ᠠᠷᠠᠳ ᠲᠤ ᠲᠥᠬᠦᠮ ᠦᠵᠡᠭᠦᠯᠬᠦ ᠵᠠᠬ᠎ᠠ ᠳᠡᠯᠭᠡᠭᠦᠷ ᠢ ︽ᠨᠠᠷᠢᠯᠢᠭ︾  ᠵᠠᠰᠠᠵᠤ᠂ ᠬᠤᠲᠠ ᠶᠢᠨ ᠬᠠᠮᠢᠶᠠᠷᠤᠭᠴᠢ  ᠠᠷᠠᠳ ᠤᠨ ᠰᠡᠳᠬᠢᠯ ᠢ ︽  ᠲᠤᠯᠠᠭᠠᠴᠠᠭᠤᠯᠤᠨ᠎ᠠ︾
ᠨᠡᠶᠢᠲᠡᠯᠡᠭᠰᠡᠨ ᠴᠠᠭ᠄
2025/6/24
      ᠤᠶᠢᠷ᠎ᠠ ᠳᠤ᠂ ᠳᠤᠯᠠᠭᠠᠨ ᠭᠡᠷ ᠤᠨ ᠡᠮᠦᠨ᠎ᠡ ᠲᠠᠯ᠎ᠠ ᠶᠢᠨ ᠠᠷᠠᠳ ᠲᠤ ᠳᠥᠭᠦᠮ ᠦᠵᠡᠭᠦᠯᠬᠦ  ᠵᠠᠬ᠎ᠠ ᠳᠡᠯᠭᠡᠭᠦᠷ  ᠠᠭᠠᠵᠢᠮ ᠢᠶᠠᠷ ᠰᠢᠨᠡᠳᠴᠤ -  ᠳᠡᠯᠭᠡᠭᠡ ᠮᠠᠶᠢᠮᠠᠢ ᠶᠢᠨ ᠪᠠᠶᠢᠷᠢᠯᠠᠯ ᠲᠡᠷᠢ ᠲᠡᠭᠰᠢ ᠪᠣᠯᠵᠤ᠂ ᠵᠠᠮ  ᠵᠡᠭᠡᠯᠢ ᠨᠢ ᠠᠭᠤᠵᠢᠮ ᠰᠠᠷᠠᠭᠤᠯ ᠪᠣᠯᠵᠤ᠂ ᠭᠠᠵᠠᠷ ᠤᠨ ᠭᠠᠳᠠᠷᠭᠤ ᠨᠢ ᠴᠦ ᠥᠩᠭᠡᠷᠡᠭᠡᠭᠰᠡᠨ ᠤ ᠬᠢ ᠠᠴᠠ ᠨᠡᠩ ᠴᠡᠪᠡᠷ ᠪᠣᠯᠵᠠᠢ᠃ ᠥᠩᠭᠡᠷᠡᠭᠡᠭᠰᠡᠨ ᠳᠤ᠂ ᠳᠤᠯᠠᠭᠠᠨ ᠭᠡᠷ ᠤᠨ ᠵᠠᠮ ᠤᠨ ᠠᠭᠤᠯᠵᠠᠷ ᠤᠨ ᠡᠷᠭᠢᠨ ᠲᠣᠭᠤᠷᠢᠨ ᠤ ᠨᠡᠭᠦᠳᠡᠯ ᠳᠡᠯᠭᠡᠭᠦᠷ ᠨᠢ ᠳᠤᠷ᠎ᠠ ᠪᠠᠷ ᠢᠶᠠᠨ ᠵᠠᠮ ᠡᠵᠡᠯᠡᠵᠦ ᠡᠵᠡᠩᠨᠡᠯᠲᠡ ᠬᠢᠵᠦ  ᠪᠠᠶᠢᠭᠰᠠᠨ ᠢᠶᠠᠷ ᠪᠠᠷᠠᠬᠤ ᠦᠭᠡᠢ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠨᠢ ᠴᠦ ᠬᠥᠮᠦᠨ ᠤ ᠰᠡᠳᠬᠢᠯ  ᠳᠤ ᠲᠠᠭᠠᠯᠠᠮᠵᠢ ᠦᠭᠡᠢ᠃ ᠡᠲᠡᠭᠡᠷ ᠠᠰᠠᠭᠤᠳᠠᠯ ᠤᠨ ᠡᠮᠦᠨ᠎ᠡ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠬᠢᠨ ︽ᠬᠤᠸᠠᠷ ᠬᠠᠳᠬᠤᠬᠤ ᠡᠷᠳᠡᠮ︾ ᠢᠶᠠᠷ ᠬᠠᠮᠢᠶᠠᠷᠤᠯᠲᠠ ᠪᠠᠨ ᠨᠠᠷᠢᠯᠢᠬᠵᠢᠭᠤᠯᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ᠂ ᠦᠷᠭᠦᠯᠵᠢᠯᠡᠨ ᠵᠣᠬᠢᠴᠠᠭᠤᠯᠬᠤ ᠪᠠᠷ ᠳᠠᠮᠵᠢᠭᠤᠯᠤᠨ᠂ ᠠᠷᠬᠠᠭ ᠬᠡᠮ ᠢ ᠠᠯᠬᠤᠮ ᠠᠯᠬᠤᠮ ᠢᠶᠠᠷ ᠠᠷᠢᠯᠭᠠᠪᠠ᠃      ᠳᠤᠯᠠᠭᠠᠨ ᠭᠡᠷ ᠵᠠᠮ ᠤᠨ ᠠᠭᠤᠯᠵᠠᠷ ᠲᠤ᠂ ᠠᠵᠢᠯᠲᠠᠳ ᠳᠡᠯᠭᠡᠭᠡ ᠮᠠᠶᠢᠮᠠᠶ ᠶᠢᠨ ᠣᠷᠣᠨ ᠪᠦᠰᠡ ᠶᠢ ᠳᠠᠬᠢᠨ ᠲᠥᠯᠥᠪᠵᠢᠭᠦᠯᠵᠦ᠂ ᠰᠠᠭᠤᠭᠠᠯᠢ ᠠᠷᠠᠳ ᠤᠨ ᠬᠤᠳᠠᠯᠳᠤᠨ ᠠᠪᠬᠤ ᠳᠤ ᠲᠥᠬᠦᠮ ᠦᠵᠡᠬᠦᠯᠦᠭᠰᠡᠨ ᠮᠥᠷᠲᠡᠭᠡᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠪᠠᠲᠤᠯᠠᠪᠠ᠃ ᠵᠢᠮᠢᠰ ᠤᠨ ᠳᠡᠯᠭᠡᠭᠦᠷ ᠤᠨ ᠡᠵᠡᠨ ᠵᠦ ᠬᠤᠩ ᠮᠧᠶ ᠡᠭᠦᠨ ᠳᠤ ᠭᠦᠨ ᠲᠥᠷᠥᠭᠳᠡᠯ ᠲᠠᠢ ᠪᠠᠷ᠄ ︽ᠥᠩᠭᠡᠷᠡᠭᠰᠡᠨ ᠳᠤ ᠳᠡᠯᠭᠡᠭᠡ ᠮᠠᠶᠢᠮᠠᠶ ᠶᠢᠨ ᠣᠷᠣᠨ ᠪᠠᠶᠢᠷᠢ ᠨᠢ ᠲᠣᠭᠲᠠᠮᠠᠯ ᠪᠤᠰᠤ᠂ ᠵᠠᠮ ᠨᠢ ᠢᠪᠴᠤᠤ ᠰᠢᠬᠠᠭᠤ ᠪᠠᠶᠢᠵᠤ᠂ ᠬᠤᠳᠠᠯᠳᠤᠨ ᠠᠪᠬᠤ ᠦᠶ᠎ᠡ ᠳᠤ ᠦᠷᠭᠦᠯᠵᠢ ᠬᠡᠷᠡᠭᠦᠯ ᠵᠢᠭᠤᠷᠠᠭᠠᠨ ᠭᠠᠷᠳᠠᠭ ᠪᠠᠶᠢᠵᠠᠢ᠃ ᠣᠳᠣ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠡᠵᠡᠩᠨᠡᠯᠲᠡ ᠶᠢᠨ ᠣᠷᠣᠨ ᠪᠦᠰᠡ ᠶᠢ ᠳᠦᠷᠢᠮᠵᠢᠭᠦᠯᠦᠭᠰᠡᠨ ᠢᠶᠠᠷ ᠪᠠᠷᠠᠬᠤ ᠦᠭᠡᠢ᠂ ᠨᠠᠷᠠ ᠬᠠᠯᠬᠠᠯᠠᠬᠤ ᠰᠠᠷᠠᠪᠴᠢ ᠶᠢ ᠨᠢᠭᠡᠳᠦᠯᠲᠡᠶ ᠪᠠᠶᠢᠭᠤᠯᠵᠤ᠂ ᠵᠠᠮ ᠥᠷᠭᠡᠵᠢᠵᠦ᠂ ᠪᠠᠷᠠᠭ᠎ᠠ ᠬᠤᠳᠠᠯᠳᠤᠨ ᠠᠪᠬᠤ ᠣᠷᠴᠢᠨ ᠲᠣᠭᠤᠷᠢᠨ ᠠᠮᠤᠷ ᠲᠦᠪᠰᠢᠨ ᠪᠤᠯᠬᠤ᠂ ᠡᠷᠡᠭᠦᠯ ᠬᠠᠮᠠᠭᠠᠯᠠᠯ ᠤᠨ ᠪᠠᠶᠢᠳᠠᠯ ᠴᠤ ᠶᠡᠭᠡ ᠪᠠᠷ ᠰᠠᠶᠢᠵᠢᠷᠠᠪᠠ᠃ ᠡᠶᠢᠮᠦ ᠡᠵᠡᠩᠨᠡᠯᠲᠡ ᠶᠢᠨ ᠣᠷᠴᠢᠨ ᠲᠣᠭᠤᠷᠢᠨ ᠨᠢ ᠮᠠᠨ ᠤ ᠬᠤᠳᠠᠯᠳᠤᠭᠠᠴᠢᠨ ᠡᠷᠦᠬᠡ  ᠶᠢᠨ ᠰᠡᠳᠬᠢᠯ ᠢ ᠶᠡᠬᠡᠳᠡ ᠳᠤᠯᠠᠭᠠᠴᠠᠭᠤᠯᠪᠠ︾ ᠭᠡᠵᠦ ᠬᠡᠯᠡᠪᠡ᠃ ᠡᠲᠡᠭᠡᠷ ᠬᠤᠪᠢᠷᠠᠯᠲᠠ ᠨᠢ ᠬᠤᠳᠠᠯᠳᠤᠭᠠᠴᠢᠨ ᠳᠤ ᠲᠣᠭᠲᠠᠭᠤᠨ ᠡᠵᠡᠩᠨᠡᠯᠲᠡ ᠶᠢᠨ ᠲᠠᠯᠠᠪᠤᠷ ᠬᠠᠩᠭᠠᠭᠰᠠᠨ ᠢᠶᠠᠷ ᠪᠠᠷᠠᠬᠤ ᠥᠬᠡᠶ᠂ ᠨᠠᠩ ᠴᠤ ᠡᠷᠬᠢᠨ ᠲᠣᠭᠤᠷᠢᠨ ᠤ ᠰᠠᠭᠤᠭᠠᠯᠢ ᠠᠷᠠᠳ ᠲᠤ ᠠᠮᠤᠷ ᠲᠦᠪᠰᠢᠨ ᠪᠥᠭᠡᠳ ᠲᠥᠬᠦᠮ ᠦᠵᠡᠭᠦᠯᠬᠦ ᠣᠶᠢᠯᠠᠭᠠᠯᠲᠠ ᠶᠢ ᠬᠦᠷᠲᠡᠭᠡᠭᠰᠡᠨ ᠪᠠᠶᠢᠨ᠎ᠠ᠃ ᠣᠷᠣᠨ ᠵᠠᠶ ᠶᠢᠨ ᠪᠠᠶᠢᠷᠢᠰᠢᠯ ᠢ ᠰᠢᠯᠢᠳᠡᠭᠵᠢᠭᠦᠯᠬᠦ ᠪᠠᠷ ᠳᠠᠮᠵᠢᠭᠤᠯᠤᠨ᠂ ᠤᠤᠯ ᠤᠨ ᠡᠮᠬᠢ ᠵᠠᠮᠪᠠᠷᠠᠭ᠎ᠠ ᠥᠬᠡᠶ ᠪᠠᠶᠢᠭᠰᠠᠨ ᠳᠡᠯᠭᠡᠭᠦᠷ ᠢ ᠳᠠᠬᠢᠨ ᠲᠥᠯᠥᠪᠵᠢᠭᠦᠯᠵᠦ᠂ ᠨᠠᠩ ᠥᠷᠭᠡᠨ ᠠᠭᠤᠳᠠᠮ  ᠵᠠᠮ ᠬᠠᠷᠢᠯᠴᠠᠭᠠᠨ ᠤ ᠣᠷᠣᠨ ᠪᠦᠰᠡ ᠶᠢ ᠦᠯᠡᠳᠡᠭᠡᠵᠦ ᠦᠭᠪᠡ᠃ ᠡᠭᠦᠨ ᠤ ᠬᠠᠮᠲᠤ᠂ ᠳᠡᠯᠭᠡᠭᠦᠷ ᠤᠨ ᠣᠷᠣᠨ ᠲᠤᠭ᠎ᠠ ᠶᠢ ᠵᠣᠬᠢᠰᠲᠠᠶ ᠨᠡᠮᠡᠭᠳᠡᠭᠦᠯᠵᠦ᠂ ᠨᠠᠩ ᠣᠯᠠᠨ ᠬᠤᠳᠠᠯᠳᠤᠭᠠᠨ ᠤ ᠡᠷᠦᠬᠡ ᠶᠢᠨ ᠡᠵᠡᠩᠨᠡᠯᠲᠡ ᠶᠢᠨ ᠬᠡᠷᠡᠭᠴᠡᠭᠡ ᠶᠢ ᠬᠠᠩᠭᠠᠭᠰᠠᠨ ᠮᠥᠷᠲᠡᠭᠡᠨ ᠪᠠᠰᠠ ᠵᠠᠬ᠎ᠠ ᠳᠡᠯᠭᠡᠭᠦᠷ ᠤᠨ ᠡᠮᠬᠢ ᠳᠢᠭᠯᠢᠮ ᠲᠠᠢ ᠪᠠᠶᠢᠬᠤ ᠶᠢ ᠦᠨᠡᠨ ᠬᠦ ᠪᠠᠲᠤᠯᠠᠪᠠ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠳᠠᠷᠤᠭ᠎ᠠ ᠴᠧᠨ ᠰᠢ᠄ ︽ᠪᠢᠳᠡᠨ ᠤ ᠪᠠᠶᠢᠭᠤᠯᠤᠭᠰᠠᠨ ᠠᠷᠠᠳ ᠲᠤ ᠲᠥᠬᠦᠮ ᠦᠵᠡᠭᠦᠯᠬᠦ ᠵᠠᠬ᠎ᠠ ᠳᠡᠯᠭᠡᠭᠦᠷ᠂ ᠨᠢᠭᠡ ᠲᠠᠯ᠎ᠠ ᠪᠠᠷ ᠰᠠᠭᠤᠭᠠᠯᠢ ᠠᠷᠠᠳ ᠤᠨ ᠪᠠᠷᠠᠭ᠎ᠠ ᠬᠤᠳᠠᠯᠳᠤᠨ ᠠᠪᠬᠤ  ᠳᠤ ᠨᠠᠩ ᠳᠥᠭᠦᠮ ᠳᠥᠲᠡ ᠪᠣᠯᠭᠠᠵᠤ᠂ ᠨᠥᠭᠦᠭᠡ ᠲᠠᠯ᠎ᠠ ᠪᠠᠷ ᠬᠤᠳᠠᠯᠳᠤᠭᠠᠨ ᠤ ᠡᠷᠦᠬᠡ ᠳᠤ ᠵᠢᠩᠬᠢᠨᠢ ᠡᠵᠡᠩᠨᠡᠯᠲᠡ ᠶᠢᠨ ᠲᠠᠪᠴᠠᠩ ᠬᠠᠩᠭᠠᠵᠤ᠂ ᠣᠷᠣᠯᠭ᠎ᠠ ᠶᠢ ᠨᠢ ᠲᠣᠭᠲᠠᠭᠤᠨ ᠢᠶᠠᠷ ᠨᠡᠮᠡᠭᠳᠡᠭᠦᠯᠬᠦ ᠳᠤ ᠬᠦᠴᠦᠨ  ᠨᠡᠮᠡᠷᠢᠯᠡᠪᠡ︾  ᠭᠡᠵᠦ ᠲᠠᠨᠢᠯᠴᠠᠭᠤᠯᠪᠠ᠃ ᠢᠩᠭᠢᠵᠦ ᠥᠭᠡᠷᠡᠴᠢᠯᠡᠭᠰᠡᠨ ᠨᠢ ᠬᠤᠳᠠᠯᠳᠤᠭᠠᠴᠢᠨ ᠡᠷᠦᠬᠡ ᠳᠤ ᠵᠢᠷᠤᠮᠵᠢᠭᠰᠠᠨ ᠡᠵᠡᠩᠨᠡᠯᠲᠡ ᠶᠢᠨ ᠲᠠᠪᠴᠠᠩ ᠪᠠᠶᠢᠭᠤᠯᠵᠤ ᠥᠭᠭᠦᠭᠰᠡᠨ ᠮᠥᠷᠲᠡᠭᠡᠨ ᠪᠠᠰᠠ ᠰᠠᠭᠤᠭᠠᠯᠢ ᠠᠷᠠᠳ ᠤᠨ ︽ᠬᠤᠯᠢᠰᠢᠨ ᠢᠳᠡᠭᠡᠨ︾ ᠬᠤᠳᠠᠯᠳᠤᠨ ᠠᠪᠬᠤ ᠶᠢ ᠨᠠᠩ ᠰᠠᠨᠠᠭ᠎ᠠ ᠠᠮᠤᠷ ᠪᠣᠯᠭᠠᠪᠠ᠃ ᠣᠶᠢᠯᠠᠭᠠᠭᠰᠠᠨ ᠢᠶᠠᠷ᠂ ᠯᠢ ᠱᠦᠢ ᠰᠢᠨ ᠶᠤᠸᠠᠨ ᠰᠠᠭᠤᠭᠠᠯᠢ ᠠᠷᠠᠳ ᠤᠨ ᠲᠣᠭᠤᠷᠢᠭ ᠤᠨ ᠠᠷᠠᠳ ᠲᠤ ᠲᠥᠬᠦᠮ ᠦᠵᠡᠭᠦᠯᠬᠦ ᠵᠠᠬ᠎ᠠ ᠳᠡᠯᠭᠡᠭᠦᠷ ᠶᠠᠭ ᠰᠠᠶᠢᠬᠠᠨ  ᠪᠡᠯᠡᠳᠬᠡᠯ ᠠᠵᠢᠯ ᠬᠢᠵᠦ ᠪᠠᠶᠢᠨ᠎ᠠ᠃      ᠣᠳᠣᠬᠠᠨ ᠳᠤ ᠲᠤᠯᠠᠭᠠᠨ ᠭᠡᠷ ᠠᠷᠠᠳ ᠲᠤ ᠳᠥᠭᠦᠮ ᠦᠵᠡᠭᠦᠯᠬᠦ ᠵᠠᠬ᠎ᠠ ᠳᠡᠯᠭᠡᠭᠦᠷ ᠲᠤ ᠤᠷᠤᠬᠤ ᠳᠤ᠂ ᠳᠡᠯᠭᠡᠭᠦᠷ ᠢᠶᠠᠨ ᠡᠮᠬᠢ ᠴᠡᠭᠴᠡ ᠲᠠᠢ  ᠪᠠᠶᠢᠷᠢᠯᠠᠭᠤᠯᠵᠤ᠂ ᠥᠷᠭᠡᠨ ᠠᠭᠤᠳᠠᠮ ᠵᠠᠮ᠂ ᠪᠦᠷᠢᠨ ᠲᠡᠭᠦᠯᠳᠡᠷ ᠦᠢᠯᠡᠴᠢᠯᠡᠭᠡᠨ ᠤ ᠲᠥᠬᠦᠭᠡᠷᠦᠮᠵᠢ ᠨᠢ ᠬᠥᠮᠦᠰ ᠲᠤ ᠴᠣ ᠰᠢᠨ᠎ᠡ ᠲᠥᠷᠥᠭᠳᠡᠯ ᠠᠪᠴᠢᠷᠠᠨ᠎ᠠ᠃ ᠠᠳᠡᠬᠢ ᠵᠠᠬ᠎ᠠ ᠳᠡᠯᠭᠡᠭᠦᠷ ᠤᠨ ᠠᠭᠤᠷ ᠠᠮᠢᠰᠬᠤᠯ ᠢᠶᠠᠷ ᠪᠢᠯᠬᠠᠮ᠎ᠠ ᠪᠠᠶᠢᠳᠠᠭ ᠢᠶᠠᠷ ᠪᠠᠷᠠᠬᠤ ᠦᠭᠡᠢ᠂ ᠪᠠᠰᠠ ᠨᠠᠷᠢᠯᠢᠬᠵᠢᠭᠤᠯᠤᠭᠰᠠᠨ ᠬᠠᠮᠢᠶᠠᠷᠤᠯᠲᠠ ᠪᠠᠷ ᠳᠠᠮᠵᠢᠭᠤᠯᠤᠨ ᠬᠦᠮᠦᠰ ᠤᠨ ᠡᠳᠦᠷ ᠲᠤᠲᠤᠮ ᠤᠨ ᠠᠮᠢᠳᠤᠷᠠᠯ ᠢ ᠨᠠᠩ ᠲᠠᠭᠠᠯᠠᠮᠵᠢᠲᠠᠶ ᠪᠣᠯᠭᠠᠵᠤ᠂ ᠮᠠᠨ ᠤ ᠪᠠᠯᠭᠠᠰᠤᠨ ᠤ ᠬᠠᠶᠢᠷ᠎ᠠ ᠬᠠᠯᠠᠮᠵᠢ ᠪᠠᠷ ᠪᠢᠯᠬᠠᠭᠰᠠᠨ ᠠᠷᠠᠳ ᠤᠨ ᠠᠮᠢᠳᠤᠷᠠᠯ ᠤᠨ ᠦᠵᠡᠮᠵᠢ ᠶᠢᠨ ᠣᠷᠣᠨ ᠪᠣᠯᠤᠭᠰᠠᠨ ᠪᠠᠶᠢᠨ᠎ᠠ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号