6 ᠰᠠᠷ᠎ᠠ ᠶᠢᠨ 22 ᠤᠨ ᠡᠳᠦᠷ᠂ ᠪᠤᠭᠤᠲᠤ ᠬᠤᠲᠠ ᠶᠢᠨ ︽ᠳᠡᠯᠡᠬᠡᠶ ᠳ᠋ᠠᠬᠢᠨ ᠤ ᠬᠠᠲᠤᠨ ᠭᠤᠤᠯ ᠤᠨ | ᠨᠢᠭᠡᠳᠦᠭᠡᠷ ᠲᠣᠰᠬᠤᠨ︾ ᠤ ᠡᠬᠢᠯᠡᠯᠲᠡ ᠶᠢᠨ 2025 ᠤᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ︽ᠲᠠᠯ᠎ᠠ ᠨᠤᠲᠤᠭ ᠤᠨ ᠰᠢᠨ᠎ᠡ ᠬᠠᠭᠤᠳᠠᠰᠤ · ᠰᠣᠶᠣᠯ ᠵᠢᠭᠤᠯᠴᠢᠯᠠᠯ ᠤᠨ ᠰᠢᠨ᠎ᠡ ᠢᠷᠡᠭᠡᠳᠦᠶ︾ ᠭᠡᠬᠦ | ᠭᠤᠤᠯ ᠰᠡᠳᠦᠪᠲᠦ ᠠᠵᠢᠯᠯᠠᠭ᠎ᠠ ᠳᠡᠭᠡᠷ᠎ᠡ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠥᠪᠥᠷ ᠮᠣᠩᠭᠤᠯ ᠤᠨ | ᠠᠩᠬᠠᠳᠠᠭᠴᠢ ᠪᠦᠯᠦᠭ ︽ᠵᠢᠭᠤᠯᠴᠢᠯᠠᠯ ᠤᠨ ᠨᠠᠷᠠᠲᠤ ᠰᠢᠶᠠᠨ︾ ᠤ ᠢᠷᠠᠭᠤ ᠠᠯᠳᠠᠷ ᠢ ᠭᠥᠷᠳᠡᠪᠡ᠃ | ᠥᠪᠥᠷ ᠮᠣᠩᠭᠤᠯ ᠤᠨ ᠵᠢᠭᠤᠯᠴᠢᠯᠠᠯ ᠤᠨ ᠠᠩᠬᠠᠳᠠᠭᠴᠢ ᠪᠦᠯᠦᠭ ᠨᠡᠷᠡᠲᠦ ᠬᠤᠰᠢᠭᠤ ᠰᠢᠶᠠᠨ ᠲᠣᠭᠤᠷᠢᠭ ᠪᠣᠯ | ᠬᠥᠬᠡᠬᠤᠲᠠ ᠶᠢᠨ ᠴᠢᠩ ᠱᠦᠶ ᠾᠧ ᠰᠢᠶᠠᠨ᠂ ᠪᠤᠭᠤᠲᠤ ᠬᠤᠲᠠ ᠶᠢᠨ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤ᠂ ᠬᠥᠯᠥᠨ ᠪᠤᠶᠢᠷ ᠬᠤᠲᠠ ᠶᠢᠨ ᠡᠷᠭᠦᠨ᠎ᠡ ᠬᠤᠲᠠ᠂ ᠬᠢᠩᠭᠠᠨ ᠠᠶᠢᠮᠠᠭ ᠤᠨ ᠷᠠᠰᠢᠶᠠᠨ ᠬᠤᠲᠠ᠂ | ᠲᠦᠩᠯᠢᠶᠣᠤ ᠬᠤᠲᠠ ᠶᠢᠨ ᠨᠠᠢᠮᠠᠨ ᠬᠤᠰᠢᠭᠤ᠂ ᠤᠯᠠᠭᠠᠨᠬᠠᠳᠠ ᠬᠤᠲᠠ ᠶᠢᠨ ᠬᠡᠰᠢᠭᠲᠡᠨ ᠬᠤᠰᠢᠭᠤ᠂ ᠰᠢᠯᠢ ᠶᠢᠨ | ᠭᠤᠤᠯ ᠠᠶᠢᠮᠠᠭ ᠤᠨ ᠳᠣᠯᠣᠨᠨᠠᠭᠤᠷ ᠰᠢᠶᠠᠨ᠂ ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠬᠤᠶᠢᠲᠤ | ᠬᠤᠰᠢᠭᠤ᠂ ᠣᠷᠳᠣᠰ ᠬᠤᠲᠠ ᠶᠢᠨ ᠬᠢᠶ᠎ᠡ ᠪᠠᠭᠰᠢ ᠲᠣᠭᠤᠷᠢᠭ᠂ ᠪᠠᠶᠠᠨᠨᠠᠭᠤᠷ ᠬᠤᠲᠠ ᠶᠢᠨ ᠦᠶᠤᠸᠠᠨ ᠰᠢᠶᠠᠨ᠂ | ᠦᠬᠠᠶ ᠬᠤᠲᠠ ᠶᠢᠨ ᠬᠠᠶᠢᠷᠤᠪ ᠤᠨ ᠲᠣᠬᠤᠶ ᠲᠣᠭᠤᠷᠢᠭ᠂ ᠠᠯᠠᠱᠠ ᠠᠶᠢᠮᠠᠭ ᠤᠨ ᠡᠵᠡᠨ᠎ᠡ ᠬᠤᠰᠢᠭᠤ᠂ ᠮᠠᠨᠵᠤᠤᠷ | ᠬᠤᠲᠠ ᠪᠣᠯᠤᠨ᠎ᠠ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠰᠢᠯᠭᠠᠷᠠᠭᠤᠯᠤᠯᠲᠠ ᠪᠣᠯ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠣᠶᠣᠯ ᠵᠢᠭᠤᠯᠴᠢᠯᠠᠯ ᠤᠨ ᠦᠢᠯᠡᠰ ᠤᠨ ᠴᠢᠨᠠᠷ | ᠰᠠᠶᠢᠲᠠᠶ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠠᠶᠢᠵᠤ᠂ | ᠵᠣᠷᠢᠯᠭ᠎ᠠ ᠨᠢ ᠥᠯᠢᠭᠡᠷ ᠳᠠᠭᠤᠷᠢᠶᠠᠯ ᠢ ᠪᠣᠶ ᠪᠣᠯᠭᠠᠬᠤ᠂ ᠴᠡᠭ ᠢᠶᠠᠷ ᠨᠡᠶᠢᠳᠡᠮ ᠢ ᠳᠠᠶᠢᠴᠢᠯᠠᠬᠤ ᠠᠷᠭ᠎ᠠ ᠮᠠᠶ᠋ᠢᠭ ᠢᠶᠠᠷ | ᠳᠠᠮᠵᠢᠭᠤᠯᠤᠨ ᠪᠥᠬᠦ ᠣᠷᠣᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠲᠠᠰ ᠳᠡᠪᠰᠢᠬᠦ ᠶᠢ ᠠᠬᠢᠭᠤᠯᠬᠤ ᠶᠢᠨ | ᠲᠥᠯᠥᠭᠡ ᠶᠤᠮ᠃ |