ᠰᠠᠭᠤᠬᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠬᠦ᠂ ᠮᠠᠰᠢᠨ ᠲᠡᠷᠭᠡᠨ ᠤ ᠬᠠᠭᠤᠴᠢᠨ ᠵᠶᠠᠷ ᠰᠢᠨ᠎ᠡ ᠶᠢ ᠰᠣᠯᠢᠬᠤ ᠶᠢ ᠳᠡᠮᠵᠢᠨ᠎ᠡ ᠁ ᠲᠥᠪ ᠪᠠᠩᠬᠢ ᠵᠡᠷᠭᠡ 6 ᠰᠠᠯᠠᠭ᠎ᠠ ᠮᠥᠴᠢᠷ ᠪᠢᠴᠢᠭ ᠮᠠᠲ᠋ᠧᠷᠢᠶᠠᠯ ᠪᠠᠭᠤᠯᠬᠠᠪᠠ︕
ᠨᠡᠶᠢᠲᠡᠯᠡᠭᠰᠡᠨ ᠴᠠᠭ᠄
2025/6/25
      ᠣᠶᠢᠷ᠎ᠠ ᠳᠤ᠂ ᠳᠤᠮᠳᠠᠳᠤ ᠤᠯᠤᠰ ᠤᠨ ᠠᠷᠠᠳ ᠤᠨ ᠪᠠᠩᠬᠢ ᠵᠡᠷᠭᠡ 6 ᠰᠠᠯᠠᠭ᠎ᠠ ᠮᠥᠴᠢᠷ ᠬᠤᠯᠪᠣᠬᠠᠯᠠᠨ ︽ᠮᠥᠩᠭᠦᠨ ᠭᠦᠢᠯᠭᠡᠭᠡᠨ ᠤ ᠳᠡᠮᠵᠢᠯᠭᠡ ᠪᠠᠷ ᠬᠡᠷᠡᠭᠯᠡᠭᠡ ᠶᠢ ᠬᠥᠭᠵᠢᠭᠡᠬᠦ ᠪᠠ ᠥᠷᠭᠡᠳᠬᠡᠬᠦ ᠲᠤᠬᠠᠢ ᠵᠢᠯᠤᠭᠤᠳᠬᠤ ᠰᠠᠨᠠᠯ︾ ᠢ ᠳᠠᠷᠤᠮᠠᠯᠯᠠᠨ ᠶᠠᠪᠤᠭᠤᠯᠵᠤ᠂ ᠬᠡᠷᠡᠭᠯᠡᠭᠡ ᠶᠢᠨ ᠴᠢᠳᠠᠪᠤᠷᠢ ᠶᠢ ᠳᠡᠮᠵᠢᠨ᠂ ᠬᠡᠷᠡᠭᠯᠡᠭᠡ ᠶᠢᠨ ᠬᠦᠷᠢᠶᠡᠨ ᠳᠠᠬᠢ ᠮᠥᠩᠭᠦᠨ ᠭᠦᠢᠯᠭᠡᠭᠡᠨ ᠤ ᠬᠠᠩᠬᠠᠯᠭ᠎ᠠ ᠶᠢ ᠥᠷᠭᠡᠳᠬᠡᠬᠦ᠂ ᠰᠠᠭᠤᠬᠠᠯᠢ ᠠᠷᠠᠳ ᠤᠨ ᠬᠡᠷᠡᠭᠯᠡᠭᠡ ᠶᠢᠨ ᠳᠠᠯᠳᠠ ᠬᠦᠴᠦᠨ ᠢ ᠠᠭᠤᠳᠠᠯᠤᠨ ᠪᠠᠳᠠᠷᠠᠭᠤᠯᠬᠤ᠂ ᠬᠡᠷᠡᠭᠯᠡᠭᠡ ᠶᠢᠨ ᠬᠠᠩᠬᠠᠯᠭ᠎ᠠ ᠶᠢᠨ ᠦᠢᠯᠡᠳᠦᠯ ᠴᠢᠳᠠᠪᠤᠷᠢ ᠶᠢ ᠠᠬᠢᠭᠤᠯᠤᠨ᠂ ᠬᠡᠷᠡᠭᠯᠡᠭᠡ  ᠶᠢᠨ ᠣᠷᠴᠢᠨ ᠨᠥᠬᠦᠴᠡᠯ ᠪᠠ ᠲᠥᠷᠥ ᠶᠢᠨ ᠪᠣᠳᠣᠯᠭ᠎ᠠ ᠶᠢᠨ ᠲᠤᠯᠬᠠᠭᠤᠷᠢᠯᠠᠯ ᠪᠠᠲᠤᠯᠠᠭ᠎ᠠ ᠶᠢ ᠰᠢᠯᠢᠳᠡᠭᠵᠢᠭᠦᠯᠬᠦ ᠵᠡᠷᠭᠡ ᠵᠢᠷᠭᠤᠬᠠᠨ ᠲᠠᠯ᠎ᠠ ᠪᠠᠷ ᠠᠷᠭ᠎ᠠ ᠬᠡᠮᠵᠢᠶ᠎ᠡ ᠳᠤᠷᠠᠳᠪᠠ᠃   ᠰᠠᠭᠤᠬᠠᠯᠢ ᠠᠷᠠᠳ ᠤᠨ ᠣᠷᠣᠯᠭ᠎ᠠ ᠪᠠᠨ ᠨᠡᠮᠡᠭᠳᠡᠭᠦᠯᠬᠦ ᠶᠢ ᠳᠡᠮᠵᠢᠵᠦ᠂ ᠪᠠᠲᠤᠯᠠᠭ᠎ᠠ ᠶᠢᠨ ᠲᠣᠭᠲᠠᠯᠴᠠᠭ᠎ᠠ ᠶᠢ ᠰᠢᠯᠢᠳᠡᠭᠵᠢᠭᠦᠯᠦᠨ᠎ᠡ︕  ● ᠦᠢᠯᠡᠰ ᠪᠣᠰᠬᠠᠬᠤ ᠳᠠᠬᠠᠬᠠᠯᠲᠠ ᠲᠠᠢ ᠵᠢᠭᠡᠯᠡᠯᠭᠡ ᠶᠢᠨ ᠲᠦᠷᠦ ᠶᠢᠨ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ ᠦᠢᠯᠡᠰ ᠪᠣᠰᠬᠠᠬᠤ ᠳᠠᠬᠠᠬᠠᠯᠲᠠ ᠲᠠᠢ ᠵᠢᠭᠡᠯᠡᠯᠭᠡ ᠭᠤᠶᠤᠴᠢᠯᠠᠬᠤ ᠨᠥᠬᠦᠴᠡᠯ ᠢ ᠵᠣᠬᠢᠰᠲᠠᠢ ᠠᠭᠤᠵᠢᠭᠤ ᠲᠠᠯᠪᠢᠬᠤ ᠶᠢ ᠵᠣᠷᠢᠭᠵᠢᠭᠤᠯᠵᠤ᠂ ᠬᠢᠨᠠᠨ ᠵᠥᠪᠰᠢᠶᠡᠷᠡᠬᠦ ᠴᠤᠪᠤᠷᠠᠯ ᠢ ᠳᠥᠭᠦᠮᠴᠢᠯᠡᠵᠦ᠂ ᠨᠥᠬᠦᠴᠡᠯ ᠳᠤ ᠨᠡᠶᠢᠴᠡᠬᠦ ᠬᠤᠪᠢ ᠬᠥᠮᠥᠨ ᠪᠠ ᠠᠵᠤ ᠠᠬᠤᠶᠢᠯᠠᠯ ᠤᠨ ᠦᠢᠯᠡᠰ ᠪᠣᠰᠬᠠᠵᠤ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠤᠨ᠎ᠠ᠃  ● ᠬᠥᠳᠡᠯᠮᠦᠷᠢ᠂ ᠬᠥᠷᠥᠩᠭᠡ᠂ ᠮᠡᠳᠡᠯᠭᠡ᠂ ᠮᠡᠷᠭᠡᠵᠢᠯ ᠵᠡᠷᠭᠡ ᠬᠦᠴᠦᠨ ᠵᠦᠢᠯ ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠪᠠ ᠪᠡᠯᠡ ᠮᠥᠩᠭᠦ ᠴᠤᠭᠯᠠᠭᠤᠯᠬᠤ ᠦᠢᠯᠡᠴᠢᠯᠡᠭᠡᠨ ᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠬᠦ ᠶᠢ ᠲᠦᠷᠭᠡᠳᠬᠡᠨ ᠠᠬᠢᠭᠤᠯᠵᠤ᠂ ᠰᠠᠭᠤᠬᠠᠯᠢ ᠠᠷᠠᠳ ᠤᠨ ᠭᠡᠷ ᠪᠦᠯᠢ ᠶᠢᠨ ᠡᠵᠡᠮᠳᠡᠬᠦ᠋ᠴᠡ ᠣᠷᠣᠯᠭ᠎ᠠ ᠶᠢ ᠨᠡᠮᠡᠭᠳᠡᠭᠦᠯᠦᠨ᠎ᠡ᠃  ● ᠭᠡᠷ ᠪᠦᠯᠢ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠬᠡᠷᠡᠭᠴᠡᠭᠡ ᠳᠤ ᠵᠣᠬᠢᠴᠠᠬᠤ ᠮᠥᠩᠭᠦᠨ ᠭᠦᠢᠯᠭᠡᠭᠡᠨ ᠤ ᠨᠡᠷᠡᠳᠬᠦᠨ ᠤ ᠰᠢᠨ᠎ᠡ ᠶᠢ ᠡᠭᠦᠳᠴᠦ᠂ ᠰᠠᠭᠤᠬᠠᠯᠢ ᠠᠷᠠᠳ ᠤᠨ ᠪᠡᠯᠡ ᠣᠷᠣᠭᠤᠯᠵᠤ ᠡᠳ᠋ ᠤᠨ ᠶᠠᠪᠤᠳᠠᠯ ᠵᠶᠠᠨ ᠬᠠᠮᠢᠶᠠᠷᠬᠤ ᠲᠤᠬᠠᠶᠢᠯᠠᠭᠰᠠᠨ ᠠᠵᠢᠯ ᠢ ᠵᠢᠷᠤᠮᠵᠢᠭᠤᠯᠵᠤ᠂ ᠰᠠᠭᠤᠬᠠᠯᠢ ᠠᠷᠠᠳ ᠤᠨ ᠡᠳ᠋ ᠬᠥᠷᠥᠩᠭᠡ ᠶᠢᠨ ᠴᠢᠨᠠᠷᠲᠠᠢ ᠣᠷᠣᠯᠭ᠎ᠠ ᠶᠢ ᠨᠡᠮᠡᠭᠳᠡᠭᠦᠯᠦᠨ᠎ᠡ᠃  ● ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠷᠢᠭᠵᠢᠭᠤᠯᠵᠤ ᠪᠠᠶᠢᠬᠠᠳ ᠣᠷᠣᠯᠴᠠᠭᠰᠠᠳ ᠤᠨ ᠨᠠᠰᠤᠵᠢᠯ ᠤᠨ ᠠᠰᠠᠷᠠᠮᠵᠢ ᠶᠢᠨ ᠬᠡᠷᠡᠭᠴᠡᠭᠡ ᠳᠤ ᠨᠡᠶᠢᠴᠡᠭᠰᠡᠨ᠂ ᠤᠷᠳᠤ ᠬᠤᠭᠤᠴᠠᠬᠠᠨ ᠤ ᠣᠨᠴᠠᠯᠢᠭ ᠲᠠᠢ ᠪᠥᠭᠡᠳ ᠵᠣᠬᠢᠬᠤ ᠠᠰᠢᠭ ᠣᠯᠵᠠᠪᠤᠷᠢ ᠶᠢᠨ ᠨᠤᠷᠮ᠎ᠠ ᠲᠠᠢ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦᠨ ᠤ ᠲᠤᠰᠬᠠᠢ ᠨᠡᠷᠡᠳᠬᠦᠨ ᠢ ᠰᠤᠳᠤᠯᠤᠨ ᠨᠡᠭᠡᠭᠡᠯᠭᠡᠵᠦ᠂ ᠨᠠᠰᠤᠵᠢᠯ ᠤᠨ ᠠᠰᠠᠷᠠᠮᠵᠢ ᠶᠢᠨ ᠡᠳ᠋ ᠬᠥᠷᠥᠩᠭᠡ ᠶᠢᠨ ᠨᠥᠭᠡᠴᠡ  ᠶᠢ ᠨᠡᠮᠡᠭᠳᠡᠭᠦᠯᠬᠦ ᠪᠠ ᠨᠡᠮᠡᠭᠳᠡᠯ ᠥᠷᠲᠡᠭ ᠢ ᠲᠣᠭᠲᠠᠪᠤᠷᠢᠵᠢᠭᠤᠯᠤᠨ᠎ᠠ᠃  ● ᠬᠤᠳᠠᠯᠳᠤᠬᠠᠨ ᠤ ᠳᠠᠬᠠᠳᠬᠠᠯ ᠤᠨ ᠣᠨ ᠤ ᠮᠥᠩᠭᠦ ᠶᠢᠨ ᠨᠡᠷᠡᠳᠬᠦᠨ ᠤ ᠰᠢᠨ᠎ᠡ ᠶᠢ ᠡᠭᠦᠳᠬᠦ ᠶᠢ ᠲᠦᠷᠭᠡᠳᠬᠡᠨ ᠠᠬᠢᠭᠤᠯᠤᠨ᠎ᠠ᠃  ● ᠡᠷᠡᠭᠦᠯ ᠮᠡᠨᠳᠦ ᠶᠢᠨ ᠬᠤᠳᠠᠯᠳᠤᠬᠠᠨ ᠤ ᠳᠠᠬᠠᠳᠬᠠᠯ ᠤᠨ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠦᠢᠯᠡᠴᠢᠯᠡᠭᠡᠨ ᠤ ᠪᠠᠲᠤᠯᠠᠭ᠎ᠠ ᠶᠢᠨ ᠲᠦᠪᠰᠢᠨ ᠢ ᠳᠡᠭᠡᠭᠰᠢᠯᠡᠭᠦᠯᠦᠨ᠎ᠡ᠃  ● ᠣᠷᠳᠣ ᠬᠤᠭᠤᠴᠠᠬᠠᠨ ᠤ ᠰᠤᠪᠢᠯᠠᠯᠲᠠ ᠶᠢᠨ ᠬᠤᠳᠠᠯᠳᠤᠬᠠᠨ ᠤ ᠳᠠᠬᠠᠳᠬᠠᠯ ᠢ ᠬᠥᠭᠵᠢᠭᠦᠯᠦᠨ᠎ᠡ᠃  ● ᠡᠷᠡᠭᠦᠯ ᠮᠡᠨᠳᠦ ᠶᠢᠨ ᠬᠤᠳᠠᠯᠳᠤᠬᠠᠨ ᠤ ᠳᠠᠬᠠᠳᠬᠠᠯ ᠤᠨ ᠰᠢᠨ᠎ᠡ ᠶᠢ ᠡᠭᠦᠳᠦᠭᠰᠡᠨ ᠡᠮ ᠤᠨ ᠳᠡᠮᠵᠢᠯᠭᠡ  ᠶᠢᠨ ᠡᠷᠴᠢᠮ ᠢ ᠴᠢᠩᠬᠠᠷᠠᠭᠤᠯᠬᠤ ᠶᠢ ᠠᠬᠢᠭᠤᠯᠵᠤ᠂ ᠠᠷᠠᠳ ᠣᠯᠠᠨ ᠤ ᠣᠯᠠᠨ ᠲᠠᠰ ᠳᠠᠪᠬᠤᠷᠭ᠎ᠠ ᠶᠢᠨ᠂ ᠥᠪᠡᠷᠮᠢᠴᠡ ᠡᠷᠡᠭᠦᠯ ᠮᠡᠨᠳᠦ ᠶᠢᠨ ᠪᠠᠲᠤᠯᠠᠭ᠎ᠠ ᠶᠢᠨ ᠬᠡᠷᠡᠭᠴᠡᠭᠡ ᠶᠢ ᠬᠠᠩᠬᠠᠨ᠎ᠠ᠃  ● ᠨᠠᠰᠤᠲᠠᠶᠢᠴᠤᠳ ᠤᠨ ᠵᠢᠭᠤᠯᠴᠢᠯᠠᠯ ᠤᠨ ᠳᠠᠬᠠᠳᠬᠠᠯ ᠢ ᠳᠡᠮᠵᠢᠨ ᠬᠥᠭᠵᠢᠭᠦᠯᠵᠦ᠂ ᠵᠢᠭᠤᠯᠴᠢᠯᠠᠯ ᠤᠨ ᠳᠠᠬᠠᠳᠬᠠᠯ ᠤᠨ ᠬᠠᠮᠤᠷᠬᠤ ᠬᠡᠪᠴᠢᠶ᠎ᠡ ᠶᠢ ᠥᠷᠭᠡᠳᠬᠡᠬᠦ ᠶᠢ ᠵᠣᠷᠢᠭᠵᠢᠭᠤᠯᠤᠨ᠎ᠠ᠃
 
ᠢᠷᠡᠯᠲᠡ᠄ ᠦᠪᠦᠷ ᠮᠤᠩᠭᠤᠯ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号