠨ ᠲᠢᠶᠠᠨ ᠢᠦᠶ ᠮᠥ ᠭᠧ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢ ᠶᠢᠨ ᠳᠠᠷᠤᠭ᠎ᠠ | ᠪᠥᠭᠡᠳ ᠶᠡᠷᠦᠩᠬᠡᠶ ᠳᠠᠭᠠᠭᠠᠮᠠᠯ ᠯᠢᠦ ᠹᠸᠢ᠄ ︽2023 ᠣᠨ ᠳᠤ ︿ᠥᠪᠦᠷ ᠮᠣᠩᠭᠤᠯ﹀ ᠨᠡᠷᠡᠮᠵᠢᠲᠦ ᠬᠠᠷᠠᠯᠲᠠᠲᠤ | ᠭᠡᠷᠡᠴᠢᠯᠡᠭᠡ ᠶᠢ ᠪᠠᠲᠤᠯᠠᠵᠤ᠂ ᠢᠳᠡᠭᠡᠨ ᠤ ᠠᠮᠤᠷ ᠲᠦᠪᠰᠢᠨ ᠤ ᠲᠠᠯ᠎ᠠ ᠠᠴᠠ ᠲᠢᠶᠠᠨ ᠢᠦᠢ ᠮᠦ ᠭᠧ ᠶᠢᠨ | ᠦᠢᠯᠡᠳᠪᠦᠷᠢᠯᠡᠯ ᠢ ᠤᠯᠠᠮ ᠨᠢᠭᠡ ᠠᠯᠬᠤᠮ ᠵᠢᠷᠤᠮᠵᠢᠭᠤᠯᠵᠠᠢ᠃ ᠠᠵᠤ ᠠᠬᠤᠶ ᠶᠢᠨ ᠦᠷ᠎ᠡ ᠠᠰᠢᠭ ᠠᠴᠠ ᠠᠪᠴᠤ | ᠬᠡᠯᠡᠪᠡᠯ ᠪᠠᠰᠠ ᠮᠠᠰᠢ ᠶᠡᠭᠡ ᠦᠢᠯᠡᠳᠦᠯ ᠦᠵᠡᠭᠦᠯᠵᠦ᠂ ᠨᠠᠷᠠᠲᠤ ᠲᠡᠮᠳᠡᠭᠲᠦ ᠶᠢ ᠨᠠᠩ ᠬᠥᠮᠦᠰ ᠤᠨ ᠰᠡᠳᠬᠢᠯ ᠳᠤ ᠨᠠᠩ | ᠭᠦᠨ ᠬᠠᠳᠠᠩᠰᠢᠭᠤᠯᠤᠨ᠎ᠠ᠃︾ 2024 ᠣᠨ ᠳᠤ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠠᠯ᠎ᠠ | ᠨᠤᠲᠤᠭ ᠤᠨ ᠬᠤᠨᠢ︾ ᠭᠡᠬᠦ ᠡᠨᠡ ᠬᠦ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠨᠢ 30. | 78 ᠳ᠋ᠦᠩᠰᠢᠭᠤᠷ ᠲᠥᠭᠦᠷᠢᠭ ᠢ ᠳᠠᠪᠠᠪᠠ᠃ | ᠣᠶᠢᠷ᠎ᠠ ᠶᠢᠨ ᠵᠢᠯ ᠳᠤ᠂ ᠳᠠᠷᠬᠠᠨ ᠮᠤᠤᠮᠢᠩᠭᠠᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠲᠠᠸᠠᠷ ᠤᠨ ᠲᠡᠮᠳᠡᠭ ᠤᠨ ᠬᠠᠮᠢᠶᠠᠷᠤᠯᠲᠠ ᠪᠠᠨ ᠲᠠᠰᠤᠷᠠᠯᠲᠠ ᠥᠬᠡᠶ ᠴᠢᠩᠭᠠᠳᠬᠠᠵᠤ᠂ | ︽ᠪᠠᠷᠢᠮᠵᠢᠶ᠎ᠠ ᠪᠠᠷ ᠨᠠᠷᠠᠲᠤ ᠲᠥᠷᠥᠯ ᠲᠡᠮᠳᠡᠭᠲᠦ ᠪᠠᠷ ᠬᠦᠴᠦᠨ ᠨᠡᠮᠡᠷᠢᠯᠡᠬᠦ︾ ᠬᠤᠤᠰ ᠬᠦᠷᠳᠦ ᠪᠠᠷ ᠬᠥᠳᠡᠯᠭᠡᠭᠦᠷ | ᠪᠣᠯᠭᠠᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠳᠤ ᠤᠯᠤᠰ ᠤᠨ ᠭᠠᠵᠠᠷ ᠵᠦᠶ ᠶᠢᠨ | ᠲᠡᠮᠳᠡᠭᠲᠦ ᠪᠦᠲᠦᠭᠡᠭᠳᠡᠬᠦᠨ ᠤ ᠭᠡᠷᠡᠴᠢᠯᠡᠭᠡ ᠶᠢ ᠬᠦᠷᠲᠡᠬᠦ ᠶᠢ ᠠᠬᠢᠭᠤᠯᠪᠠ᠃ ᠡᠭᠦᠨ ᠤ ᠬᠠᠮᠲᠤ᠂ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠪᠠᠷ ᠪᠥᠬᠦ ᠬᠤᠰᠢᠭᠤᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠵᠤ᠂ ᠠᠵᠤ ᠠᠬᠤᠶᠢᠯᠠᠯ ᠪᠠ ᠲᠠᠷᠢᠶᠠᠴᠢᠨ | ᠡᠷᠦᠬᠡ ᠶᠢᠨ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠢ ᠠᠰᠢᠭᠯᠠᠨ ᠥᠨᠳᠥᠷ ᠠᠰᠢᠭ ᠭᠥᠷᠳᠡᠬᠦ ᠶᠢ | ᠳᠡᠮᠵᠢᠨ᠎ᠡ᠃ | ︽ᠨᠤᠲᠤᠭ ᠤᠨ ᠣᠨᠴᠠ ᠭᠠᠷᠤᠯᠲᠠ︾ ᠨᠢ ︽ᠠᠯᠲᠠᠨ ᠮᠧᠳ᠋ᠯ︾ ᠪᠣᠯᠵᠤ᠂ ︽ᠪᠠᠭ᠎ᠠ ᠮᠠᠢᠮᠠᠢ︾ ᠨᠢ ︽ | ᠲᠣᠮᠣ ᠠᠵᠤ ᠦᠢᠯᠡᠰ︾ ᠪᠣᠯᠵᠤ᠂ ᠢᠮᠦᠷᠬᠦᠦ ᠬᠤᠪᠢᠷᠠᠯᠲᠠ ᠨᠢ ᠵᠥᠪᠬᠡᠨ ᠬᠤᠨᠢᠨ ᠮᠢᠬᠠᠨ ᠤ ᠪᠦᠲᠦᠭᠡᠭᠳᠡᠬᠦᠨ | ᠳᠡᠭᠡᠷ᠎ᠡ ᠭᠠᠷᠤᠭᠰᠠᠨ ᠪᠢᠰᠢ᠃ | ︽ᠳᠠᠷᠬᠠᠨ ᠮᠣᠣᠮᠢᠩᠭᠠᠨ ᠤ ᠵᠢᠵᠢᠭ ᠤᠯᠠᠭᠠᠨ ᠬᠠᠯᠢᠰᠤ ᠨᠢ ᠬᠠᠪᠤᠷ ᠤᠨ ᠪᠤᠭᠤᠳᠠᠢ ᠳᠤ ᠬᠠᠷᠢᠶᠠᠯᠠᠭᠳᠠᠵᠤ᠂ | ᠤᠷᠭᠤᠯᠲᠠ ᠶᠢᠨ ᠬᠤᠭᠤᠴᠠᠭ᠎ᠠ ᠨᠢ ᠲᠠᠪᠤᠨ ᠰᠠᠷ᠎ᠠ ᠪᠣᠯᠤᠨ᠎ᠠ ᠁︾ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠤ ᠤᠮᠠᠷᠠᠲᠤ ᠶᠢᠨ ᠾᠧ ᠮᠥ ᠲᠠᠷᠢᠶᠠᠯᠠᠩ ᠮᠠᠯ ᠠᠵᠤ ᠠᠬᠤᠶ ᠶᠢᠨ ᠲᠤᠰᠬᠠᠶ ᠬᠤᠷᠰᠢᠶ᠎ᠠ ᠶᠢᠨ ᠬᠡᠷᠡᠭ | ᠡᠷᠬᠢᠯᠡᠭᠴᠢ ᠶᠢᠨ ᠳᠠᠷᠤᠭ᠎ᠠ ᠯᠢᠦ ᠱᠣᠤ ᠯᠦᠩ ᠰᠢᠭᠤᠳ ᠨᠡᠪᠲᠡᠷᠡᠭᠦᠯᠬᠦ ᠲᠠᠰᠤᠭ ᠳᠤ ᠪᠠᠨ ︽ᠠᠬ᠎ᠠ ᠳᠡᠭᠦᠦ︾ ᠨᠠᠷ | ᠲᠤ ᠪᠠᠨ ᠳᠠᠷᠬᠠᠨ ᠮᠤᠤᠮᠢᠩᠭᠠᠨ ᠤ ᠤᠯᠠᠭᠠᠨ ᠪᠤᠭᠤᠳᠠᠢ ᠶᠢᠨ ᠨᠤᠨᠲᠠᠭ ᠢ ᠲᠠᠨᠢᠯᠴᠠᠭᠤᠯᠪᠠ᠃ ᠦᠢᠯᠡᠳᠪᠦᠷᠢᠯᠡᠯ ᠤᠨ | ᠲᠠᠰᠤᠭ ᠲᠤ ᠪᠤᠭᠤᠳᠠᠢ ᠠᠷᠢᠯᠭᠠᠬᠤ ᠴᠢᠯᠠᠭᠤ ᠤᠤᠭᠤᠯᠭᠠᠬᠤ᠂ ᠪᠤᠭᠤᠳᠠᠢ ᠳᠠᠪᠲᠠᠬᠤ᠂ ᠤᠬᠢᠶᠠᠬᠤ ᠵᠡᠷᠭᠡ ᠳᠣᠯᠣᠭᠠᠨ | ᠠᠯᠬᠤᠮᠤᠨ ᠠᠵᠢᠯ ᠤᠨ ᠳᠠᠷᠠᠭ᠎ᠠ 48 ᠴᠠᠭ ᠲᠠᠶᠢᠪᠤᠩ ᠪᠠᠶᠢᠯᠭᠠᠵᠤ ᠪᠤᠭᠤᠳᠠᠢ ᠴᠡᠪᠡᠷᠰᠢᠭᠦᠯᠬᠦ ᠲᠠᠰᠤᠭ ᠲᠤ | ᠣᠷᠣᠭᠤᠯᠣᠨ᠂ ᠪᠤᠭᠤᠳᠠᠢ ᠶᠢᠨ ᠦᠨᠦᠷ ᠬᠠᠩᠬᠤᠯᠤᠭᠰᠠᠨ ᠭᠤᠯᠢᠷ ᠠᠭᠠᠵᠢᠮ ᠢᠶᠠᠷ ᠦᠢᠯᠡᠳᠪᠦᠷᠢᠯᠡᠯ ᠤᠨ | ᠱᠤᠭᠤᠮ ᠠᠴᠠ ᠤᠷᠤᠰᠤᠨ ᠭᠠᠷᠤᠨ᠎ᠠ᠃ | ᠬᠤᠷᠰᠢᠶ᠎ᠠ ᠪᠠᠶᠢᠭᠤᠯᠤᠭᠳᠠᠭᠰᠠᠨ ᠡᠬᠢᠨ ᠤ ᠬᠤᠭᠤᠴᠠᠭᠠᠨ ᠳᠤ ᠴᠣ ᠰᠢᠨ᠎ᠡ ᠠᠵᠤ ᠠᠬᠤᠶᠢᠯᠠᠯ ᠪᠠ ᠨᠠᠷᠠᠲᠤ | ᠲᠡᠮᠳᠡᠭᠲᠦ ᠶᠢᠨ ᠪᠣᠷᠣᠯᠠᠭᠤᠯᠭ᠎ᠠ ᠨᠢ ᠮᠠᠰᠢ ᠣᠯᠠᠨ ᠬᠢᠵᠠᠭᠠᠷᠯᠠᠭᠳᠠᠭᠰᠠᠨ ᠠᠴᠠ᠂ ︽ᠬᠤᠷᠰᠢᠶ᠎ᠠ ᠭᠤᠤᠯᠳᠠᠭᠤ ᠮᠤᠨᠢ | ᠠᠭᠤᠯᠠ ᠠᠴᠠ ᠤᠮᠠᠷᠠᠰᠢᠬᠢ ᠬᠠᠭᠤᠷᠠᠢ ᠭᠠᠵᠠᠷ ᠤᠨ ᠬᠤᠯᠢᠮᠠᠭ ᠠᠮᠤ ᠡᠵᠡᠩᠨᠡᠵᠦ᠂ ᠤᠯᠤᠰ ᠤᠨ ᠭᠠᠵᠠᠷ ᠵᠦᠶ ᠶᠢᠨ | ᠪᠡᠯᠭᠡ ᠲᠡᠮᠳᠡᠭ ᠤᠨ ᠭᠡᠷᠡᠴᠢᠯᠡᠭᠡ ᠶᠢᠨ ᠪᠦᠲᠦᠭᠡᠭᠳᠡᠬᠦᠨ ︿ᠳᠠᠷᠬᠠᠨ ᠮᠤᠤᠮᠢᠩᠭᠠᠨ ᠤ ᠵᠢᠵᠢᠭ ᠤᠯᠠᠭᠠᠨ ᠬᠠᠯᠢᠰᠤᠲᠤ | ᠪᠤᠭᠤᠳᠠᠢ﹀ ᠪᠠ ︿ᠳ᠋ᠠ ᠾᠸᠦ ᠱᠠᠨ ᠠᠭᠤᠯᠠᠨ ᠤ ᠶᠤᠤᠮᠠᠢ ᠶᠢᠨ ᠭᠤᠯᠢᠷ᠂ ᠰᠠᠭᠠᠭ ᠤᠨ ᠭᠤᠯᠢᠷ ᠤᠨ﹀ ᠪᠠᠭᠲᠠᠨ᠎ᠠ᠃ | ᠭᠡᠪᠡᠴᠦ ︿ᠦᠪᠦᠷ ᠮᠣᠩᠭᠤᠯ﹀ ᠨᠡᠷᠡᠮᠵᠢᠲᠦ ᠭᠡᠷᠡᠴᠢᠯᠡᠭᠡ ᠪᠠ ᠤᠯᠤᠰ ᠤᠨ ᠭᠠᠵᠠᠷ ᠵᠦᠶ ᠶᠢᠨ ᠲᠡᠮᠳᠡᠭ ᠲᠠᠢ | ᠦᠢᠯᠡᠳᠬᠦᠨ ᠤ ᠭᠡᠷᠡᠴᠢᠯᠡᠭᠡ ᠢᠶᠠᠷ ᠳᠡᠮᠵᠢᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠨᠢ ᠪᠢᠳᠡᠨ ᠤ | ᠳᠡᠯᠭᠡᠷᠡᠭᠦᠯᠦᠨ ᠬᠥᠭᠵᠢᠭᠦᠯᠬᠦ ᠳᠤ ᠬᠦᠴᠦᠲᠡᠶ ᠳᠡᠮᠵᠢᠯᠭᠡ ᠪᠠ ᠪᠠᠲᠤᠯᠠᠭ᠎ᠠ ᠬᠠᠩᠭᠠᠵᠤ᠂ ᠣᠲᠣ ᠦᠢᠯᠡᠳᠬᠦᠨ ᠤ | ᠠᠯᠳᠠᠷᠰᠢᠯ ᠢᠶᠠᠨ ᠭᠠᠷᠭᠠᠵᠤ᠂ ᠪᠥᠬᠦ ᠤᠯᠤᠰ ᠤᠨ ᠡᠯ᠎ᠡ ᠭᠠᠵᠠᠷ ᠲᠤ ᠵᠠᠯᠭᠠᠭ᠎ᠠ ᠪᠠᠷ ᠪᠣᠷᠣᠯᠠᠭᠤᠯᠵᠤ᠂ ᠠᠵᠤ | ᠠᠬᠤᠶᠢᠯᠠᠯ ᠤᠨ ᠪᠣᠷᠣᠯᠠᠭᠤᠯᠤᠯᠲᠠ ᠶᠢᠨ ᠣᠷᠣᠯᠭ᠎ᠠ ᠴᠤ ᠵᠢᠯ ᠳᠠᠷᠠᠭᠠᠯᠠᠨ ᠨᠡᠮᠡᠭᠳᠡᠪᠡ︾ ᠭᠡᠵᠦ ᠯᠢᠦ ᠱᠤᠤ ᠯᠦᠩ | ᠬᠡᠯᠡᠪᠡ᠃ | 2024 ᠣᠨ ᠳᠤ᠂ ᠤᠮᠠᠷᠠᠲᠤ ᠶᠢᠨ ᠾᠧ ᠮᠥ ᠲᠠᠷᠢᠶᠠᠯᠠᠩ ᠮᠠᠯ ᠠᠵᠤ ᠠᠬᠤᠶ ᠶᠢᠨ ᠲᠤᠰᠬᠠᠶ ᠬᠤᠷᠰᠢᠶ᠎ᠠ ᠨᠢ | ︽ᠦᠪᠦᠷ ᠮᠣᠩᠭᠤᠯ︾ ᠨᠡᠷᠡᠮᠵᠢᠲᠦ ᠭᠡᠷᠡᠴᠢᠯᠡᠭᠡ ᠶᠢ ᠠᠮᠵᠢᠯᠲᠠ ᠲᠠᠢ ᠭᠥᠷᠳᠡᠵᠦ᠂ ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤᠨ ᠤ ᠠᠮᠤ ᠪᠤᠳᠠᠭᠠᠨ ᠤ ᠬᠦᠷᠢᠶᠡᠨ ᠳᠠᠬᠢ ︽ᠦᠪᠦᠷ ᠮᠣᠩᠭᠤᠯ︾ ᠨᠡᠷᠡᠮᠵᠢᠲᠦ ᠭᠡᠷᠡᠴᠢᠯᠡᠭᠡ | ᠥᠬᠡᠶ ᠪᠠᠶᠢᠬᠤ ᠶᠢ ᠳᠠᠪᠠᠭᠰᠠᠨ ᠢ ᠬᠠᠷᠠᠭᠤᠯᠵᠤ ᠪᠠᠶᠢᠨ᠎ᠠ᠃ ᠢᠩᠭᠢᠭᠰᠡᠨ ᠢᠶᠠᠷ ᠪᠤᠭᠤᠲᠤ ᠬᠤᠲᠠ ᠶᠢᠨ ᠠᠩᠬᠠᠳᠠᠭᠴᠢ ︽ | ᠦᠪᠦᠷ ᠮᠣᠩᠭᠤᠯ︾ ᠨᠡᠷᠡᠮᠵᠢᠲᠦ ᠭᠡᠷᠡᠴᠢᠯᠡᠭᠡ ᠶᠢᠨ ᠠᠵᠤ ᠠᠬᠤᠶᠢᠯᠠᠯ ᠥᠪᠥᠷ ᠮᠣᠩᠭᠤᠯ ᠤᠨ ᠲᠢᠶᠠᠨ ᠢᠦᠶ ᠮᠥ ᠭᠧ | ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ | ᠺᠣᠮᠫᠠᠨᠢ ᠲᠠᠢ ᠨᠢᠭᠡ ᠲᠠᠷᠢᠶᠠᠯᠠᠩ ᠮᠠᠯ ᠠᠵᠤ ᠠᠬᠤᠶ ᠶᠢᠨ ᠰᠢᠨ᠎ᠡ ᠪᠠᠶᠢᠷᠢᠰᠢᠯ ᠢ ᠪᠣᠶ ᠪᠣᠯᠭᠠᠵᠤ᠂ ᠠᠵᠤ | ᠠᠬᠤᠶᠢᠯᠠᠯ ᠤᠨ ᠦᠪᠦᠷ ᠮᠣᠩᠭᠤᠯ ᠨᠡᠷᠡᠮᠵᠢᠲᠦ ᠶᠢ ᠭᠡᠷᠡᠴᠢᠯᠡᠭᠰᠡᠨ ᠤ ᠳᠠᠷᠠᠭ᠎ᠠ᠂ ᠨᠠᠷᠠᠲᠤ ᠲᠡᠮᠳᠡᠭᠲᠦ ᠶᠢᠨ ᠦᠨ᠎ᠡ | ᠦᠷᠭᠦᠯᠵᠢᠯᠡᠨ ᠥᠰᠴᠦ᠂ ᠨᠡᠷ᠎ᠡ ᠠᠰᠢᠭ ᠤᠨ ᠬᠤᠤᠰ ᠣᠷᠣᠯᠭ᠎ᠠ ᠶᠢ ᠦᠨᠡᠨ ᠬᠦ ᠪᠡᠶᠡᠯᠡᠭᠦᠯᠪᠡ᠃ | ᠨᠡᠷᠡᠲᠦ ᠲᠡᠮᠳᠡᠭᠲᠦ ᠶᠢᠨ ᠪᠦᠲᠦᠭᠡᠨ ᠪᠠᠶᠢᠭᠤᠯᠤᠯᠲᠠ ᠨᠢ ᠡᠯ᠎ᠡ ᠵᠦᠢᠯ ᠤᠨ ᠡᠬᠢ ᠪᠠᠶᠠᠯᠢᠭ ᠢ ᠭᠦᠢᠴᠡᠳ | ᠠᠭᠤᠳᠠᠯᠵᠤ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠵᠤ | ᠴᠢᠳᠠᠬᠤ ᠮᠥᠷᠲᠡᠭᠡᠨ ᠪᠠᠰᠠ ᠬᠥᠮᠥᠰ ᠤᠨ ᠴᠢᠨᠠᠷ ᠰᠠᠶᠢᠲᠠᠢ ᠠᠮᠢᠳᠤᠷᠠᠯ ᠤᠨ ᠬᠡᠷᠡᠭᠴᠡᠭᠡ ᠶᠢ ᠬᠠᠩᠭᠠᠵᠤ᠂ ︽ᠨᠢᠭᠡ | ᠭᠠᠵᠠᠷ ᠣᠷᠣᠨ ᠤ ᠲᠡᠮᠳᠡᠭ ᠢ ᠠᠮᠢᠳᠤᠯᠢᠭ ᠬᠡᠷᠡᠭᠯᠡᠵᠦ᠂ ᠨᠢᠭᠡ ᠠᠵᠤ ᠦᠢᠯᠡᠰ ᠢ ᠳᠠᠶᠢᠴᠢᠯᠠᠵᠤ᠂ ᠨᠢᠭᠡ ᠭᠠᠵᠠᠷ | ᠣᠷᠣᠨ ᠤ ᠠᠷᠠᠳ ᠢᠷᠭᠡᠳ ᠢ ᠪᠠᠶᠠᠵᠢᠭᠤᠯᠬᠤ︾᠂ ᠥᠪᠡᠷᠮᠢᠴᠡ ᠡᠬᠢ ᠪᠠᠶᠠᠯᠢᠭ ᠤᠨ ᠳᠠᠪᠠᠭᠤᠯᠢᠭ ᠢ ᠠᠯᠳᠠᠨ | ᠦᠰᠦᠭᠲᠦ ᠫᠠᠶᠢᠰᠠ ᠪᠣᠯᠭᠠᠨ ᠬᠤᠪᠢᠷᠠᠭᠤᠯᠬᠤ ᠬᠡᠷᠡᠭᠲᠡᠢ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠦᠨ᠎ᠡ ᠬᠠᠩᠰᠢ ᠶᠢᠨ ᠬᠢᠨᠠᠯᠲᠠ ᠪᠠ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠠᠰᠤᠭ ᠤᠨ ᠳᠠᠷᠤᠭ᠎ᠠ ᠸᠠᠩ ᠶᠠ ᠴᠢᠶᠠᠨ᠄ ︽ᠣᠶᠢᠷ᠎ᠠ ᠶᠢᠨ ᠵᠢᠯ ᠳᠤ᠂ | ᠮᠠᠨ ᠤ ᠲᠣᠪᠴᠢᠶ᠎ᠠ ᠥᠪᠡᠷᠲᠡᠭᠡᠨ ᠵᠠᠰᠠᠬᠤ ᠣᠷᠣᠨ ᠪᠠ ᠪᠤᠭᠤᠲᠤ ᠬᠤᠲᠠ ᠲᠠᠢ ᠢᠳᠡᠪᠬᠢᠲᠡᠶ ᠵᠣᠯᠭᠠᠵᠤ᠂ ᠬᠠᠮᠢᠶ᠎ᠠ | ᠪᠥᠬᠦᠶ ᠬᠦᠷᠢᠶᠡᠨ ᠤ ᠪᠠᠷᠢᠮᠵᠢᠶ᠎ᠠ ᠶᠢ ᠲᠤᠭᠤᠷᠪᠢᠨ ᠪᠢᠴᠢᠬᠦ ᠪᠦᠯᠬᠦᠮ ᠢ ᠵᠣᠬᠢᠶᠠᠨ ᠪᠠᠶᠢᠭᠤᠯᠬᠤ ᠪᠠᠷ ᠳᠠᠮᠵᠢᠭᠤᠯᠤᠨ᠂ | ᠮᠠᠨ ᠤ ᠬᠤᠰᠢᠭᠤᠨ ᠤ ᠣᠨᠴᠠᠯᠢᠭ ᠢ ᠢᠯᠡᠷᠡᠭᠦᠯᠦᠭᠰᠡᠨ ᠣᠷᠣᠨ ᠨᠤᠲᠤᠭ ᠤᠨ ᠪᠠᠷᠢᠮᠵᠢᠶ᠎ᠠ ᠶᠢ ᠰᠢᠨᠵᠢᠯᠡᠬᠦ | ᠤᠬᠠᠭᠠᠨᠴᠢ ᠪᠠᠷ ᠲᠣᠭᠲᠠᠭᠠᠪᠠ᠃ ᠣᠲᠣ ᠪᠣᠯᠲᠠᠯ᠎ᠠ᠂ ︽ᠪᠠᠭ᠎ᠠ ᠣᠩᠭᠤᠨ ᠤ ᠲᠣᠮᠣ ᠰᠠᠷᠢᠮᠰᠠᠭ︾ ᠤᠨ ᠪᠠᠷᠢᠮᠵᠢᠶ᠎ᠠ ᠶᠢ | ᠨᠢᠭᠡᠨᠲᠡ ᠲᠣᠭᠲᠠᠭᠠᠵᠤ ᠳᠠᠭᠤᠰᠬᠠᠪᠠ︔ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠠᠯ᠎ᠠ ᠨᠤᠲᠤᠭ ᠤᠨ | ᠬᠤᠨᠢ︾ ᠶᠢᠨ ᠪᠠᠷᠢᠮᠵᠢᠶ᠎ᠠ ᠪᠣᠯᠤᠨ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠦᠮᠦᠰᠦ︾ ᠶᠢᠨ | ᠪᠠᠷᠢᠮᠵᠢᠶ᠎ᠠ ᠴᠤ ᠰᠢᠨ᠎ᠡ ᠪᠠᠷ ᠵᠠᠰᠠᠪᠤᠷᠢ ᠣᠷᠣᠭᠤᠯᠤᠭᠰᠠᠨ ᠪᠥᠭᠡᠳ ᠨᠡᠶᠢᠲᠡᠯᠡᠪᠡ᠃ ᠮᠠᠨ ᠤ ᠲᠣᠪᠴᠢᠶ᠎ᠠ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ ᠲᠣᠭᠲᠠᠴᠠ ᠶᠢᠨ ᠰᠢᠨ᠎ᠡ ᠶᠢ ᠡᠭᠦᠳᠴᠦ᠂ ︿ | ᠨᠢᠭᠡ ᠨᠢᠭᠡ ᠪᠠᠷ ᠦᠢᠯᠡᠴᠢᠯᠡᠬᠦ﹀ ᠶᠢᠨ ᠨᠠᠷᠢᠯᠢᠭ ᠣᠨᠣᠪᠴᠢᠲᠠᠢ ᠦᠢᠯᠡᠴᠢᠯᠡᠭᠡ ᠪᠠᠷ ᠳᠠᠮᠵᠢᠭᠤᠯᠤᠨ᠂ ᠨᠠᠷᠠᠲᠤ | ᠲᠡᠮᠳᠡᠭᠲᠦ ᠶᠢ ᠬᠥᠭᠵᠢᠭᠡᠵᠦ ᠬᠥᠳᠡᠯᠭᠡᠬᠦ ᠡᠨᠧᠷᠭᠢ ᠶᠢ ᠪᠤᠶᠢᠵᠢᠭᠤᠯᠤᠨ᠎ᠠ᠃ ᠵᠠᠯᠭᠠᠭᠠᠳ᠂ ᠮᠠᠨ ᠤ ᠲᠣᠪᠴᠢᠶ᠎ᠠ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠠᠵᠢᠯ ᠢ ᠭᠦᠨᠵᠡᠭᠡᠶᠢᠷᠡᠭᠦᠯᠵᠦ᠂ ᠭᠠᠵᠠᠷ | ᠵᠦᠶ ᠶᠢᠨ ᠲᠡᠮᠳᠡᠭᠲᠦ ᠪᠦᠲᠦᠭᠡᠭᠳᠡᠬᠦᠨ ᠢᠶᠠᠷ ᠲᠤᠯᠭᠠᠭᠤᠷᠢᠯᠠᠬᠤ ᠴᠡᠭ ᠪᠣᠯᠭᠠᠵᠤ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠢᠶᠠᠷ ᠡᠨᠧᠷᠭᠢ ᠣᠯᠭᠤᠬᠤ᠂ ᠪᠠᠷᠢᠮᠵᠢᠶ᠎ᠠ ᠪᠠ ᠨᠠᠷᠠᠲᠤ ᠲᠡᠮᠳᠡᠭᠲᠦ ᠶᠢᠨ ᠡᠵᠡᠩᠨᠡᠯᠲᠡ ᠶᠢ ᠳᠡᠭᠡᠭᠰᠢᠯᠡᠭᠦᠯᠬᠦ ᠪᠠᠷ | ᠳᠠᠮᠵᠢᠭᠤᠯᠤᠨ᠂ ︿ᠨᠤᠲᠤᠭ ᠤᠨ ᠣᠨᠴᠠ ᠭᠠᠷᠤᠯᠲᠠ﹀ ᠶᠢ ᠬᠥᠲᠥᠯᠦᠨ ᠳᠠᠭᠠᠭᠤᠯᠵᠤ ᠠᠮᠢ ᠠᠬᠤᠶ ᠶᠢᠨ ᠥᠷᠲᠡᠭ ᠤᠨ | ᠬᠤᠪᠢᠷᠠᠯᠲᠠ ᠶᠢᠨ ᠰᠢᠨ᠎ᠡ ᠵᠠᠮ ᠢᠶᠠᠷ ᠵᠠᠮᠨᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ | ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠨ᠎ᠡ︾ ᠭᠡᠵᠡᠶ᠃ |