ᠰᠢ ᠾᠧ ᠰᠢᠶᠠᠩ ᠤᠨ ᠨᠠᠮ ᠤᠨ ᠲᠥᠯᠥᠭᠡᠯᠡᠭᠴᠢ᠄ ︽ᠤᠬᠠᠭᠤᠯᠤᠨ ᠲᠠᠶᠢᠯᠪᠤᠷᠢᠯᠠᠬᠤ︾ ᠪᠠᠷ ᠪᠢᠷ ᠪᠣᠯᠭᠠᠵᠤ᠂ ᠤᠨᠤᠯ ᠢ ᠤᠬᠠᠭᠤᠯᠤᠨ ᠲᠠᠶᠢᠯᠪᠤᠷᠢᠯᠠᠬᠤ ᠰᠢᠨ᠎ᠡ ᠬᠠᠷᠢᠭᠤᠯᠲᠠ ᠶᠢᠨ ᠬᠠᠭᠤᠳᠠᠰᠤ ᠶᠢ ᠪᠢᠴᠢᠭᠯᠡᠨ᠎ᠡ
ᠨᠡᠶᠢᠲᠡᠯᠡᠭᠰᠡᠨ ᠴᠠᠭ᠄
2025/6/18
      ᠨᠠᠮ ᠤᠨ ᠰᠢᠨ᠎ᠡ ᠶᠢ ᠡᠭᠦᠳᠬᠦ ᠤᠨᠤᠯ ᠢ ᠭᠦᠨᠵᠡᠭᠡᠢ ᠰᠤᠷᠤᠯᠴᠠᠨ ᠤᠬᠠᠭᠤᠯᠣᠨ ᠲᠤᠭᠤᠰᠢᠯᠠᠭᠤᠯᠬᠤ ᠶᠢᠨ ᠲᠥᠯᠥᠭᠡ᠂ ᠰᠢ ᠾᠧ ᠰᠢᠶᠠᠩ ᠤᠨ ᠨᠠᠮ ᠤᠨ ᠬᠤᠷᠢᠶ᠎ᠠ ᠨᠠᠮ ᠤᠨ ᠲᠥᠯᠥᠭᠡᠯᠡᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ︽ᠰᠤᠷᠤᠯᠴᠠᠬᠤ᠂ ᠶᠠᠷᠢᠬᠤ᠂ ᠲᠣᠭᠯᠠᠬᠤ︾ ᠭᠤᠷᠪᠠᠨ ᠬᠡᠮᠵᠢᠯᠳᠦ ᠤᠬᠠᠭᠤᠯᠤᠨ ᠲᠠᠶᠢᠯᠪᠤᠷᠢᠯᠠᠬᠤ ᠰᠢᠰᠲ᠋ᠧᠮ ᠢ ᠪᠠᠶᠢᠭᠤᠯᠵᠤ᠂ ᠨᠠᠮ ᠤᠨ ︽ᠰᠠᠶᠢᠨ ᠳᠠᠭᠤᠨ︾ ᠢ ᠪᠦᠬᠦ ᠰᠢᠶᠠᠩ ᠤᠨ ᠥᠨᠴᠥᠭ ᠪᠤᠯᠤᠩ ᠪᠣᠯᠭᠠᠨ ᠳᠤ ᠳᠠᠮᠵᠢᠭᠤᠯᠵᠤ᠂ ᠪᠦᠬᠦ ᠰᠢᠶᠠᠩ ᠤᠨ ᠡᠯ᠎ᠡ ᠵᠦᠢᠯ ᠤᠨ ᠦᠢᠯᠡᠰ ᠤᠨ ᠬᠥᠭᠵᠢᠯᠲᠡ ᠳᠤ ᠬᠦᠴᠦᠷᠬᠡᠭ ᠶᠡᠭᠡ ᠤᠶᠤᠨ ᠰᠠᠨᠠᠭᠠᠨ ᠤ ᠬᠥᠳᠡᠯᠭᠡᠬᠦ ᠬᠦᠴᠦᠨ ᠢ ᠨᠢᠭᠲᠠᠷᠠᠭᠤᠯᠪᠠ᠃      ᠨᠢᠭᠡ᠂ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ᠤᠨᠤᠯ ᠤᠨ ᠰᠠᠭᠤᠷᠢ ᠶᠢ ᠪᠠᠲᠤ ᠴᠣᠭᠴᠠᠯᠠᠨ᠎ᠠ      ᠰᠢ ᠾᠧ ᠰᠢᠶᠠᠩ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ︵ᠥᠷᠲᠡᠭᠡ︶ ᠵᠡᠷᠭᠡ ᠵᠢᠭᠰᠠᠭᠠᠯ ᠤᠨ ᠭᠠᠵᠠᠷ ᠲᠤ ᠲᠦᠰᠢᠭᠯᠡᠨ᠂ ᠬᠤᠰᠢᠭᠤ ᠂ ᠰᠢᠶᠠᠩ ᠬᠤᠶᠠᠷ ᠱᠠᠲᠤᠨ ᠤ ᠨᠠᠮ ᠤᠨ ᠲᠥᠯᠥᠭᠡᠯᠡᠭᠴᠢ ᠶᠢ ᠵᠣᠬᠢᠶᠠᠨ ᠪᠠᠶᠢᠭᠤᠯᠵᠤ ︽ᠵᠢᠪᠦᠮᠡᠯ ᠮᠠᠶ᠋ᠢᠭ︾ ᠤᠨ ᠲᠥᠪᠯᠡᠷᠡᠩᠭᠦᠶ ᠰᠤᠷᠤᠯᠴᠠᠯᠭ᠎ᠠ ᠶᠢ ᠥᠷᠨᠢᠭᠦᠯᠪᠡ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠦᠷᠦ ᠶᠢᠨ ᠪᠤᠳᠤᠯᠭ᠎ᠠ ᠵᠡᠷᠭᠡ ᠭᠤᠣᠯᠳᠠᠯᠭ᠎ᠠ ᠲᠠᠢ ᠠᠭᠤᠯᠭ᠎ᠠ ᠶᠢᠨ ᠲᠣᠭᠤᠷᠢᠨ ᠳᠤ᠂ ᠨᠡᠶᠢᠳᠡ 20 ᠭᠠᠷᠤᠢ ᠤᠳᠠᠭ᠎ᠠ ᠲᠥᠪᠯᠡᠷᠡᠭᠦᠯᠦᠨ ᠰᠤᠷᠤᠯᠴᠠᠵᠠᠢ᠃ ᠭᠦᠨᠵᠡᠭᠡᠶ ᠰᠤᠷᠤᠯᠴᠠᠬᠤ ᠪᠠᠷ ᠳᠡᠮᠵᠢᠨ᠂ ᠨᠠᠮ ᠤᠨ ᠲᠥᠯᠥᠭᠡᠯᠡᠭᠴᠢᠳ ᠤᠯᠤᠰ ᠲᠥᠷᠥ ᠶᠢᠨ ᠬᠡᠪ ᠪᠣᠯᠪᠠᠰᠤᠷᠠᠯ ᠪᠠ ᠣᠨᠣᠯ ᠤᠨ ᠬᠢᠷᠢ ᠲᠦᠪᠰᠢᠨ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠬᠠᠭᠤᠯᠤᠨ ᠲᠠᠶᠢᠯᠪᠤᠷᠢᠯᠠᠬᠤ ᠠᠵᠢᠯ ᠢ ᠨᠠᠩ ᠰᠠᠶᠢᠲᠤᠷ ᠥᠷᠨᠢᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠶ᠃ ᠡᠭᠦᠨ ᠤ ᠬᠠᠮᠲᠤ᠂ ᠰᠢᠨ᠎ᠡ ᠴᠠᠭ ᠦᠶ᠎ᠡ ᠶᠢᠨ ᠰᠤᠷᠤᠯᠴᠠᠯᠭ᠎ᠠ ᠶᠢᠨ ᠬᠡᠷᠡᠭᠴᠡᠭᠡ ᠳᠤ ᠵᠣᠬᠢᠴᠠᠭᠤᠯᠬᠤ ᠶᠢᠨ ᠲᠥᠯᠥᠭᠡ᠂ ᠸᠢᠴᠠᠲ ᠤᠨ ᠣᠯᠠᠨ ᠨᠡᠶᠢᠲᠡ ᠶᠢᠨ ᠲᠠᠪᠴᠠᠩ ᠢᠶᠠᠷ ᠳᠠᠮᠵᠢᠭᠤᠯᠤᠨ᠂ ᠣᠨᠣᠯ ᠤᠨ ᠰᠤᠷᠤᠯᠴᠠᠯᠭ᠎ᠠ ᠶᠢᠨ ᠮᠠᠲ᠋ᠧᠷᠢᠶᠠᠯ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠸᠢᠳᠢᠣ᠋ ᠵᠡᠷᠭᠡ 5 ᠬᠤᠪᠢ ᠴᠠᠭ ᠪᠠ ᠣᠷᠣᠨ ᠵᠠᠶ ᠶᠢᠨ ᠬᠢᠵᠠᠭᠠᠷᠯᠠᠯ ᠢ ᠡᠪᠳᠡᠵᠦ᠂ ᠨᠠᠮ ᠤᠨ ᠲᠥᠯᠥᠭᠡᠯᠡᠭᠴᠢ ᠶᠢᠨ ᠣᠨᠣᠯ ᠤᠨ ᠰᠤᠷᠤᠯᠴᠠᠯᠭ᠎ᠠ ᠶᠢᠨ ︽ᠲᠠᠰᠤᠷᠠᠬᠤ ᠥᠬᠡᠶ︾ ᠪᠠᠶᠢᠬᠤ ᠶᠢ ᠦᠨᠡᠨ ᠬᠦ ᠪᠠᠲᠤᠯᠠᠵᠤ᠂ ᠬᠡᠵᠢᠶ᠎ᠡ ᠬᠠᠮᠢᠭ᠎ᠠ ᠴᠤ ᠭᠡᠰᠡᠨ ᠣᠨᠣᠯ ᠤᠨ ᠰᠢᠮ᠎ᠡ ᠲᠡᠵᠢᠭᠡᠯ ᠢ ᠰᠢᠩᠭᠡᠭᠡᠨ ᠠᠪᠴᠤ᠂ ᠨᠠᠮ ᠤᠨ ᠠᠯᠬᠤᠭ᠎ᠠ ᠶᠢ ᠰᠠᠯᠤᠯ ᠥᠬᠡᠶ ᠳᠠᠭᠠᠬᠤ ᠶᠢ ᠦᠨᠡᠨ ᠬᠦ ᠪᠠᠲᠤᠯᠠᠬᠤ ᠬᠡᠷᠡᠭᠲᠡᠢ᠃      ᠬᠤᠶᠠᠷ᠂ ᠲᠣᠰᠬᠤᠨ ᠡᠷᠦᠬᠡ ᠪᠠᠷ ᠶᠠᠪᠤᠵᠤ᠂ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠪᠠ      ᠨᠠᠮ ᠤᠨ ᠲᠥᠯᠥᠭᠡᠯᠡᠭᠴᠢ ᠪᠠᠷ ᠪᠦᠷᠢᠯᠳᠦᠭᠰᠡᠨ ᠤᠬᠠᠭᠤᠯᠤᠨ ᠲᠠᠶᠢᠯᠪᠤᠷᠢᠯᠠᠬᠤ ᠠᠩᠭᠢ ᠶᠢ ᠪᠠᠶᠢᠭᠤᠯᠵᠤ᠂ ᠡᠳᠡᠭᠡᠷ ᠨᠠᠮ ᠤᠨ ᠲᠥᠯᠥᠭᠡᠯᠡᠭᠴᠢ ︽ᠨᠡᠭᠦᠳᠡᠯ ᠤᠬᠠᠭᠤᠯᠤᠭᠴᠢ︾ ᠪᠣᠯᠵᠤ᠂ ᠪᠦᠬᠦ ᠰᠢᠶᠠᠩ ᠤᠨ 8 ᠲᠣᠰᠬᠤᠨ ᠤ ᠨᠠᠮ ᠤᠨ ᠡᠭᠦᠷ ᠵᠢᠴᠢ 300 ᠭᠠᠷᠤᠶ ᠲᠠᠷᠢᠶᠠᠴᠢᠨ ᠡᠷᠦᠬᠡ ᠶᠢᠨ ᠭᠡᠷ ᠲᠤ ᠭᠦᠨᠵᠡᠭᠡᠶᠢᠷᠡᠪᠡ᠃ ᠠᠵᠢᠯ ᠤᠨ ᠳᠤᠮᠳᠠ᠂ ᠤᠯᠠᠮᠵᠢᠯᠠᠯ ᠢ ᠲᠠᠶᠠᠭᠳᠠᠵᠤ᠂ ︽ᠨᠤᠲᠤᠭ ᠤᠨ ᠠᠶᠠᠯᠭᠤ ᠪᠠᠷ ᠲᠥᠷᠥ ᠶᠢᠨ ᠪᠣᠳᠣᠯᠭ᠎ᠠ ᠶᠢ ᠶᠠᠷᠢᠵᠤ᠂ ᠲᠠᠷᠢᠶᠠᠨ ᠤ ᠳᠤᠮᠳᠠ ᠬᠦᠭᠵᠢᠭᠦᠯᠬᠦ ᠶᠢ ᠶᠠᠷᠢᠯᠴᠠᠬᠤ︾ ᠬᠠᠷᠢᠯᠴᠠᠨ ᠬᠥᠳᠡᠯᠦᠯᠴᠡᠬᠦ ᠬᠡᠯᠪᠡᠷᠢ ᠪᠠᠷ ︽ᠭᠡᠷ ᠵᠠᠭᠤᠷ᠎ᠠ ᠶᠢᠨ ᠦᠭᠡ︾ ᠪᠠᠷ ᠨᠠᠷᠢᠯᠢᠭ ᠣᠨᠣᠪᠴᠢᠲᠠᠢ ᠪᠠᠷ ᠤᠬᠠᠭᠤᠯᠤᠨ ᠲᠠᠶᠢᠯᠪᠤᠷᠢᠯᠠᠬᠤ ᠶᠢ ᠥᠷᠨᠢᠭᠦᠯᠪᠡ᠃ ᠬᠠᠪᠤᠷ ᠤᠨ ᠲᠠᠷᠢᠶᠠᠯᠠᠭ᠎ᠠ ᠶᠢᠨ ᠦᠶ᠎ᠡ ᠳᠤ᠂ ᠰᠢ ᠾᠧ ᠲᠣᠰᠬᠤᠨ ᠤ ᠨᠠᠮ ᠤᠨ ᠡᠭᠦᠷ ᠤᠨ ᠱᠦᠵᠢ  ᠪᠥᠭᠡᠳ ᠡᠷᠬᠢᠯᠡᠭᠴᠢ᠂ ᠨᠠᠮ ᠤᠨ ᠲᠥᠯᠥᠭᠡᠯᠡᠭᠴᠢ ᠵᠠᠩ ᠭᠤᠸᠠᠨ ᠱᠧ ︽ᠬᠠᠪᠤᠷ ᠤᠨ ᠲᠠᠷᠢᠶᠠᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠬᠢᠴᠢᠶᠡᠯ ᠤᠨ ᠲᠠᠩᠬᠢᠮ︾ ᠭᠠᠷᠭᠠᠵᠤ᠂ ᠲᠠᠷᠢᠶᠠᠴᠢᠨ ᠡᠷᠦᠬᠡ ᠶᠢᠨ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ ᠲᠠᠷᠢᠶᠠᠨ ᠭᠠᠵᠠᠷ ᠤᠨ ᠨᠥᠬᠦᠪᠥᠷᠢ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠵᠡᠷᠭᠡ ᠲᠥᠷᠥ ᠶᠢᠨ ᠪᠣᠳᠣᠯᠭ᠎ᠠ ᠶᠢ ᠰᠢᠰᠲ᠋ᠧᠮ ᠲᠠᠢ ᠲᠠᠶᠢᠯᠪᠤᠷᠢᠯᠠᠵᠤ᠂ ᠲᠤᠬᠠᠶ ᠶᠢᠨ ᠲᠠᠯᠠᠪᠤᠷ ᠲᠤ 20 ᠭᠠᠷᠤᠶ ᠵᠤᠷᠪᠤᠰ ᠮᠠᠳᠠᠭ ᠲᠠᠢ ᠠᠰᠠᠭᠤᠳᠠᠯ ᠢ ᠬᠠᠷᠢᠭᠤᠯᠵᠤ᠂ ᠲᠥᠷᠥ ᠶᠢᠨ ᠪᠣᠳᠣᠯᠭ᠎ᠠ ᠶᠢ ᠬᠡᠷᠡᠭᠯᠡᠭᠡᠨ ᠤ ᠵᠦᠭᠯᠡᠭᠦᠷ ᠪᠣᠯᠭᠠᠨ ᠬᠤᠪᠢᠷᠠᠭᠤᠯᠪᠠ᠃ ︽ᠤᠬᠠᠭᠤᠯᠤᠨ ᠲᠠᠶᠢᠯᠪᠤᠷᠢᠯᠠᠬᠤ + ᠮᠠᠳᠠᠭ ᠲᠠᠢ ᠠᠰᠠᠭᠤᠳᠠᠯ ᠳᠤ ᠬᠠᠷᠢᠭᠤᠯᠲᠠ ᠥᠭᠬᠦ︾ ᠪᠠᠷ ᠳᠠᠮᠵᠢᠭᠤᠯᠤᠨ᠂ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠢ ᠨᠡᠮᠡᠭᠳᠡᠭᠦᠯᠦᠨ᠎ᠡ᠃      ᠭᠤᠷᠪᠠ᠂ ᠤᠳᠬ᠎ᠠ ᠤᠷᠠᠯᠢᠭ ᠤᠨ ᠠᠭᠤᠰᠤᠯᠴᠠᠯ ᠂ ᠣᠨᠴᠠᠯᠢᠭᠲᠤ ᠤᠬᠠᠭᠤᠯᠤᠨ ᠲᠠᠶᠢᠯᠪᠤᠷᠢᠯᠠᠯᠲᠠ ᠶᠢ ᠪᠣᠶ ᠪᠣᠯᠭᠠᠨ᠎ᠠ      ᠰᠢᠶᠠᠩ ᠤᠨ ᠰᠣᠶᠣᠯ ᠤᠨ ᠥᠷᠲᠡᠭᠡ᠂ ᠰᠢ ᠾᠧ ᠲᠣᠰᠬᠤᠨ ᠤ ᠶᠠᠩᠭᠠᠷ ᠤᠨ ᠠᠩᠭᠢ ᠵᠡᠷᠭᠡ ᠨᠤᠲᠤᠭ ᠤᠨ ᠤᠳᠬ᠎ᠠ ᠤᠷᠠᠯᠢᠭ ᠤᠨ ᠬᠦᠴᠦᠨ ᠲᠠᠢ ᠢᠳᠡᠪᠬᠢᠲᠡᠶ ᠪᠠᠷ ᠬᠠᠮᠲᠤᠷᠠᠨ᠂ ᠨᠠᠮ ᠤᠨ ᠣᠨᠣᠯ ᠲᠥᠷᠥ ᠶᠢᠨ ᠪᠣᠳᠣᠯᠭ᠎ᠠ ᠬᠢᠭᠡᠳ ᠬᠥᠳᠡᠭᠡ ᠲᠣᠰᠬᠤᠨ ᠤ ᠬᠥᠭᠵᠢᠯᠲᠡ ᠶᠢᠨ ᠪᠣᠳᠠᠲᠤ ᠪᠠᠶᠢᠳᠠᠯ ᠢ ᠤᠷᠠᠨ ᠢᠶᠠᠷ ᠠᠭᠤᠰᠤᠯᠴᠠᠭᠤᠯᠵᠤ᠂ ᠭᠤᠷᠪᠠᠨ ᠥᠭᠦᠯᠡᠪᠦᠷᠢ ᠬᠠᠭᠠᠰ ᠤᠨ ᠲᠣᠭᠯᠠᠯᠲᠠ᠂ ᠬᠤᠶᠠᠷ ᠬᠦᠮᠦᠨ ᠤ ᠲᠠᠶᠢᠰᠠᠨ ᠲᠠᠬᠢ ᠲᠣᠭᠯᠠᠯᠲᠠ ᠵᠡᠷᠭᠡ ᠣᠯᠠᠨ ᠲᠦᠮᠡᠨ ᠤ ᠦᠵᠡᠵᠦ ᠰᠣᠨᠣᠰᠬᠤ ᠳᠤᠷᠠᠲᠠᠶ ᠤᠷᠠᠨ ᠰᠠᠶᠢᠬᠠᠨ ᠤ ᠲᠣᠭᠯᠠᠯᠲᠠ ᠶᠢ ᠨᠠᠷᠢᠨ ᠨᠢᠮᠪᠠᠶ ᠨᠠᠶᠢᠷᠠᠭᠤᠯᠤᠨ ᠵᠣᠬᠢᠶᠠᠪᠠ᠃ ᠡᠳᠡᠭᠡᠷ ᠲᠣᠭᠯᠠᠯᠲᠠ ᠳᠤ᠂ ᠨᠠᠮ ᠤᠨ ᠲᠥᠯᠥᠭᠡᠯᠡᠭᠴᠢ ᠰᠠᠨᠠᠭᠠᠴᠢᠯᠠᠭ᠎ᠠ ᠠᠴᠠ ᠪᠠᠨ ︽ᠲᠠᠶᠢᠰᠠᠨ᠎ᠠ ᠭᠠᠷᠴᠤ ᠬᠤᠭᠤᠯᠠᠢ ᠬᠠᠩᠭᠢᠨᠠᠭᠤᠯᠤᠨ︾᠂ ᠤᠳᠬ᠎ᠠ ᠤᠷᠠᠯᠢᠭ ᠤᠨ ᠠᠵᠢᠯᠲᠠᠳ ᠲᠠᠢ ᠬᠠᠮᠲᠤ ᠲᠣᠭᠯᠠᠯᠲᠠ ᠭᠠᠷᠭᠠᠪᠠ᠃ ᠡᠨᠡ ᠵᠢᠯ ᠠᠴᠠ ᠨᠠᠭᠠᠰᠢ᠂ ᠰᠢ ᠾᠧ ᠰᠢᠶᠠᠩ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢ ᠨᠡᠶᠢᠲᠡ 5 ᠲᠠᠯᠠᠪᠤᠷ ᠤᠳᠠᠭ᠎ᠠ ᠥᠷᠨᠢᠭᠦᠯᠵᠦ᠂ ᠣᠯᠠᠨ ᠲᠦᠮᠡᠨ ᠢ ᠨᠡᠶᠢᠲᠡ 700 ᠭᠠᠷᠤᠶ ᠬᠥᠮᠦᠨ ᠤᠳᠠᠭ᠎ᠠ ᠬᠠᠮᠤᠷᠴᠠᠶ᠃ ᠡᠨᠡ ᠬᠦ ᠤᠳᠬ᠎ᠠ ᠤᠷᠠᠯᠢᠭ ᠤᠨ ᠬᠡᠯᠪᠡᠷᠢ ᠪᠠᠷ ᠳᠠᠮᠵᠢᠭᠤᠯᠤᠨ᠂ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠨᠢ ᠥᠩᠭᠡᠷᠡᠭᠰᠡᠨ ᠤ ︽ᠭᠠᠭᠴᠠ ᠴᠢᠭᠯᠡᠯ ᠢᠶᠠᠷ ᠣᠷᠣᠭᠤᠯᠬᠤ︾ ᠶᠢ ︽ᠬᠤᠣᠰ ᠴᠢᠭᠯᠡᠯ ᠢᠶᠠᠷ ᠬᠥᠳᠡᠯᠦᠯᠴᠡᠬᠦ︾ ᠪᠣᠯᠭᠠᠨ ᠬᠤᠪᠢᠷᠠᠭᠤᠯᠵᠤ᠂ ᠣᠯᠠᠨ ᠲᠦᠮᠡᠨ ᠭᠤᠶᠢᠳᠠ ᠰᠠᠶᠢᠬᠠᠨ ᠫᠷᠤᠭ᠍ᠷᠠᠮ ᠢ ᠰᠣᠨᠢᠷᠬᠠᠬᠤ ᠶᠢᠨ ᠬᠠᠮᠲᠤ ᠨᠠᠮ ᠤᠨ ᠣᠨᠣᠯ ᠲᠥᠷᠥ ᠶᠢᠨ ᠪᠣᠳᠣᠯᠭ᠎ᠠ ᠶᠢᠨ ᠬᠥᠮᠦᠵᠢᠯ ᠢ ᠦᠯᠦ ᠮᠡᠳᠡᠭᠳᠡᠮ᠎ᠡ ᠪᠠᠷ ᠬᠦᠯᠢᠶᠡᠨ ᠠᠪᠴᠠᠢ᠂ ᠨᠠᠮ ᠤᠨ ᠳᠠᠭᠤᠨ ᠪᠠᠶᠠᠷ ᠪᠠᠭ᠋ᠠᠳᠤᠯ ᠤᠨ ᠳᠤᠮᠳᠠ ᠰᠡᠳᠬᠢᠯ ᠵᠢᠷᠦᠬᠡᠨ ᠳᠡᠭᠡᠨ ᠬᠠᠳᠠᠩᠰᠢᠭᠤᠯᠬᠤ ᠶᠢ ᠦᠨᠡᠨ ᠬᠦ ᠪᠡᠶᠡᠯᠡᠭᠦᠯᠪᠡ᠃      ᠰᠢ ᠾᠧ ᠰᠢᠶᠠᠩ ᠤᠨ ᠨᠠᠮ ᠤᠨ ᠲᠥᠯᠥᠭᠡᠯᠡᠭᠴᠢ ︽ᠰᠤᠷᠤᠯᠴᠠᠬᠤ᠂ ᠶᠠᠷᠢᠬᠤ᠂ ᠲᠣᠭᠯᠠᠬᠤ︾ ᠭᠤᠷᠪᠠᠨ ᠬᠡᠮᠵᠢᠯᠳᠦ ᠪᠣᠰᠤᠭ᠎ᠠ ᠴᠣᠭᠴᠠᠲᠤ ᠤᠬᠠᠭᠤᠯᠤᠨ ᠲᠠᠶᠢᠯᠪᠤᠷᠢᠯᠠᠬᠤ ᠰᠢᠰᠲ᠋ᠧᠮ ᠢ ᠪᠠᠶᠢᠭᠤᠯᠬᠤ ᠪᠠᠷ ᠳᠠᠮᠵᠢᠭᠤᠯᠤᠨ᠂ ᠨᠠᠮ ᠤᠨ ᠰᠢᠨ᠎ᠡ ᠶᠢ ᠡᠭᠦᠳᠬᠦ ᠤᠨᠤᠯ ᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠳᠤᠮᠳᠠ ᠢᠯᠡᠳᠲᠡ ᠦᠷ᠎ᠡ ᠪᠦᠲᠦᠮᠵᠢ ᠤᠯᠪᠠ᠃ ᠳᠠᠷᠠᠭᠠᠴᠢ ᠶᠢᠨ ᠠᠯᠬᠤᠮ ᠳᠤ᠂ ᠰᠢ ᠾᠧ ᠰᠢᠶᠠᠩ ᠨᠠᠮ ᠤᠨ ᠲᠥᠯᠥᠭᠡᠯᠡᠭᠴᠢ ᠶᠢᠨ ᠬᠤᠰᠢᠭᠤᠴᠢ ᠵᠢᠱᠢᠶᠡᠴᠢ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠤᠬᠠᠭᠤᠯᠤᠨ ᠲᠠᠶᠢᠯᠪᠤᠷᠢᠯᠠᠬᠤ ᠬᠡᠯᠪᠡᠷᠢ ᠪᠣᠯᠤᠨ ᠠᠭᠤᠯᠭ᠎ᠠ ᠶᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠨᠠᠮ ᠤᠨ ᠰᠢᠨ᠎ᠡ ᠶᠢ ᠡᠭᠦᠳᠬᠦ ᠤᠨᠤᠯ ᠢ ᠰᠢ ᠾᠧ ᠰᠢᠶᠠᠩ ᠳᠤ ᠦᠨᠳᠦᠰᠦᠯᠡᠭᠦᠯᠵᠦ᠂ ᠴᠡᠴᠡᠭᠯᠡᠨ ᠵᠢᠮᠢᠰᠯᠡᠬᠦ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠳᠤ ᠬᠦᠴᠦᠷᠬᠡᠭ ᠶᠡᠭᠡ ᠦᠵᠡᠯ ᠰᠠᠨᠠᠭᠠᠨ ᠤ ᠪᠠᠲᠤᠯᠠᠭ᠎ᠠ ᠪᠣᠯᠤᠨ ᠤᠶᠤᠨ ᠰᠠᠨᠠᠭᠠᠨ ᠤ ᠬᠥᠳᠡᠯᠭᠡᠬᠦ ᠬᠦᠴᠦᠨ ᠢ ᠬᠠᠩᠭᠠᠨ᠎ᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号