6 ᠰᠠᠷ᠎ᠠ ᠶᠢᠨ 19 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠤᠨ | ᠨᠠᠶᠢᠳᠠᠯᠭ᠎ᠠ ᠪᠠᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠬᠤᠸᠠᠩ ᠯᠦᠩ | ᠬᠤᠰᠢᠭᠤᠨ ᠤ ᠨᠠᠮ ᠤᠨ ᠬᠤᠷᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠠᠶᠢᠩᠭᠤ ᠶᠢᠨ ᠬᠤᠷᠢᠶᠠᠨ ᠤ 171 | ᠳ᠋ᠤᠭᠡᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ | ᠵᠣᠷᠢᠭ ᠰᠠᠨᠠᠭ᠎ᠠ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠪᠠ᠃ | ᠶᠡᠷᠦᠩᠬᠡᠶ ᠱᠦᠵᠢ ᠰᠢ ᠶᠢᠨ ᠫᠢᠩ ᠪᠠᠨᠴᠢᠨᠡᠷᠳᠡᠨᠢ ᠴᠦᠢᠵᠢᠵᠠᠪ ᠲᠠᠢ ᠠᠭᠤᠯᠵᠠᠬᠤ ᠦᠶ᠎ᠡ ᠶᠢᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠵᠤ᠂ ᠰᠢᠨ᠎ᠡ ᠴᠠᠭ ᠦᠶ᠎ᠡ ᠶᠢᠨ ᠨᠠᠮ ᠤᠨ ᠱᠠᠰᠢᠨ | ᠰᠤᠷᠲᠠᠬᠤᠨ ᠤ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠶ ᠭᠡᠵᠦ ᠴᠢᠬᠤᠯᠠᠴᠢᠯᠠᠪᠠ᠃ ᠠᠬᠠᠮᠠᠳ | ᠬᠤᠪᠢᠰᠬᠠᠯᠴᠢᠳ ᠤᠨ ᠵᠣᠷᠢᠭ ᠰᠠᠨᠠᠭ᠎ᠠ ᠶᠢ ᠡᠷᠡᠰ ᠭᠤᠶᠢᠪᠢᠰᠢ ᠦᠭᠡᠢ ᠪᠠᠳᠠᠷᠠᠭᠤᠯᠵᠤ᠂ ᠴᠧᠨ ᠶᠦᠨ ᠨᠥᠬᠦᠷ ᠤᠨ | ᠡᠷᠬᠢᠮ ᠳᠡᠭᠡᠳᠦ ᠤᠶᠤᠨ ᠰᠠᠨᠠᠭᠠᠨ ᠤ ᠬᠡᠪ ᠨᠠᠮᠪᠠ ᠶᠢ ᠨᠠᠷᠢᠨ ᠬᠢᠨᠠᠮᠠᠭᠠᠢ ᠰᠤᠷᠤᠯᠴᠠᠵᠤ᠂ ᠤᠳᠤᠷᠢᠳᠬᠤ ᠲᠤᠷᠰᠢᠯᠭ᠎ᠠ᠂ | ᠰᠢᠨᠵᠢᠯᠡᠬᠦ ᠤᠬᠠᠭᠠᠨᠴᠢ ᠦᠵᠡᠯ ᠰᠠᠨᠠᠭᠠᠨ ᠤ ᠠᠷᠭ᠎ᠠ ᠬᠡᠮᠵᠢᠶ᠎ᠡ ᠪᠣᠯᠤᠨ ᠠᠵᠢᠯᠯᠠᠬᠤ ᠠᠷᠭ᠎ᠠ ᠶᠢ ᠨᠠᠷᠢᠨ ᠬᠢᠨᠠᠮᠠᠭᠠᠢ | ᠰᠤᠷᠤᠯᠴᠠᠬᠤ ᠬᠡᠷᠡᠭᠲᠡᠢ᠃ ᠴᠢᠨᠠᠷ ᠰᠠᠶᠢᠲᠠᠶ ᠬᠥᠭᠵᠢᠯᠲᠡ ᠭᠡᠬᠦ ᠡᠨᠡ ᠬᠦ ᠲᠡᠷᠢᠭᠦᠨ ᠴᠢᠬᠤᠯᠠ ᠡᠭᠦᠷᠭᠡ ᠶᠢ ᠪᠠᠲᠤ | ᠡᠵᠡᠮᠳᠡᠵᠦ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠵᠦ᠂ ᠪᠣᠳᠠᠲᠠᠶ ᠲᠠᠢ ᠪᠠᠨ ᠤᠶᠠᠯᠳᠤᠭᠤᠯᠤᠨ ᠮᠠᠨ ᠤ | ᠬᠤᠰᠢᠭᠤᠨ ᠤ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ | ᠠᠵᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠲᠥᠯᠥᠪᠵᠢᠭᠦᠯᠭᠡ ᠶᠢᠨ ᠠᠯᠤᠰ ᠬᠡᠲᠦ ᠶᠢᠨ ᠴᠢᠨᠠᠷ ᠪᠠ | ᠬᠡᠷᠡᠭᠵᠢᠭᠦᠯᠵᠦ ᠪᠣᠯᠬᠤᠶᠢᠴᠠ ᠴᠢᠨᠠᠷ ᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠬᠦ ᠬᠡᠷᠡᠭᠲᠡᠶ᠃ | ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠲᠤᠭ᠎ᠠ ᠪᠦᠷᠢᠳᠬᠡᠯ ᠤᠨ ᠠᠵᠢᠯ ᠤᠨ ᠲᠤᠬᠠᠶ ᠴᠢᠬᠤᠯᠠ | ᠥᠭᠦᠯᠡᠯᠲᠡ ᠪᠠ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ᠂ ︽ᠲᠤᠭ᠎ᠠ ᠪᠦᠷᠢᠳᠬᠡᠯ ᠢ ᠬᠠᠭᠤᠷᠮᠠᠭᠯᠠᠨ | ᠵᠣᠬᠢᠶᠠᠬᠤ ᠶᠢ ᠰᠡᠷᠭᠡᠶᠢᠯᠡᠬᠦ ᠪᠠ ᠵᠠᠯᠬᠠᠭᠠᠨ ᠰᠢᠢᠳᠬᠡᠬᠦ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ ᠶᠢ | ᠱᠠᠯᠠᠪᠳᠠᠭᠤᠯᠤᠨ ᠪᠠᠶᠢᠴᠠᠭᠠᠬᠤ ᠠᠵᠢᠯ ᠤᠨ ᠲᠣᠭᠲᠠᠭᠠᠯ︾᠂ ︽ᠲᠤᠭ᠎ᠠ ᠪᠦᠷᠢᠳᠬᠡᠯ ᠤᠨ ᠰᠠᠬᠢᠯᠭ᠎ᠠ ᠪᠠᠲᠤ ᠬᠠᠤᠯᠢ | ᠴᠠᠭᠠᠵᠠ ᠶᠢ ᠵᠥᠷᠢᠴᠡᠭᠰᠡᠨ ᠬᠠᠷᠢᠭᠤᠴᠠᠯᠭᠠᠲᠠᠨ ᠳᠤ ᠰᠢᠢᠳᠭᠡᠯ ᠥᠭᠴᠦ ᠰᠢᠢᠳᠪᠦᠷᠢᠯᠡᠬᠦ ᠰᠠᠨᠠᠭᠤᠯᠭ᠎ᠠ ᠶᠢᠨ ᠠᠷᠭ᠎ᠠ︾ | ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ᠂ ᠲᠥᠪ ᠪᠠ ᠤᠯᠤᠰ ᠤᠨ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠳᠠᠷᠤᠮᠠᠯᠯᠠᠨ ᠲᠠᠷᠬᠠᠭᠠᠭᠰᠠᠨ ︽ᠲᠤᠭ᠎ᠠ ᠪᠦᠷᠢᠳᠬᠡᠯ ᠤᠨ ᠬᠤᠳᠠᠯ ᠬᠠᠭᠤᠷᠮᠠᠭ ᠮᠠᠭᠤ ᠳᠦᠷᠢᠮ ᠢ | ᠪᠠᠶᠢᠭᠤᠯᠤᠨ ᠲᠡᠭᠦᠯᠳᠡᠷᠵᠢᠭᠦᠯᠬᠦ ᠲᠤᠬᠠᠶ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠬᠤ ᠮᠡᠳᠡᠭᠳᠡᠯ ᠪᠠ | ᠥᠪᠡᠷᠲᠡᠭᠡᠨ ᠵᠠᠰᠠᠬᠤ ᠣᠷᠣᠨ ᠤ ᠲᠣᠰ ᠲᠥᠰᠦᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠶ ᠮᠡᠳᠡᠭᠳᠡᠯ ᠢ | ᠤᠯᠠᠮᠵᠢᠯᠠᠪᠠ᠃ ᠠᠵᠢᠯ ᠤᠨ ᠪᠦᠲᠦᠮᠵᠢ ᠶᠢᠨ ᠲᠤᠬᠠᠶ ᠵᠥᠪ ᠦᠵᠡᠯᠲᠡ ᠶᠢ ᠪᠤᠢ ᠪᠣᠯᠭᠠᠵᠤ᠂ ᠲᠤᠭ᠎ᠠ ᠪᠦᠷᠢᠳᠬᠡᠯ ᠢ | ᠬᠠᠭᠤᠷᠮᠠᠭᠯᠠᠨ ᠵᠣᠬᠢᠶᠠᠬᠤ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ ᠶᠢ ᠰᠡᠷᠭᠡᠶᠢᠯᠡᠬᠦ ᠪᠠ ᠵᠠᠯᠬᠠᠭᠠᠨ | ᠰᠢᠢᠳᠬᠡᠬᠦ ᠶᠢᠨ ᠴᠢᠬᠤᠯᠠ ᠴᠢᠨᠠᠷ ᠢ ᠭᠦᠨᠵᠡᠭᠡᠶ ᠲᠠᠨᠢᠵᠤ᠂ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ | ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠲᠤᠭ᠎ᠠ ᠪᠦᠷᠢᠳᠬᠡᠯ ᠤᠨ ᠦᠢᠯᠡᠰ ᠤᠨ ᠡᠷᠡᠭᠦᠯ ᠢᠶᠠᠷ ᠬᠥᠭᠵᠢᠬᠦ ᠶᠢ | ᠪᠠᠲᠤᠯᠠᠬᠤ ᠬᠡᠷᠡᠭᠲᠡᠶ᠃ ᠲᠤᠭ᠎ᠠ ᠪᠦᠷᠢᠳᠬᠡᠯ ᠤᠨ ᠬᠤᠳᠠᠯ ᠬᠠᠭᠤᠷᠮᠠᠭ ᠢᠶᠠᠷ ᠵᠣᠬᠢᠶᠠᠬᠤ ᠶᠢ ᠶᠡᠬᠡᠪᠡᠷ ᠰᠡᠷᠭᠡᠶᠢᠯᠡᠵᠦ᠂ | ᠲᠤᠭ᠎ᠠ ᠪᠦᠷᠢᠳᠬᠡᠯ ᠤᠨ ᠬᠤᠳᠠᠯ ᠬᠠᠭᠤᠷᠮᠠᠭ ᠢᠶᠠᠷ ᠵᠣᠬᠢᠶᠠᠬᠤ ᠶᠢ ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠵᠤ᠂ | ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠤᠨ ᠱᠤᠭᠤᠮ ᠢ ᠴᠢᠩᠭ᠎ᠠ ᠰᠠᠬᠢᠬᠤ ᠬᠡᠷᠡᠭᠲᠡᠢ᠃ | ᠠᠵᠢᠯ ᠤᠨ ᠴᠢᠨᠠᠷ ᠴᠢᠨᠰᠠᠭ᠎ᠠ ᠦᠷ᠎ᠡ ᠠᠰᠢᠭ ᠢ ᠳᠡᠭᠡᠭᠰᠢᠯᠡᠭᠦᠯᠵᠦ᠂ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠢ | ᠣᠨᠣᠪᠴᠢᠲᠠᠢ ᠡᠵᠡᠮᠳᠡᠵᠦ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠦᠨᠡᠨᠬᠦ ᠳᠡᠭᠡᠭᠰᠢᠯᠡᠭᠦᠯᠬᠦ | ᠬᠡᠷᠡᠭᠲᠡᠢ᠃ | ᠬᠤᠷᠠᠯ ᠠᠴᠠ ᠮᠠᠨ ᠤ ᠬᠤᠰᠢᠭᠤᠨ ᠤ ︽ᠵᠢᠷᠭᠤᠭᠠᠨ ᠠᠵᠢᠯᠯᠠᠭ᠎ᠠ︾ ᠶᠢᠨ ᠲᠥᠰᠦᠯ ᠢ ᠰᠤᠳᠤᠯᠤᠨ ᠬᠢᠨᠠᠨ | ᠵᠥᠪᠯᠡᠪᠡ᠃ ︽ᠵᠢᠷᠭᠤᠭᠠᠨ ᠠᠵᠢᠯᠯᠠᠭ᠎ᠠ︾ ᠶᠢ ᠬᠡᠷᠡᠭᠵᠢᠭᠦᠯᠬᠦ ᠠᠵᠢᠯ ᠢ ᠪᠦᠬᠦ ᠲᠠᠯ᠎ᠠ ᠪᠠᠷ ᠰᠠᠶᠢᠲᠤᠷ ᠠᠳᠬᠤᠵᠤ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ | ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠦᠷ᠎ᠡ ᠳ᠋ᠦᠩ ᠤᠨ | ᠤᠳᠤᠷᠢᠳᠤᠮᠵᠢ ᠶᠢ ᠳᠣᠪᠤᠶᠢᠯᠭᠠᠵᠤ᠂ ᠪᠥᠬᠦ ᠬᠤᠰᠢᠭᠤᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠨᠠᠩ | ᠰᠠᠶᠢᠲᠤᠷ ᠠᠬᠢᠭᠤᠯᠬᠤ ᠬᠡᠷᠡᠭᠲᠡᠶ᠃ ᠰᠢᠰᠲ᠋ᠧᠮ ᠤᠨ ᠦᠵᠡᠯᠲᠡ ᠪᠠᠨ ᠴᠢᠩᠭᠠᠳᠬᠠᠵᠤ᠂ ᠨᠢᠭᠡᠳᠦᠯᠲᠡᠢ ᠲᠥᠯᠥᠪᠵᠢᠭᠦᠯᠬᠦ | ᠠᠵᠢᠯ ᠤᠨ ᠠᠷᠭ᠎ᠠ ᠶᠢ ᠴᠢᠳᠠᠮᠠᠭᠠᠢ ᠬᠡᠷᠡᠭᠯᠡᠨ ᠠᠵᠢᠯ ᠢᠶᠠᠨ ᠠᠬᠢᠭᠤᠯᠵᠤ᠂ ᠤᠮᠠᠷᠠᠲᠤ ᠶᠢᠨ ᠰᠣᠶᠣᠯ ᠢ ᠪᠠᠳᠠᠷᠠᠭᠤᠯᠬᠤ | ᠦᠢᠯᠡᠳᠦᠯᠭᠡ ᠳᠤᠮᠳᠠ ᠲᠠᠷᠬᠠᠨ ᠮᠤᠤᠮᠢᠩᠭᠠᠨ ᠤ ᠠᠵᠢᠯᠯᠠᠭ᠎ᠠ ᠶᠢ ᠭᠦᠢᠴᠡᠳ ᠢᠯᠡᠷᠡᠭᠦᠯᠬᠦ ᠬᠡᠷᠡᠭᠲᠡᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |