ᠰᠢ ᠾᠧ ᠰᠢᠶᠠᠩ ᠤᠨ ᠰᠢᠶᠠᠩ ᠤᠨ ᠳᠠᠷᠤᠭ᠎ᠠ ᠪᠦᠯᠬᠦᠮ ᠳᠠᠭᠠᠭᠤᠯᠤᠨ ᠬᠠᠷᠢᠶ᠎ᠠ ᠣᠷᠣᠨ ᠤ ᠪᠠᠨ ᠲᠡᠦᠬᠡᠨ ᠠᠴᠠ ᠦᠯᠡᠳᠡᠭᠳᠡᠵᠦ ᠢᠷᠡᠭᠰᠡᠨ ᠠᠭᠤᠷᠬᠠᠢ ᠶᠢᠨ ᠠᠮᠢ ᠠᠬᠤᠢ ᠶᠢ ᠵᠠᠰᠠᠬᠤ ᠪᠠ 10 ᠺᠢᠯᠣᠸᠠᠲ ᠤᠨ ᠴᠠᠬᠢᠯᠭᠠᠨ ᠬᠦᠴᠦᠨ ᠤ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2025/6/26
      ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢ ᠦᠨᠡᠨᠬᠦ ᠴᠢᠩᠭᠠᠳᠬᠠᠵᠤ᠂ ᠡᠯ᠎ᠡ ᠲᠦᠷᠦᠯ ᠤᠨ ᠠᠮᠤᠷ ᠲᠦᠪᠰᠢᠨ ᠤ ᠠᠳᠡᠯ ᠭᠠᠷᠬᠤ ᠶᠢ ᠪᠦᠲᠦᠮᠵᠢᠲᠡᠢ ᠰᠡᠷᠭᠡᠶᠢᠯᠡᠬᠦ ᠶᠢᠨ ᠲᠥᠯᠥᠭᠡ᠂ ᠤᠢᠢᠷ᠎ᠠ ᠶᠢᠨ ᠡᠳᠦᠷ ᠰᠢ ᠾᠧ ᠰᠢᠶᠠᠩ ᠤᠨ ᠰᠢᠶᠠᠩ ᠤᠨ ᠳᠠᠷᠤᠭ᠎ᠠ ᠬᠠᠷᠢᠶ᠎ᠠ ᠣᠷᠣᠨ ᠤ ᠪᠠᠨ ᠲᠡᠦᠬᠡᠨ ᠠᠴᠠ ᠦᠯᠡᠳᠡᠭᠳᠡᠵᠦ ᠢᠷᠡᠭᠰᠡᠨ ᠠᠭᠤᠷᠬᠠᠢ ᠶᠢᠨ ᠠᠮᠢ ᠠᠬᠤᠢ ᠶᠢ ᠵᠠᠰᠠᠬᠤ ᠪᠠ 10 ᠺᠢᠯᠣᠸᠠᠲ  ᠤᠨ ᠴᠠᠬᠢᠯᠭᠠᠨ ᠬᠦᠴᠦᠨ ᠤ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ᠂ ᠠᠶᠤᠯᠭᠦᠢ ᠦᠢᠯᠡᠳᠪᠦᠷᠢᠯᠡᠯ ᠤᠨ ᠲᠤᠰᠬᠠᠢ ᠪᠠᠶᠢᠴᠠᠭᠠᠯᠲᠠ ᠶᠢᠨ ᠠᠵᠢᠯ ᠢ ᠥᠷᠨᠢᠭᠦᠯᠵᠡᠢ᠃      ᠲᠡᠦᠬᠡᠨ ᠠᠴᠠ ᠦᠯᠡᠳᠡᠭᠳᠡᠵᠦ ᠢᠷᠡᠭᠰᠡᠨ ᠠᠭᠤᠷᠬᠠᠢ ᠶᠢᠨ ᠠᠮᠢ ᠠᠬᠤᠢ ᠶᠢᠨ ᠵᠠᠰᠠᠯᠲᠠ ᠶᠢᠨ ᠲᠤᠬᠠᠢ ᠶᠢᠨ ᠲᠠᠯᠠᠪᠠᠢ ᠳᠤ᠂ ᠵᠠᠰᠠᠬᠤ ᠢᠨᠵᠧᠨᠧᠷᠢᠩ ᠤᠨ ᠠᠬᠢᠴᠠ ᠶᠢᠨ ᠪᠠᠶᠢᠳᠠᠯ ᠢ ᠨᠠᠷᠢᠨ ᠪᠠᠶᠢᠴᠠᠭᠠᠨ ᠦᠵᠡᠵᠦ᠂ ᠲᠠᠯᠠᠪᠠᠢ ᠶᠢ ᠲᠡᠭᠰᠢᠯᠡᠬᠦ᠂ ᠤᠷᠭᠤᠮᠠᠯ ᠤᠨ ᠪᠦᠷᠬᠦᠴᠡ ᠶᠢ ᠰᠡᠷᠭᠦᠭᠡᠬᠦ ᠵᠡᠷᠭᠡ ᠭᠤᠭᠴᠤᠭ᠎ᠠ ᠶᠢ ᠪᠠᠭᠲᠠᠭᠠᠵᠠᠢ᠃ ᠲᠡᠦᠬᠡᠨ ᠠᠴᠠ ᠦᠯᠡᠳᠡᠭᠳᠡᠵᠦ ᠢᠷᠡᠭᠰᠡᠨ ᠠᠭᠤᠷᠬᠠᠢ ᠶᠢᠨ ᠠᠮᠢ ᠠᠬᠤᠢ ᠶᠢ ᠵᠠᠰᠠᠬᠤ ᠠᠵᠢᠯ ᠨᠢ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠳᠤ ᠬᠤᠯᠪᠣᠭᠳᠠᠬᠤ ᠪᠠᠷ ᠪᠠᠷᠠᠬᠤ ᠦᠭᠡᠢ᠂ ᠨᠡᠩ ᠴᠤ ᠪᠠᠷᠢᠯᠭ᠎ᠠ ᠶᠢᠨ ᠠᠮᠤᠷ ᠲᠦᠪᠰᠢᠨ ᠳᠤ ᠬᠤᠯᠪᠣᠭᠳᠠᠨ᠎ᠠ᠃ ᠪᠠᠷᠢᠯᠭ᠎ᠠ ᠶᠢᠨ ᠲᠠᠯ᠎ᠠ ᠶᠢᠨ ᠬᠢᠨ ᠡᠷᠬᠡᠪᠰᠢ ᠪᠠᠷᠢᠯᠭ᠎ᠠ ᠵᠠᠰᠠᠬᠤ ᠲᠥᠰᠦᠯ ᠢ ᠴᠢᠩᠭ᠎ᠠ ᠵᠢᠷᠤᠮᠯᠠᠨ ᠠᠵᠢᠯᠯᠠᠵᠤ᠂ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠰᠠᠶᠢᠲᠤᠷ ᠬᠢᠵᠦ᠂ ᠶᠡᠭᠦᠷᠡᠬᠦ᠂ ᠨᠤᠷᠠᠬᠤ ᠵᠡᠷᠭᠡ ᠠᠳᠡᠯ ᠭᠠᠷᠬᠤ ᠶᠢ ᠰᠡᠷᠭᠡᠶᠢᠯᠡᠬᠦ ᠬᠡᠷᠡᠭᠲᠡᠢ᠃ ᠡᠭᠦᠨ ᠤ ᠬᠠᠮᠲᠤ ᠪᠠᠷᠢᠯᠭ᠎ᠠ ᠶᠢᠨ ᠶᠠᠪᠤᠴᠠ ᠳᠠᠬᠢ ᠲᠣᠭᠤᠰᠣ ᠳᠡᠭᠳᠡᠬᠦ ᠶᠢ ᠡᠵᠡᠮᠳᠡᠬᠦ ᠶᠢ ᠴᠢᠬᠤᠯᠠᠴᠢᠯᠠᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠠᠮᠢ ᠠᠬᠤᠶ ᠶᠢᠨ ᠰᠡᠷᠭᠦᠭᠡᠯᠲᠡ ᠬᠢᠭᠡᠳ ᠠᠶᠤᠯᠭᠦᠶ ᠦᠢᠯᠡᠳᠪᠦᠷᠢᠯᠡᠯ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠮᠵᠢᠯᠴᠠᠨ ᠠᠬᠢᠭᠤᠯᠬᠤ ᠶᠢ ᠪᠡᠶᠡᠯᠡᠭᠦᠯᠦᠨ᠎ᠡ᠃ 10 ᠺᠢᠯᠣᠸᠠᠲ ᠤᠨ ᠴᠠᠬᠢᠯᠭᠠᠨ ᠬᠦᠴᠦᠨ ᠤ ᠪᠠᠷᠢᠯᠭ᠎ᠠ ᠶᠢᠨ ᠲᠠᠯᠠᠪᠠᠢ ᠳᠤ ᠪᠠᠷᠢᠯᠭ᠎ᠠ ᠶᠢᠨ ᠭᠠᠵᠠᠷ ᠤᠨ ᠲᠦᠷ ᠴᠠᠭ ᠤᠨ ᠴᠠᠬᠢᠯᠭᠠᠨ ᠬᠡᠷᠡᠭᠯᠡᠬᠦ ᠬᠠᠮᠢᠶᠠᠷᠤᠯᠲᠠ᠂ ᠪᠠᠷᠢᠯᠭ᠎ᠠ ᠶᠢᠨ ᠮᠠᠰᠢᠨ ᠤ ᠠᠵᠢᠯᠯᠠᠭ᠎ᠠ ᠵᠡᠷᠭᠡ ᠲᠠᠯ᠎ᠠ ᠶᠢ ᠭᠤᠤᠯᠳᠠᠯᠭ᠎ᠠ ᠲᠠᠢ ᠪᠠᠶᠢᠴᠠᠭᠠᠪᠠ᠃ ᠴᠠᠬᠢᠯᠭᠠᠨ ᠬᠦᠴᠦᠨ ᠤ ᠪᠠᠷᠢᠯᠭ᠎ᠠ ᠳᠤ ᠥᠨᠳᠥᠷ ᠲᠦᠭᠰᠢᠭᠦᠷᠢᠲᠦ ᠴᠢᠨᠠᠷ ᠲᠠᠢ᠂ ᠪᠠᠷᠢᠯᠭ᠎ᠠ  ᠶᠢᠨ ᠠᠵᠢᠯ ᠤᠨ ᠪᠠᠶᠢᠭᠤᠯᠭ᠎ᠠ ᠨᠢᠭᠡᠴᠡ ᠨᠦᠭᠦᠳ ᠠᠮᠤᠷ ᠲᠦᠪᠰᠢᠨ ᠤ ᠬᠥᠪᠴᠢ ᠶᠢ ᠴᠠᠭ ᠢᠮᠠᠭᠲᠠ ᠴᠢᠩᠭᠠᠯᠠᠵᠤ᠂ ᠪᠠᠷᠢᠯᠭ᠎ᠠ  ᠶᠢᠨ ᠠᠵᠢᠯ ᠤᠨ ᠠᠵᠢᠯᠲᠠᠨ ᠤ ᠠᠮᠤᠷ ᠲᠦᠪᠰᠢᠨ ᠤ ᠬᠥᠮᠦᠵᠢᠯ ᠪᠣᠯᠪᠠᠰᠤᠷᠠᠭᠤᠯᠤᠯ ᠢ ᠴᠢᠩᠭᠠᠷᠠᠭᠤᠯᠤᠨ᠂ ᠠᠮᠤᠷ ᠲᠦᠪᠰᠢᠨ ᠤ ᠦᠵᠡᠯ ᠤᠬᠠᠮᠰᠠᠷ ᠪᠠ ᠠᠵᠢᠯᠯᠠᠬᠤ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ ᠠᠶᠤᠯ ᠦᠭᠡᠶ ᠠᠵᠢᠯᠯᠠᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠲᠤᠬᠠᠶ ᠶᠢᠨ ᠭᠠᠵᠠᠷ ᠤᠨ ᠠᠶᠤᠯ ᠦᠭᠡᠶ ᠶᠢᠨ ᠬᠠᠮᠢᠶᠠᠷᠤᠯᠲᠠ ᠶᠢ ᠴᠢᠩᠭᠠᠳᠬᠠᠨ᠂ ᠪᠠᠷᠢᠯᠭ᠎ᠠ ᠶᠢᠨ ᠠᠵᠢᠯ ᠤᠨ ᠠᠶᠤᠯ ᠦᠭᠡᠶ ᠶᠢ ᠦᠨᠡᠨᠬᠦ ᠪᠠᠲᠤᠯᠠᠬᠤ ᠬᠡᠷᠡᠭᠲᠡᠶ᠃      ᠲᠣᠰ ᠤᠳᠠᠭᠠᠨ ᠤ ᠠᠶᠤᠯᠭᠦᠶ ᠦᠢᠯᠡᠳᠪᠦᠷᠢᠯᠡᠯ ᠤᠨ ᠪᠠᠶᠢᠴᠠᠭᠠᠯᠲᠠ ᠨᠢ ᠬᠠᠷᠢᠶ᠎ᠠ ᠣᠷᠣᠨ ᠤ ᠪᠠᠨ ᠳᠣᠲᠣᠷᠠᠬᠢ ᠠᠵᠤ ᠠᠬᠤᠶᠢᠯᠠᠯ ᠪᠣᠯᠤᠨ ᠪᠠᠷᠢᠯᠭ᠎ᠠ ᠶᠢᠨ ᠪᠠᠶᠢᠭᠤᠯᠭ᠎ᠠ ᠨᠢᠭᠡᠴᠡ ᠶᠢᠨ ᠠᠶᠤᠯᠭᠦᠶ ᠦᠢᠯᠡᠳᠪᠦᠷᠢᠯᠡᠯ ᠤᠨ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠪᠠ᠃ ᠳᠠᠷᠠᠭᠠᠴᠢ ᠶᠢᠨ ᠠᠯᠬᠤᠮ ᠳᠤ᠂ ᠰᠢ ᠾᠧ ᠰᠢᠶᠠᠩ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢ ᠦᠷᠭᠦᠯᠵᠢᠯᠡᠨ ᠥᠷᠨᠢᠭᠦᠯᠵᠦ᠂ ᠪᠦᠬᠦ ᠰᠢᠶᠠᠩ ᠤᠨ ᠬᠥᠭᠵᠢᠯᠲᠡ ᠳᠤ ᠠᠮᠤᠷ ᠲᠦᠪᠰᠢᠨ ᠲᠣᠭᠲᠠᠭᠤᠨ ᠣᠷᠴᠢᠨ ᠲᠣᠭᠤᠷᠢᠨ ᠢ ᠡᠭᠦᠳᠴᠦ ᠥᠭᠭᠦᠨ᠎ᠡ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号