ᠪᠦᠬᠦ ᠤᠯᠤᠰ ᠤᠨ ᠠᠵᠢᠯᠴᠢᠨ ᠤ ᠶᠡᠷᠦᠩᠬᠡᠶ ᠡᠪᠯᠡᠯ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠵᠦ | ᠂ ᠠᠵᠢᠯᠲᠠᠨ ᠠᠵᠢᠯᠴᠢᠨ ᠤ ᠰᠣᠶᠣᠯ ᠤᠨ ᠠᠮᠢᠳᠤᠷᠠᠯ ᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ ᠪᠥᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠢ ᠭᠦᠨᠵᠡᠭᠡᠶ ᠥᠷᠨᠢᠭᠦᠯᠬᠦ ᠶᠢ ᠠᠬᠢᠭᠤᠯᠬᠤ ᠶᠢᠨ ᠲᠥᠯᠥᠭᠡ᠂ 6 | ᠰᠠᠷ᠎ᠠ ᠶᠢᠨ 21 ᠤ ᠡᠳᠦᠷ ᠠᠴᠠ 22 ᠤᠨ ᠡᠳᠦᠷ ᠪᠣᠯᠲᠠᠯ᠎ᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ | ᠠᠵᠢᠯᠴᠢᠨ ᠤ ᠶᠡᠷᠦᠩᠬᠡᠶ ᠡᠪᠯᠡᠯ ᠠᠴᠠ ᠭᠤᠤᠯᠯᠠᠨ ᠡᠷᠭᠢᠯᠡᠵᠦ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ | ᠫᠢᠩᠫᠠᠩ ᠪᠥᠮᠪᠦᠭᠡ ᠶᠢᠨ ᠨᠡᠶᠢᠭᠡᠮᠯᠢᠭ ᠠᠴᠠ ᠳᠠᠭᠠᠭᠠᠨ ᠡᠷᠭᠢᠯᠡᠭᠰᠡᠨ ︽ᠳᠤᠮᠳᠠᠳᠤ ᠶᠢᠨ ᠵᠡᠭᠦᠳᠦ ᠬᠦᠳᠡᠯᠮᠦᠷᠢ | ᠭᠤᠶᠤ ᠰᠠᠶᠢᠬᠠᠨ - ᠵᠠᠭᠤᠨ ᠵᠢᠯ ᠤᠨ ᠠᠵᠢᠯᠴᠢᠨ ᠤ ᠡᠪᠯᠡᠯ ᠤᠨ ᠤᠶᠠᠩᠭ᠎ᠠ ᠪᠥᠮᠪᠦᠭᠡ ᠪᠠᠷ ᠰᠢᠨ᠎ᠡ ᠴᠠᠭ | ᠦᠶ᠎ᠡ ᠪᠠᠨ ᠮᠢᠯᠢᠶᠠᠶ᠎ᠠ ︾ ᠭᠡᠬᠦ ᠪᠥᠬᠦ ᠬᠤᠰᠢᠭᠤᠨ ᠤ ᠠᠵᠢᠯᠲᠠᠨ ᠠᠵᠢᠯᠴᠢᠨ ᠣᠯᠠᠨ ᠲᠦᠮᠡᠨ ᠤ ᠫᠢᠩᠫᠠᠩ | ᠪᠥᠮᠪᠦᠭᠡ ᠶᠢᠨ ᠤᠷᠤᠯᠳᠤᠭᠠᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠲᠤ ᠶᠠᠪᠤᠭᠳᠠᠪᠠ᠃ ᠪᠥᠬᠦ | ᠬᠤᠰᠢᠭᠤᠨ ᠤ 20 ᠲᠥᠯᠥᠭᠡᠯᠡᠭᠴᠢᠳ ᠤᠨ ᠠᠩᠭᠢ ᠶᠢᠨ 80 ᠭᠠᠷᠤᠶ ᠠᠵᠢᠯᠲᠠᠨ ᠠᠵᠢᠯᠴᠢᠨ ᠤᠷᠤᠯᠳᠤᠭᠠᠨ ᠳᠤ | ᠣᠷᠣᠯᠴᠠᠪᠠ᠃ | ᠲᠣᠰ ᠤᠳᠠᠭᠠᠨ ᠤ ᠤᠷᠤᠯᠳᠤᠭᠠᠨ ᠳᠤ ᠡᠷᠡᠭᠲᠡᠶ ᠶᠢᠨ ᠳ᠋ᠠᠩ ᠢᠶᠠᠷ ᠴᠣᠬᠢᠬᠤ᠂ ᠡᠮᠡᠭᠲᠡᠶ ᠶᠢᠨ ᠳ᠋ᠠᠩ ᠢᠶᠠᠷ | ᠴᠣᠬᠢᠬᠤ᠂ ᠬᠤᠤᠰ ᠢᠶᠠᠷ ᠴᠣᠬᠢᠬᠤ ᠪᠠ ᠪᠦᠯᠬᠦᠮ ᠤᠨ ᠤᠷᠤᠯᠳᠤᠭᠠᠨ ᠵᠡᠷᠭᠡ ᠳᠥᠷᠪᠡᠨ ᠵᠦᠢᠯ ᠭᠠᠷᠭᠠᠵᠠᠶ᠃ | ᠤᠷᠤᠯᠳᠤᠭᠠᠨ ᠤ ᠲᠤᠬᠠᠶ ᠶᠢᠨ ᠲᠠᠯᠠᠪᠠᠢ ᠶᠢᠨ ᠠᠭᠤᠷ ᠠᠮᠢᠰᠬᠤᠯ ᠬᠥᠷ ᠬᠥᠭᠵᠢᠶᠡᠨ ᠢᠶᠠᠷ ᠪᠢᠯᠬᠠᠵᠤ᠂ | ᠤᠷᠤᠯᠳᠤᠭᠠᠨ ᠳᠤ ᠣᠷᠣᠯᠴᠠᠭᠰᠠᠳ ᠴᠤᠭ ᠵᠢᠪᠬᠤᠭ᠎ᠠ ᠲᠠᠢ᠂ ᠲᠡᠮᠡᠴᠡᠯ ᠤᠨ ᠵᠣᠷᠢᠭ ᠪᠠᠳᠠᠷᠠᠵᠤ᠂ ᠤᠷᠤᠯᠳᠤᠭᠠᠨ ᠤ | ᠲᠠᠯᠠᠪᠤᠷ ᠲᠤ ᠬᠦᠴᠦ ᠬᠥᠯᠥᠰᠥ ᠪᠠᠨ ᠤᠷᠤᠰᠬᠠᠨ᠂ ᠪᠥᠮᠪᠥᠭᠡᠨ ᠮᠡᠷᠭᠡᠵᠢᠯ ᠢᠶᠠᠨ ᠭᠠᠶᠢᠬᠠᠭᠤᠯᠪᠠ᠃ ᠲᠦᠯᠬᠢᠵᠦ | ᠬᠠᠰᠢᠬᠤ᠂ ᠲᠠᠳᠠᠨ ᠠᠪᠬᠤ᠂ ᠬᠦᠮᠦᠷᠢᠨ ᠴᠤᠬᠢᠬᠤ ᠵᠡᠷᠭᠡ ᠭᠤᠴᠤ ᠰᠠᠶᠢᠬᠠᠨ ᠪᠦᠮᠪᠦᠭᠡᠨ ᠮᠡᠷᠭᠡᠵᠢᠯ ᠨᠢ ᠭᠱᠠᠨ | ᠵᠠᠭᠤᠷ᠎ᠠ ᠦᠵᠡᠭᠴᠢᠳ ᠲᠤ ᠪᠠᠶᠠᠷ ᠴᠡᠩᠭᠡᠯ ᠠᠪᠴᠢᠷᠠᠪᠠ᠃ ᠬᠤᠶᠠᠷ ᠡᠳᠦᠷ ᠤᠨ ᠰᠢᠷᠦᠭᠦᠨ ᠥᠷᠢᠰᠥᠯᠳᠦᠭᠡᠨ ᠢᠶᠠᠷ | ᠳᠠᠮᠵᠢᠨ᠂ ᠡᠯ᠎ᠡ ᠲᠥᠷᠥᠯ ᠵᠦᠢᠯ ᠤᠨ ᠤᠷᠤᠯᠳᠤᠭᠠᠨ ᠤ ᠲᠡᠷᠢᠬᠦᠨ ᠮᠠᠩᠯᠠᠶ ᠲᠤᠳᠤᠷᠠᠭᠰᠠᠨ ᠪᠠᠶᠢᠨ᠎ᠠ᠃ | ᠬᠤᠶᠢᠰᠢᠳᠠ᠂ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠠᠵᠢᠯᠲᠠᠨ ᠠᠵᠢᠯᠴᠢᠨ ᠤ ᠰᠣᠶᠣᠯ ᠲᠠᠮᠢᠷ ᠤᠨ | ᠦᠢᠯᠡᠰ ᠢ ᠦᠷᠭᠦᠯᠵᠢᠯᠡᠨ ᠭᠦᠨᠵᠡᠭᠡᠶᠢᠷᠡᠭᠦᠯᠵᠦ᠂ ᠣᠲᠣ ᠶᠢᠨ ᠪᠠᠶᠢᠭ᠎ᠠ ᠤᠷᠤᠯᠳᠤᠭᠠᠨ ᠤ ᠦᠷ᠎ᠡ ᠪᠦᠲᠦᠭᠡᠯ ᠢᠶᠠᠨ | ᠪᠠᠬᠢᠵᠢᠭᠦᠯᠦᠭᠰᠡᠨ ᠰᠠᠭᠤᠷᠢᠨ ᠳᠡᠭᠡᠷ᠎ᠡ᠂ ᠲᠣᠭᠲᠠᠮᠠᠯ ᠬᠤᠭᠤᠴᠠᠭ᠎ᠠ ᠲᠠᠢ ᠪᠠᠷ ᠠᠵᠢᠯᠲᠠᠨ ᠠᠵᠢᠯᠴᠢᠨ ᠤ ᠰᠠᠭᠰᠤᠨ | ᠪᠥᠮᠪᠦᠭᠡ ᠶᠢᠨ ᠤᠷᠤᠯᠳᠤᠭᠠᠨ᠂ ᠥᠳᠥᠨ ᠪᠥᠮᠪᠦᠭᠡ ᠶᠢᠨ ᠤᠷᠤᠯᠳᠤᠭᠠᠨ ᠵᠡᠷᠭᠡ ᠰᠢᠷᠢᠰ ᠤᠷᠤᠯᠳᠤᠭᠠᠨ ᠤ | ᠠᠵᠢᠯᠯᠠᠭ᠎ᠠ ᠶᠢ ᠡᠷᠭᠢᠯᠡᠨ᠎ᠡ᠃ ᠨᠡᠩ ᠤᠯᠠᠨ ᠡᠰᠢᠵᠢᠭᠰᠡᠨ ᠤᠷᠤᠯᠳᠤᠭᠠᠨ ᠤ ᠲᠠᠪᠴᠠᠩ ᠢ ᠪᠠᠶᠢᠭᠤᠯᠬᠤ ᠪᠠᠷ | ᠳᠠᠮᠵᠢᠭᠤᠯᠤᠨ᠂ ᠠᠵᠢᠯᠳᠠᠨ ᠠᠵᠢᠯᠴᠢᠨ ᠤᠯᠠᠨ ᠲᠦᠮᠡᠨ ᠤ ᠠᠵᠢᠯ ᠤᠨ ᠴᠢᠯᠥᠭᠡᠨ ᠤ ᠰᠣᠶᠣᠯ ᠤᠨ ᠠᠮᠢᠳᠤᠷᠠᠯ ᠢ | ᠲᠠᠰᠤᠷᠠᠯᠳᠠ ᠦᠭᠡᠢ ᠪᠠᠶᠠᠯᠢᠭᠵᠢᠭᠤᠯᠵᠤ᠂ ᠠᠵᠢᠯᠳᠠᠨ ᠠᠵᠢᠯᠴᠢᠨ ᠤ ᠪᠦᠯᠬᠦᠮ ᠨᠡᠶᠢᠲᠡ ᠶᠢᠨ ᠬᠠᠮᠵᠢᠯᠴᠠᠬᠤ ᠵᠣᠷᠢᠭ | ᠰᠠᠨᠠᠭ᠎ᠠ ᠶᠢ ᠤᠯᠠᠮ ᠨᠢᠭᠡ ᠠᠯᠬᠤᠮ ᠬᠥᠭᠵᠢᠭᠡᠵᠦ᠂ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ | ᠨᠢᠭᠲᠠᠷᠠᠯ ᠤᠨ ᠬᠦᠴᠦᠨ ᠪᠠ ᠲᠥᠪᠯᠡᠩᠭᠦᠶ ᠬᠦᠴᠦᠨ ᠢ ᠴᠢᠩᠭᠠᠷᠠᠭᠤᠯᠵᠤ᠂ ᠡᠷᠡᠭᠦᠯ ᠥᠭᠡᠳᠡᠷᠬᠡᠭ ᠪᠡᠶ᠎ᠡ ᠶᠢᠨ | ᠲᠠᠮᠢᠷ ᠤᠨ ᠵᠣᠷᠢᠭ ᠰᠠᠨᠠᠭ᠎ᠠ ᠶᠢ ᠠᠵᠢᠯᠳᠠᠨ ᠠᠵᠢᠯᠴᠢᠨ ᠤ ᠲᠤᠮᠳᠠ ᠬᠡᠪ ᠵᠠᠩᠰᠢᠯ ᠪᠤᠯᠭᠠᠨ᠎ᠠ ᠃ |