ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ᠂ ᠡᠶᠢᠮᠦ ᠨᠢᠭᠡᠨ ᠦᠭᠡ ᠳᠠᠭᠤᠨ ᠦᠭᠡᠢ ᠬᠤᠪᠢ ᠨᠡᠮᠡᠷᠢ | ᠦᠵᠡᠭᠦᠯᠬᠦ ᠪᠦᠯᠬᠦᠮ - ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠲᠠᠰᠤᠭ ᠂ | ᠲᠡᠳᠡ ᠪᠥᠬᠦ ᠬᠤᠰᠢᠭᠤᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ | ᠠᠵᠢᠯ ᠤᠨ ᠬᠦᠨᠳᠦ ᠡᠭᠦᠷᠭᠡ ᠶᠢ ᠡᠭᠦᠷᠭᠡᠯᠡᠵᠦ᠂ ᠰᠢᠷᠭᠠᠭᠤ ᠬᠠᠲᠠᠭᠤᠵᠢᠯᠲᠠᠶ ᠬᠦᠴᠦ ᠬᠥᠯᠥᠰᠥ ᠪᠠ ᠲᠤᠰᠬᠠᠶ | ᠮᠡᠷᠭᠡᠵᠢᠯ ᠤᠨ ᠦᠢᠯᠡᠴᠢᠯᠡᠭᠡ ᠪᠠᠷ ᠥᠷᠭᠡᠨ ᠣᠯᠠᠨ ᠰᠠᠭᠤᠭᠠᠯᠢ ᠠᠷᠠᠳ ᠤᠨ ᠥᠲᠡᠯᠦᠭᠡ ᠨᠠᠰᠤᠨ ᠤ ᠠᠮᠢᠳᠤᠷᠠᠯ ᠳᠤ | ᠪᠠᠲᠤ ᠪᠠᠬᠢ ᠪᠠᠲᠤᠯᠠᠭ᠎ᠠ ᠬᠠᠩᠭᠠᠪᠠ᠃ | ᠲᠡᠳᠡ ᠬᠠᠷ᠎ᠠ ᠥᠷᠯᠥᠭᠡ ᠪᠠᠷ ᠠᠯᠪᠠᠨ ᠭᠡᠷ ᠲᠤ ᠪᠠᠨ ᠢᠷᠡᠵᠤ᠂ ᠨᠢᠭᠡᠳᠦᠭᠡᠷ ᠬᠢᠬᠦ ᠠᠵᠢᠯ ᠪᠣᠯ ᠳᠠᠷᠤᠢ | ᠲᠤᠬᠠᠶᠢᠯᠠᠭᠰᠠᠨ ᠠᠵᠢᠯ ᠤᠨ ᠴᠣᠩᠬᠤᠨ ᠳᠤ ᠠᠰᠠᠭᠤᠨ ᠯᠠᠪᠯᠠᠬᠤ ᠪᠠᠷ ᠢᠷᠡᠭᠰᠡᠨ ᠰᠠᠭᠤᠭᠠᠯᠢ ᠠᠷᠠᠳ ᠢ ᠬᠦᠯᠢᠶᠡᠨ | ᠠᠪᠴᠤ᠂ ᠨᠠᠰᠤᠵᠢᠯ ᠤᠨ ᠳᠠᠭᠠᠳᠬᠠᠯ ᠤᠨ ᠲᠦᠷᠦ ᠶᠢᠨ ᠪᠤᠳᠤᠯᠭ᠎ᠠ ᠶᠢᠨ ᠲᠤᠬᠠᠢ ᠮᠠᠳᠠᠭ ᠲᠠᠢ ᠠᠰᠠᠭᠤᠯᠳᠠ ᠶᠢ ᠨᠠᠷᠢᠨ | ᠲᠤᠳᠤᠷᠬᠠᠢ ᠬᠠᠷᠢᠭᠤᠯᠬᠤ ᠶᠠᠪᠤᠳᠠᠯ ᠪᠤᠯᠤᠨ᠎ᠠ᠃ ᠳᠠᠭᠠᠳᠬᠠᠯ ᠳᠤ ᠣᠷᠣᠯᠴᠠᠬᠤ ᠨᠥᠬᠦᠴᠡᠯ᠂ ᠰᠦᠢᠳᠬᠡᠯ ᠲᠤᠰᠢᠶᠠᠬᠤ | ᠲᠠᠰ ᠣᠯᠭᠤᠮᠵᠢ ᠠᠪᠬᠤ ᠭᠠᠷᠳᠠᠮ ᠵᠡᠷᠭᠡ ᠠᠰᠠᠭᠤᠳᠠᠯ ᠨᠢᠭᠡᠪᠦᠷᠢ ᠳᠤ ᠴᠥᠮ ᠨᠠᠷᠢᠯᠢᠭ ᠣᠨᠣᠴᠠᠲᠠᠶ ᠪᠠᠷ ᠬᠠᠷᠢᠭᠤᠯᠲᠠ | ᠦᠭᠬᠦᠨ᠎ᠡ᠃ ᠡᠮᠦᠨᠡᠬᠡᠨ᠂ ᠨᠢᠭᠡ ᠰᠠᠭᠤᠭᠠᠯᠢ ᠠᠷᠠᠳ ᠤᠲᠠᠰᠤ ᠢᠷᠡᠭᠦᠯᠵᠦ᠂ ᠥᠪᠡᠷ ᠢᠶᠠᠨ ᠨᠢᠭᠡᠨᠲᠡ 55 ᠨᠠᠰᠤᠲᠠᠢ᠂ | ᠳᠠᠭᠠᠳᠬᠠᠯ ᠳᠤ ᠣᠷᠣᠯᠴᠠᠭᠰᠠᠨ ᠦᠭᠡᠢ᠂ ᠣᠳᠣ ᠤᠷᠤᠯᠴᠠᠪᠠᠯ ᠵᠠᠪᠳᠤᠬᠤ ᠤᠤ︖ ᠭᠡᠵᠦ ᠯᠠᠪᠯᠠᠨ ᠠᠰᠠᠭᠤᠬᠤ ᠳᠤ | ᠠᠵᠢᠯᠲᠠᠳ ᠲᠡᠭᠦᠨ ᠳᠤ ᠳᠠᠭᠠᠳᠬᠠᠯ ᠳᠤ ᠣᠷᠣᠯᠴᠠᠬᠤ ᠲᠥᠷᠥ ᠶᠢᠨ ᠪᠣᠳᠣᠯᠭ᠎ᠠ ᠶᠢ ᠨᠠᠷᠢᠨ ᠲᠣᠳᠣᠷᠬᠠᠶ ᠶᠠᠷᠢᠵᠤ | ᠦᠭᠴᠦ᠂ 55 ᠨᠠᠰᠤᠨ ᠠᠴᠠ ᠡᠬᠢᠯᠡᠨ ᠳᠠᠭᠠᠳᠬᠠᠯ ᠳᠤ ᠤᠷᠤᠯᠴᠠᠪᠠᠯ ᠮᠥᠨ 60 ᠨᠠᠰᠤᠨ ᠠᠴᠠ ᠡᠮᠦᠨ᠎ᠡ ᠵᠢᠯ | ᠳᠠᠷᠠᠭᠠᠯᠠᠨ ᠰᠦᠢᠳᠬᠡᠯ ᠲᠤᠰᠢᠶᠠᠵᠤ ᠪᠣᠯᠤᠨ᠎ᠠ᠂ 15 ᠵᠢᠯ ᠬᠦᠷᠬᠦ ᠦᠭᠡᠢ ᠬᠡᠰᠡᠭ ᠢ ᠨᠢᠭᠡ ᠯᠡ ᠤᠳᠠᠭ᠎ᠠ ᠳᠤ | ᠨᠥᠬᠦᠵᠦ ᠲᠤᠰᠢᠶᠠᠵᠤ ᠪᠣᠯᠤᠨ᠎ᠠ᠂ ᠲᠡᠭᠦᠨ ᠢ ᠡᠷᠲᠡᠬᠡᠨ ᠳᠠᠭᠠᠳᠬᠠᠯ ᠲᠤᠰᠢᠶᠠᠵᠤ᠂ ᠥᠲᠡᠯᠦᠭᠡ ᠨᠠᠰᠤᠨ ᠤ | ᠠᠮᠢᠳᠤᠷᠠᠯ ᠳᠤ ᠪᠠᠨ ᠪᠠᠲᠤᠯᠠᠭ᠎ᠠ ᠨᠡᠮᠡᠷᠢᠯᠡᠬᠦ ᠶᠢ ᠵᠤᠷᠢᠭᠵᠢᠭᠤᠯᠪᠠ᠃ | ᠤᠬᠠᠭᠤᠯᠤᠨ ᠳᠡᠯᠭᠡᠷᠡᠭᠦᠯᠬᠦ ᠪᠣᠯ ᠡᠳᠦᠷ ᠲᠤᠲᠤᠮ ᠤᠨ ᠴᠢᠬᠤᠯᠠ ᠠᠵᠢᠯ᠃ ᠲᠡᠳᠡ ᠡᠯ᠎ᠡ ᠲᠥᠷᠥᠯ ᠤᠨ | ᠠᠵᠢᠯᠯᠠᠭ᠎ᠠ ᠂ ︽ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡ ᠶᠢ ᠲᠦᠮᠡᠨ ᠡᠷᠦᠬᠡ ᠳᠤ ᠣᠷᠣᠭᠤᠯᠬᠤ︾᠂ ︽ | ᠭᠠᠴᠠᠭᠠᠨ ᠤ ᠰᠢᠭᠰᠢᠶ᠎ᠡ ︾ ᠮᠣᠷᠢᠨ ᠤᠷᠤᠯᠳᠤᠭᠠᠨ ᠵᠡᠷᠭᠡ ᠬᠦᠳᠡᠯᠭᠡᠭᠡᠨ ᠢ ᠠᠰᠢᠭᠯᠠᠨ ᠤᠬᠠᠭᠤᠯᠭ᠎ᠠ ᠬᠢᠵᠦ᠂ | ᠰᠠᠭᠤᠭᠠᠯᠢ ᠠᠷᠠᠳ ᠲᠤ ᠨᠠᠰᠤᠵᠢᠯ ᠤᠨ ᠳᠠᠭᠠᠳᠬᠠᠯ ᠤᠨ ᠮᠡᠳᠡᠯᠭᠡ ᠶᠢ ᠲᠦᠭᠡᠮᠡᠯᠵᠢᠭᠦᠯᠵᠡᠶ᠃ ᠠᠭᠤᠳᠠᠮ ᠲᠠᠯᠠᠪᠠᠢ ᠳᠤ | ᠪᠢᠳᠡ ᠤᠬᠠᠭᠤᠯᠭ᠎ᠠ ᠶᠢᠨ ᠴᠡᠭ ᠭᠠᠷᠭᠠᠵᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠴᠥᠭᠡᠨ ᠪᠤᠰᠤ | ᠰᠠᠭᠤᠭᠠᠯᠢ ᠠᠷᠠᠳ ᠲᠤᠬᠠᠢ ᠶᠢᠨ ᠲᠠᠯᠠᠪᠠᠢ ᠳᠤ ᠢᠷᠡᠵᠦ ᠨᠠᠰᠤᠵᠢᠯ ᠤᠨ ᠠᠰᠠᠷᠠᠮᠵᠢ ᠶᠢᠨ ᠮᠥᠩᠭᠦ ᠠᠪᠬᠤ | ᠪᠠᠷᠢᠮᠵᠢᠶ᠎ᠠ ᠶᠢ ᠠᠰᠠᠭᠤᠨ ᠯᠠᠪᠯᠠᠪᠠ᠃ ᠣᠯᠠᠨ ᠳᠤ ᠨᠠᠩ ᠰᠢᠭᠤᠳ ᠣᠶᠢᠯᠠᠭᠠᠭᠤᠯᠬᠤ ᠶᠢᠨ ᠲᠥᠯᠥᠭᠡ᠂ ᠲᠡᠳᠡ | ᠪᠣᠳᠠᠲᠠᠶ ᠵᠢᠱᠢᠶ᠎ᠡ ᠲᠠᠢ ᠤᠶᠠᠯᠳᠤᠭᠤᠯᠤᠨ᠂ ᠵᠢᠱᠢᠶᠡᠯᠡᠪᠡᠯ ᠵᠢᠯ ᠪᠦᠷᠢ 3000 ᠲᠥᠭᠦᠷᠢᠭ ᠤᠨ ᠰᠦᠢᠳᠬᠡᠯ ᠢ ᠨᠡᠶᠢᠲᠡ | 15 ᠵᠢᠯ ᠲᠤᠰᠢᠶᠠᠪᠠᠯ᠂ ᠠᠵᠢᠯ ᠠᠴᠠ ᠪᠠᠨ ᠠᠮᠠᠷᠠᠭᠰᠠᠨ ᠤ ᠳᠠᠷᠠᠭ᠎ᠠ ᠰᠠᠷ᠎ᠠ ᠪᠦᠷᠢ ᠶᠡᠭᠡ ᠲᠦᠯᠦᠪ ᠬᠡᠳᠦᠶ | ᠨᠠᠰᠤᠵᠢᠯ ᠤᠨ ᠠᠰᠠᠷᠠᠮᠵᠢ ᠶᠢᠨ ᠮᠥᠩᠭᠦ ᠠᠪᠴᠤ ᠪᠤᠯᠬᠤ ᠶᠢ ᠲᠠᠶᠢᠯᠪᠤᠷᠢᠯᠠᠵᠤ ᠂ ᠲᠡᠳᠡᠨ ᠳᠤ ᠬᠠᠪᠰᠤᠷᠤᠨ | ᠨᠠᠰᠤᠵᠢᠯ ᠤᠨ ᠠᠰᠠᠷᠠᠮᠵᠢ ᠶᠢᠨ ᠳᠠᠩᠰᠠ ᠶᠢ ᠲᠣᠳᠣᠷᠬᠠᠶ ᠪᠤᠳᠤᠵᠤ ᠦᠭᠴᠦ᠂ ᠳᠠᠭᠠᠳᠬᠠᠯ ᠳᠤ ᠣᠷᠣᠯᠴᠠᠬᠤ | ᠢᠳᠡᠪᠬᠢᠵᠢᠯ ᠢ ᠨᠢ ᠳᠡᠭᠡᠭᠰᠢᠯᠡᠭᠦᠯᠪᠡ᠃ | ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠬᠡᠬᠦ ᠠᠵᠢᠯ ᠢ ᠦᠷᠭᠦᠯᠵᠢᠯᠡᠨ ᠠᠬᠢᠭᠤᠯᠪᠠ᠃ | ᠠᠵᠢᠯᠲᠠᠳ ᠳ᠋ᠠᠶᠢᠲ᠋ᠠ ᠪᠠᠷ ᠳᠠᠮᠵᠢᠨ ᠳᠠᠭᠠᠳᠬᠠᠯ ᠳᠤ ᠣᠷᠣᠯᠴᠠᠭᠰᠠᠨ ᠦᠭᠡᠢ ᠬᠥᠮᠦᠰ ᠤᠨ ᠨᠡᠷᠡᠰ ᠢ ᠰᠢᠯᠢᠨ | ᠰᠣᠩᠭᠤᠵᠤ᠂ ᠲᠥᠷᠥ ᠶᠢᠨ ᠪᠣᠳᠣᠯᠭ᠎ᠠ ᠶᠢ ᠤᠬᠠᠭᠤᠯᠤᠨ᠂ ᠲᠡᠳᠡᠨ ᠢ ᠳᠠᠶᠢᠴᠢᠯᠠᠨ ᠳᠠᠭᠠᠳᠬᠠᠯ ᠳᠤ ᠣᠷᠣᠯᠴᠠᠭᠤᠯᠪᠠ᠃ | ᠴᠡᠭᠡᠵᠢᠯᠡᠵᠦ ᠪᠠᠢᠬᠤ ᠪᠠᠷ ᠨᠢᠭᠡᠨ ᠵᠠᠯᠠᠭᠤ ᠰᠠᠭᠤᠭᠠᠯᠢ ᠠᠷᠠᠳ ᠥᠪᠡᠷ ᠢ ᠪᠠᠨ ᠵᠠᠯᠠᠭᠤ ᠭᠡᠵᠦ ᠪᠣᠳᠣᠵᠤ ᠪᠠᠶᠢᠨ᠎ᠠ᠂ | ᠳᠠᠭᠠᠳᠬᠠᠯ ᠳᠤ ᠣᠷᠣᠬᠤ ᠶᠢ ᠶᠠᠭᠠᠷᠠᠬᠤ ᠦᠬᠡᠢ ᠭᠡᠪᠡ᠃ ᠠᠵᠢᠯᠲᠠᠳ ᠲᠡᠭᠦᠨ ᠳᠤ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠤᠨ ᠡᠷᠲᠡ ᠳᠠᠭᠠᠳᠬᠠᠯ ᠳᠤ ᠣᠷᠣᠯᠴᠠᠵᠤ᠂ ᠤᠷᠲᠤ ᠬᠤᠭᠤᠴᠠᠭ᠎ᠠ ᠪᠠᠷ ᠰᠦᠢᠳᠬᠡᠯ ᠲᠤᠰᠢᠶᠠᠪᠠᠯ᠂ | ᠬᠤᠵᠢᠮ ᠬᠠᠷᠠᠭᠠᠯᠵᠠᠯ ᠨᠢ ᠨᠠᠩ ᠥᠨᠳᠥᠷ᠂ ᠵᠠᠯᠠᠭᠤ ᠦᠶ᠎ᠡ ᠶᠢᠨ ᠲᠠᠷᠤᠭᠠᠰᠤ ᠪᠠᠭ᠎ᠠ᠂ ᠨᠡᠩ ᠡᠷᠳᠡ ᠠᠴᠠ | ᠨᠠᠰᠤᠵᠢᠯ ᠤᠨ ᠲᠦᠯᠦᠭᠡ ᠴᠢᠳᠠᠪᠤᠷᠢ ᠨᠦᠭᠡᠴᠡᠯᠡᠬᠦ ᠶᠢ ᠬᠡᠯᠡᠵᠦ ᠦᠭᠭᠦᠭᠰᠡᠨ ᠠᠴᠠ᠂ ᠡᠴᠦᠰ ᠲᠡᠭᠡᠨ ᠲᠡᠷᠡ | ᠳᠠᠭᠠᠳᠬᠠᠯ ᠳᠤ ᠣᠷᠣᠯᠴᠠᠬᠤ ᠪᠠᠷ ᠲᠣᠭᠲᠠᠵᠠᠢ ᠃ | ᠦᠢᠯᠡᠴᠢᠯᠡᠭᠡ ᠳᠤ ᠬᠦᠴᠢᠷᠲᠡᠢ ᠬᠥᠮᠥᠰ ᠢ ᠤᠷᠬᠢᠭᠳᠠᠭᠤᠯᠵᠤ ᠪᠣᠯᠬᠤ ᠦᠭᠡᠢ᠃ ᠠᠷᠠᠳ ᠤᠨ ᠶᠠᠪᠤᠳᠠᠯ᠂ | ᠵᠡᠮᠳᠡᠭᠴᠦᠳ ᠤᠨ ᠬᠤᠯᠪᠣᠭ᠎ᠠ ᠵᠡᠷᠭᠡ ᠰᠠᠯᠠᠭ᠎ᠠ ᠮᠥᠴᠢᠷ ᠲᠠᠢ ᠬᠠᠮᠵᠢᠯᠴᠠᠨ᠂ ᠨᠠᠭᠠᠳᠤ ᠵᠠᠬ᠎ᠠ ᠶᠢᠨ ᠪᠠᠲᠤᠯᠠᠭ᠎ᠠ᠂ | ᠬᠦᠨᠳᠦ ᠵᠡᠮᠳᠡᠭ ᠵᠡᠷᠭᠡ ᠬᠦᠴᠢᠷᠳᠡᠯᠲᠡᠶ ᠬᠥᠮᠦᠰ ᠤᠨ ᠨᠡᠷᠡᠰ ᠢ ᠲᠣᠭᠲᠠᠭᠠᠵᠤ᠂ ᠲᠡᠳᠡᠨ ᠳᠤ ᠨᠠᠰᠤᠵᠢᠯ ᠤᠨ | ᠳᠠᠭᠠᠳᠬᠠᠯ ᠢ ᠣᠷᠣᠯᠠᠨ ᠲᠤᠰᠢᠶᠠᠵᠤ ᠥᠭᠭᠦᠨ᠎ᠡ᠃ ᠨᠢᠳᠤᠨᠤᠨ᠂ ᠪᠢᠳᠡ 1627 ᠨᠡᠷᠡᠰ ᠬᠦᠴᠢᠷᠳᠡᠯᠲᠡᠶ ᠣᠯᠠᠨ | ᠲᠦᠮᠡᠨ ᠳᠤ ᠨᠠᠰᠤᠵᠢᠯ ᠤᠨ ᠳᠠᠭᠠᠳᠬᠠᠯ ᠢ ᠨᠢ ᠣᠷᠣᠯᠠᠨ ᠲᠤᠰᠢᠶᠠᠵᠤ᠂ ᠲᠡᠳᠡᠨ ᠤ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠤᠨ ᠬᠠᠷᠠᠭᠠᠯᠵᠠᠯ ᠢ ᠬᠦᠷᠲᠡᠬᠦ ᠶᠢ ᠦᠨᠡᠨ ᠬᠦ ᠪᠠᠲᠤᠯᠠᠵᠤ᠂ ᠲᠡᠳᠡᠨ ᠳᠤ ᠲᠥᠷᠥ ᠶᠢᠨ ᠪᠣᠳᠣᠯᠭ᠎ᠠ ᠶᠢᠨ | ᠬᠠᠯᠠᠭᠤᠨ ᠳᠤᠯᠠᠭᠠᠨ ᠢ ᠮᠡᠳᠡᠷᠡᠭᠦᠯᠪᠡ᠃ | ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠠᠳᠠᠯᠢᠬᠠᠨ ᠵᠠᠩᠭᠢᠯᠠᠭ᠎ᠠ ᠪᠣᠯᠣᠨ᠎ᠠ᠃ ᠨᠠᠰᠤᠵᠢᠯ ᠤᠨ | ᠠᠰᠠᠷᠠᠮᠵᠢ ᠶᠢᠨ ᠮᠥᠩᠭᠦ ᠣᠯᠭᠤᠭᠰᠠᠨ ᠲᠤᠭ᠎ᠠ ᠪᠠᠷᠢᠮᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠪᠠᠶᠢᠴᠠᠭᠠᠵᠤ᠂ | ᠬᠠᠭᠤᠷᠮᠠᠭᠯᠠᠨ ᠠᠪᠬᠤ ᠪᠠᠶᠢᠳᠠᠯ ᠭᠠᠷᠬᠤ ᠶᠢ ᠰᠡᠷᠭᠡᠶᠢᠯᠡᠨ᠎ᠡ᠃ ᠰᠡᠵᠢᠭᠲᠡᠢ ᠲᠤᠭ᠎ᠠ ᠪᠠᠷᠢᠮᠲᠠ ᠶᠢ ᠣᠯᠵᠤ ᠮᠡᠳᠡᠪᠡᠯ | ᠳᠠᠷᠤᠢ ᠲᠦᠷᠭᠡᠨ ᠪᠠᠶᠢᠴᠠᠭᠠᠯᠲᠠ ᠬᠢᠨ᠎ᠡ᠃ ᠨᠢᠭᠡ ᠤᠳᠠᠭ᠎ᠠ ᠠᠵᠢᠯ ᠠᠴᠠ ᠪᠠᠨ ᠠᠮᠠᠷᠠᠭᠰᠠᠳ ᠲᠤ ᠬᠠᠭᠤᠷᠮᠠᠭᠯᠠᠨ | ᠠᠪᠤᠭᠰᠠᠨ ᠪᠠᠶᠢᠳᠠᠯ ᠣᠷᠣᠰᠢᠵᠤ ᠪᠠᠶᠢᠬᠤ ᠶᠢ ᠣᠯᠵᠤ ᠮᠡᠳᠡᠭᠡᠳ᠂ ᠠᠵᠢᠯᠲᠠᠳ ᠤᠯᠠᠨ ᠲᠠᠯ᠎ᠠ ᠪᠠᠷ ᠬᠢᠨᠠᠨ | ᠬᠠᠷᠭᠤᠭᠤᠯᠵᠤ᠂ ᠭᠡᠷ ᠪᠦᠯᠢ ᠶᠢᠨ ᠬᠢᠨ ᠲᠠᠢ ᠬᠠᠷᠢᠯᠴᠠᠵᠤ ᠬᠠᠭᠤᠷᠮᠠᠭᠯᠠᠨ ᠠᠪᠤᠭᠰᠠᠨ ᠦᠷ᠎ᠡ ᠳ᠋ᠦᠩ ᠢ | ᠲᠣᠳᠣᠷᠬᠠᠶᠢᠯᠠᠵᠤ᠂ ᠡᠴᠦᠰ ᠲᠡᠭᠡᠨ ᠬᠠᠭᠤᠷᠮᠠᠭᠯᠠᠨ ᠠᠪᠤᠭᠰᠠᠨ ᠪᠡᠯᠡ ᠮᠥᠩᠭᠦ ᠶᠢ ᠠᠮᠵᠢᠯᠲᠠ ᠲᠠᠢ ᠪᠠᠷ ᠨᠡᠬᠡᠮᠵᠢᠯᠡᠨ | ᠠᠪᠴᠢᠷᠠᠵᠤ᠂ ᠰᠠᠭᠤᠭᠠᠯᠢ ᠠᠷᠠᠳ ᠤᠨ ︽ᠨᠠᠰᠤᠵᠢᠯ ᠤᠨ ᠠᠰᠠᠷᠠᠮᠵᠢ ᠶᠢᠨ ᠮᠥᠩᠭᠦ︾ ᠶᠢ ᠦᠨᠡᠨᠬᠦ ᠰᠠᠬᠢᠨ | ᠬᠠᠮᠠᠭᠠᠯᠠᠪᠠ᠃ | ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ ᠲᠡᠳᠡ ᠰᠦᠯᠵᠢᠶᠡᠨ ᠳᠡᠭᠡᠷᠡᠬᠢ | ᠲᠤᠬᠠᠶᠢᠯᠠᠭᠰᠠᠨ ᠠᠵᠢᠯ ᠢ ᠭᠦᠢᠴᠡᠳᠬᠡᠬᠦ ᠶᠢ ᠢᠳᠡᠪᠬᠢᠲᠡᠢ ᠳᠡᠯᠭᠡᠷᠡᠭᠦᠯᠵᠦ᠂ ᠰᠠᠭᠤᠭᠠᠯᠢ ᠠᠷᠠᠳ ᠲᠤ ᠭᠠᠷ | ᠤᠳᠠᠰᠤ ᠪᠠᠷ ᠳᠠᠮᠵᠢᠭᠤᠯᠤᠨ ᠳᠠᠭᠠᠳᠬᠠᠯ ᠳᠤ ᠣᠷᠣᠯᠴᠠᠬᠤ ᠶᠢ ᠳᠠᠩᠰᠠᠯᠠᠬᠤ᠂ ᠰᠦᠢᠳᠬᠡᠯ ᠲᠤᠰᠢᠶᠠᠬᠤ᠂ ᠬᠢᠷᠢ ᠬᠡᠮ ᠢ | ᠭᠡᠷᠡᠴᠢᠯᠡᠬᠦ ᠵᠡᠷᠭᠡ ᠠᠵᠢᠯᠯᠠᠭ᠎ᠠ ᠶᠢ ᠬᠡᠷᠬᠢᠨ ᠪᠡᠶᠡᠯᠡᠭᠦᠯᠬᠦ ᠲᠤᠬᠠᠢ ᠲᠠᠨᠢᠯᠴᠠᠭᠤᠯᠪᠠ᠃ ᠡᠭᠦᠨ ᠤ ᠬᠠᠮᠲᠤ᠂ ᠨᠡᠶᠢᠭᠡᠮ ᠤᠨ | ᠪᠠᠩᠬᠢ ᠶᠢᠨ ᠬᠤᠯᠪᠣᠭᠠᠯᠠᠨ ᠬᠥᠳᠡᠯᠦᠯᠴᠡᠬᠦ ᠶᠢ ᠠᠬᠢᠭᠤᠯᠵᠤ᠂ ᠦᠭᠡᠷᠬᠤᠳᠳᠤᠭ ᠪᠠᠯᠭᠠᠰᠤ ᠪᠣᠯᠤᠨ ᠰᠢᠪᠡᠷᠬᠦ᠋ᠷᠢᠶ᠎ᠡ | ᠪᠠᠯᠭᠠᠰᠤᠨ ᠳᠤ ᠬᠥᠮᠦᠨ ᠤ ᠬᠦᠴᠦ ᠪᠠᠷ ᠭᠥᠯᠢᠶᠡᠨ ᠠᠪᠴᠤ ᠰᠢᠢᠳᠪᠦᠷᠢᠯᠡᠬᠦ ᠲᠤᠰᠬᠠᠶ ᠴᠤᠩᠬᠤ ᠪᠠᠶᠢᠭᠤᠯᠬᠤ | ᠲᠤᠷᠰᠢᠯᠲᠠ ᠶᠢᠨ ᠴᠡᠭ ᠭᠠᠷᠭᠠᠵᠤ᠂ ᠰᠠᠭᠤᠭᠠᠯᠢ ᠠᠷᠠᠳ ᠢ ᠬᠡᠷ ᠤᠨ ᠡᠭᠦᠳᠡᠨ ᠳᠤ ᠪᠠᠨ ᠨᠡᠶᠢᠭᠡᠮ ᠤᠨ ᠪᠠᠲᠤᠯᠠᠭ᠎ᠠ ᠶᠢᠨ | ᠲᠤᠬᠠᠶᠢᠯᠠᠭᠰᠠᠨ ᠠᠵᠢᠯ ᠢ ᠬᠦᠢᠴᠡᠳᠭᠡᠵᠦ᠂ ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠶᠢ | ᠦᠨᠡᠨ ᠬᠦ ᠪᠡᠶᠡᠯᠡᠭᠦᠯᠪᠡ᠃ | ᠡᠨᠡ ᠬᠦ ᠠᠵᠢᠯ ᠤᠨ ᠪᠠᠶᠢᠷᠢ ᠳᠡᠭᠡᠷ᠎ᠡ᠂ ᠬᠡᠳᠦ᠋ᠢᠪᠡᠷ ᠡᠳᠦᠷ ᠪᠦᠷᠢ ᠠᠷ ᠰᠠᠷ ᠠᠵᠢᠯ ᠳᠤ ᠶᠠᠭᠠᠷᠠᠤ ᠪᠠᠶᠢᠭᠰᠠᠨ | ᠴᠤ ᠤᠯᠠᠮ ᠠᠴᠠ ᠣᠯᠠᠨ ᠰᠠᠭᠤᠭᠠᠯᠢ ᠠᠷᠠᠳ ᠳᠠᠭᠠᠳᠬᠠᠯ ᠳᠤ ᠣᠷᠣᠯᠴᠠᠵᠤ᠂ ᠨᠠᠰᠤᠵᠢᠯ ᠤᠨ ᠳᠠᠭᠠᠳᠬᠠᠯ ᠤᠨ | ᠠᠪᠴᠢᠷᠠᠭᠰᠠᠨ ᠪᠠᠲᠤᠯᠠᠭ᠎ᠠ ᠶᠢ ᠣᠯᠵᠤ ᠬᠠᠷᠠᠭᠠᠳ᠂ ᠲᠡᠳᠡ ᠠᠵᠢᠯ ᠤᠨ ᠦᠨ᠎ᠡ ᠦᠷᠳᠡᠭ ᠪᠠ ᠠᠴᠢ ᠬᠤᠯᠪᠣᠭᠳᠠᠯ ᠢ | ᠭᠦᠨᠵᠡᠭᠡᠶ ᠣᠶᠢᠯᠠᠭᠠᠵᠤ᠂ ᠦᠷᠭᠦᠯᠵᠢᠯᠡᠨ ᠪᠠᠲᠤ ᠰᠠᠬᠢᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠦᠢᠯᠡᠰ ᠲᠤ ᠬᠦᠴᠦᠨ ᠴᠢᠳᠠᠯ ᠢᠶᠠᠨ ᠡᠷᠬᠦᠪᠡ᠃ |