ᠳᠠᠷᠬᠠᠨ ᠰᠤᠮᠤ ᠴᠤᠬᠤᠷ ᠠᠳᠤᠭᠤ ᠬᠠᠮᠠᠭᠠᠯᠠᠬᠤ ᠰᠠᠭᠤᠷᠢᠨ ᠭᠠᠵᠠᠷ ᠢ ᠠᠮᠵᠢᠯᠲᠠ ᠲᠠᠢ ᠪᠠᠷ ᠣᠷᠣᠭᠤᠯᠤᠨ ᠠᠪᠴᠢᠷᠠᠵᠤ ᠤᠨᠴᠠᠯᠢᠬᠳᠤ  ᠴᠡᠭᠡ ᠶᠢᠨ ᠠᠵᠤ ᠦᠢᠯᠡᠰ ᠤᠨ ᠨᠡᠭᠡᠭᠡᠨ ᠬᠥᠭᠵᠢᠭᠦᠯᠦᠯᠲᠡ ᠶᠢ ᠵᠡᠷᠭᠡᠪᠡᠷ ᠡᠬᠢᠯᠡᠭᠦᠯᠪᠡ
ᠨᠡᠶᠢᠲᠡᠯᠡᠭᠰᠡᠨ ᠴᠠᠭ᠄
2025/6/26
      ᠮᠣᠩᠭᠤᠯ ᠠᠳᠤᠭᠤᠨ ᠤ ᠡᠭᠦᠯᠳᠡᠷ ᠤᠨ ᠡᠬᠢ ᠪᠠᠶᠠᠯᠢᠭ ᠤᠨ ᠬᠠᠮᠠᠭᠠᠯᠠᠯᠲᠠ ᠶᠢ ᠴᠢᠩᠭᠠᠳᠬᠠᠵᠤ᠂ ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠨ᠂ ᠣᠨᠴᠠᠯᠢᠭᠲᠤ ᠮᠠᠯ ᠠᠵᠤ ᠠᠬᠤᠶ ᠬᠢᠭᠡᠳ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠬᠤ ᠶᠢᠨ ᠲᠥᠯᠥᠭᠡ᠂ ᠳᠠᠷᠬᠠᠨ ᠰᠤᠮᠤ ᠶᠢᠨ ᠠᠷᠠᠳ ᠤᠨ ᠵᠠᠰᠠᠭ ᠤᠨ ᠣᠷᠳᠣᠨ ᠠᠴᠠ ᠴᠠᠭᠠᠬᠤᠪᠤᠭ᠎ᠠ ᠭᠠᠴᠠᠭᠠᠨ ᠤ ᠮᠠᠯᠴᠢᠨ ᠲᠦᠮᠡᠨ ᠤ ᠲᠠᠷᠢᠶᠠᠯᠠᠩ ᠮᠠᠯ ᠠᠵᠤ ᠠᠬᠤᠶ ᠶᠢᠨ ᠬᠤᠷᠰᠢᠶ᠎ᠠ ᠶᠢ ᠬᠥᠲᠥᠯᠥᠨ ᠵᠢᠯᠣᠭᠤᠳᠴᠤ ᠪᠠᠶᠢᠭᠠᠳ 28 ᠬᠤᠪᠣᠷ ᠴᠤᠬᠠᠭ ᠡᠭᠦᠯᠳᠡᠷ ᠤᠨ ᠴᠤᠬᠤᠷ ᠠᠳᠤᠭᠤ ᠬᠤᠳᠠᠯᠳᠤᠨ ᠣᠷᠣᠭᠤᠯᠬᠤ ᠶᠢᠨ ᠬᠠᠮᠲᠤ ᠤᠨᠴᠠᠯᠢᠭᠳᠤ ᠴᠡᠭᠡ ᠶᠢᠨ ᠠᠵᠤ ᠦᠢᠯᠡᠰ ᠢ ᠨᠡᠭᠡᠭᠡᠨ ᠬᠥᠭᠵᠢᠭᠦᠯᠵᠦ᠂ ᠮᠠᠯᠴᠢᠳ ᠲᠤ ᠰᠢᠭᠤᠳ ᠠᠵᠤ ᠠᠬᠤᠶ ᠶᠢᠨ ᠦᠷ᠎ᠡ ᠠᠰᠢᠭ ᠣᠯᠭᠤᠪᠠ᠃    ᠴᠣᠬᠤᠷ ᠠᠳᠤᠭᠤ ᠨᠢ ᠮᠣᠩᠭᠤᠯ ᠠᠳᠤᠭᠤᠨ ᠤ ᠴᠢᠬᠤᠯᠠ ᠬᠤᠪᠢᠯᠪᠤᠷᠢ ᠪᠣᠯᠵᠤ᠂ ᠣᠨᠴᠠᠭᠠᠢ ᠴᠤᠬᠤᠷ ᠡᠷᠢᠶᠡᠨ ᠦᠩᠭᠡ ᠵᠢᠰᠤᠮ᠂ ᠰᠢᠯᠢᠳᠡᠭ ᠰᠠᠶᠢᠨ ᠵᠣᠬᠢᠴᠠᠬᠤ ᠴᠢᠨᠠᠷ ᠪᠠ ᠨᠡᠯᠢᠶᠡᠳ ᠶᠡᠭᠡ ᠰᠦ ᠭᠠᠷᠬᠤ ᠴᠢᠳᠠᠪᠬᠢ ᠪᠠᠷ ᠨᠡᠷ᠎ᠡ ᠠᠯᠳᠠᠷᠰᠢᠵᠤ᠂ ᠰᠤᠨᠢᠷᠬᠠᠬᠤ ᠦᠨ᠎ᠡ ᠦᠷᠳᠡᠭ ᠪᠠ ᠠᠵᠤ ᠠᠬᠤᠢ ᠶᠢᠨ ᠦᠨ᠎ᠡ ᠦᠷᠳᠡᠭ ᠢ ᠵᠡᠷᠭᠡᠪᠡᠷ ᠪᠦᠷᠢᠯᠳᠦᠬᠦᠯᠵᠠᠢ ᠃ ᠴᠣᠬᠤᠷ ᠠᠳᠤᠭᠤᠨ ᠤ ᠦᠩᠭᠡ ᠵᠢᠰᠤᠮ  ᠤᠨ ᠥᠪᠡᠷᠮᠢᠴᠡ ᠣᠨᠴᠠᠯᠢᠭ ᠨᠢ ᠰᠣᠶᠣᠯ ᠵᠢᠭᠤᠯᠴᠢᠯᠠᠯ ᠢ ᠬᠥᠭᠵᠢᠭᠦᠯᠬᠦ ᠳᠤ ᠨᠥᠬᠦᠴᠡᠯ ᠪᠦᠷᠢᠯᠳᠦᠭᠦᠯᠵᠦ ᠥᠭᠴᠡᠶ᠃ ᠡᠭᠦᠯᠳᠡᠷ ᠬᠠᠮᠠᠭᠠᠯᠠᠬᠤ ᠰᠠᠭᠤᠷᠢᠨ ᠭᠠᠵᠠᠷ  ᠨᠢ ᠢᠷᠡᠭᠡᠳᠦᠶ ᠳᠤ ᠴᠤᠬᠤᠷ ᠠᠳᠤᠭᠤᠨ ᠰᠦᠷᠦᠭ ᠢ ᠲᠣᠭᠤᠷᠢᠨ ᠦᠵᠡᠵᠦ ᠪᠡᠶᠡᠴᠢᠯᠡᠨ ᠣᠶᠢᠯᠠᠭᠠᠬᠤ᠂ ᠠᠳᠤᠭᠤᠨ ᠰᠣᠶᠣᠯ ᠢ ᠰᠤᠳᠤᠯᠤᠨ ᠰᠤᠷᠤᠯᠴᠠᠬᠤ᠂ ᠣᠨᠴᠠᠯᠢᠭᠲᠤ ᠴᠠᠭᠠᠨ ᠢᠳᠡᠭᠡᠨ ᠤ ᠦᠢᠯᠡᠳᠭᠦᠨ ᠵᠡᠷᠭᠡ ᠲᠥᠷᠥᠯ ᠵᠦᠢᠯ ᠢ ᠨᠡᠭᠡᠭᠡᠨ ᠬᠥᠭᠵᠢᠭᠦᠯᠵᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ ᠠᠵᠤ ᠦᠢᠯᠡᠰ ᠤᠨ ᠨᠡᠮᠡᠯᠲᠡ ᠥᠷᠲᠡᠭ ᠢ ᠳᠡᠭᠡᠭᠰᠢᠯᠡᠭᠦᠯᠵᠦ᠂  ᠵᠢᠭᠤᠯᠴᠢᠯᠠᠭᠰᠠᠳ ᠢ ᠲᠡᠳᠡᠨ ᠠᠪᠴᠢᠷᠠᠵᠤ᠂ ᠡᠷᠬᠢᠨ ᠲᠣᠭᠤᠷᠢᠨ ᠤ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠤᠯᠠᠮ ᠨᠢᠭᠡ ᠠᠯᠬᠤᠮ ᠳᠠᠶᠢᠴᠢᠯᠠᠨ᠂ ᠠᠷᠠᠳ ᠢ ᠪᠠᠶᠠᠵᠢᠭᠤᠯᠬᠤ ᠣᠯᠠᠨ ᠠᠵᠤ ᠦᠢᠯᠡᠰ ᠢ ᠪᠣᠶ ᠪᠣᠯᠭᠠᠬᠤ ᠪᠠᠷ ᠲᠥᠯᠥᠪᠯᠡᠵᠦ ᠪᠠᠶᠢᠨ᠎ᠠ᠃      ᠴᠤᠬᠤᠷ ᠠᠳᠤᠭᠤᠨ ᠤ ᠰᠦᠷᠦᠭ ᠤᠨ ᠲᠣᠭᠲᠠᠭᠤᠨ ᠪᠠᠶᠢᠬᠤ ᠶᠢ ᠪᠠᠲᠤᠯᠠᠭᠰᠠᠨ ᠰᠠᠭᠤᠷᠢᠨ ᠳᠡᠭᠡᠷ᠎ᠡ᠂ ᠰᠠᠭᠤᠷᠢᠨ ᠭᠠᠵᠠᠷ ᠨᠢ ᠰᠢᠨ᠎ᠡ ᠰᠣᠷᠭᠤᠭ ᠴᠡᠭᠡ ᠦᠢᠯᠡᠳᠪᠦᠷᠢᠯᠡᠬᠦ ᠪᠡᠯᠡᠳᠬᠡᠯ ᠠᠵᠢᠯ ᠢ ᠥᠨᠳᠥᠷ ᠪᠦᠲᠦᠮᠵᠢᠲᠡᠶ ᠥᠷᠨᠢᠭᠦᠯᠦᠭᠰᠡᠨ ᠪᠠᠶᠢᠨ᠎ᠠ᠃ ᠮᠡᠷᠭᠡᠵᠢᠯ ᠤᠨ ᠠᠵᠢᠯᠲᠠᠳ ᠰᠦ  ᠰᠠᠭᠠᠬᠤ ᠬᠤᠭᠤᠴᠠᠭᠠᠨ ᠳᠠᠬᠢ ᠭᠡᠭᠦᠤ ᠳᠤ ᠡᠷᠡᠭᠦᠯ ᠮᠡᠨᠳᠦ ᠶᠢᠨ ᠦᠨᠡᠯᠡᠨ ᠵᠢᠱᠢᠯᠲᠡ ᠬᠢᠬᠦ ᠶᠢᠨ ᠬᠠᠮᠲᠤ ᠲᠡᠵᠢᠭᠡᠨ ᠠᠷᠠᠴᠢᠯᠠᠬᠤ ᠨᠠᠶᠢᠷᠠᠯᠭ᠎ᠠ ᠪᠠᠨ ᠰᠢᠯᠢᠳᠡᠭᠵᠢᠭᠦᠯᠵᠦ᠂ ᠴᠢᠨᠠᠷ ᠰᠠᠶᠢᠲᠠᠶ ᠰᠦ ᠶᠢᠨ ᠢᠷᠡᠯᠲᠡ ᠶᠢ ᠦᠨᠡᠨᠬᠦ  ᠪᠠᠳᠤᠯᠠᠪᠠ ᠃ ᠴᠣᠬᠤᠷ ᠭᠡᠭᠦᠦ ᠶᠢᠨ ᠰᠦ ᠨᠢ ᠮᠠᠯᠴᠢᠨ ᠲᠦᠮᠡᠨ ᠤ ᠰᠦ ᠶᠢᠨ ᠠᠵᠤ ᠦᠢᠯᠡᠰ ᠤᠨ ᠬᠡᠯᠬᠢᠶ᠎ᠡ ᠳᠤ ᠣᠷᠣᠯᠴᠠᠬᠤ᠂ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠶᠢᠨ ᠵᠠᠩᠭᠢᠯᠠᠭ᠎ᠠ ᠪᠣᠯᠤᠨ᠎ᠠ᠃ ᠰᠠᠭᠤᠷᠢᠨ ᠭᠠᠵᠠᠷ ᠨᠢ ︽ᠬᠠᠮᠲᠤ ᠶᠢᠨ ᠠᠵᠤ ᠠᠬᠤᠶ + ᠦᠷ᠎ᠡ ᠮᠠᠯ ᠬᠠᠮᠠᠭᠠᠯᠠᠬᠤ ᠰᠠᠭᠤᠷᠢᠨ ᠭᠠᠵᠠᠷ  +  ᠬᠤᠷᠰᠢᠶ᠎ᠠ +  ᠮᠠᠯᠴᠢᠳ︾ ᠵᠡᠷᠭᠡ ᠵᠠᠭᠪᠤᠷ ᠢᠶᠠᠷ ᠳᠠᠮᠵᠢᠭᠤᠯᠤᠨ᠂  ᠬᠠᠮᠤᠭ ᠲᠡᠷᠢᠬᠦᠨ ᠳᠤ ᠲᠤᠬᠠᠶ ᠶᠢᠨ ᠭᠠᠵᠠᠷ ᠤᠨ ᠮᠠᠯᠴᠢᠳ ᠢ ᠣᠷᠣᠭᠤᠯᠤᠨ ᠠᠪᠴᠢᠷᠠᠵᠤ ᠲᠡᠵᠢᠭᠡᠨ ᠦᠷᠡᠵᠢᠭᠦᠯᠬᠦ᠂   ᠰᠦ ᠰᠠᠭᠠᠬᠤ᠂ ᠠᠩᠬ᠎ᠠ ᠡᠳ᠋ᠰᠢᠭᠦᠯᠬᠦ ᠵᠡᠷᠭᠡ ᠭᠤᠭᠴᠤᠭ᠎ᠠ ᠳᠤ ᠣᠷᠣᠯᠴᠠᠭᠤᠯᠵᠤ᠂ ᠣᠨᠴᠠᠯᠢᠭᠲᠤ ᠡᠬᠢ ᠪᠠᠶᠠᠯᠢᠭ ᠢ ᠮᠠᠯᠴᠢᠳ ᠲᠤ ᠠᠰᠢᠭ ᠣᠷᠣᠯᠭ᠎ᠠ ᠪᠣᠯᠭᠠᠨ ᠦᠨᠡᠨᠬᠦ ᠬᠤᠪᠢᠷᠠᠭᠤᠯᠬᠤ ᠪᠣᠯᠤᠨ᠎ᠠ᠃ ᠡᠭᠦᠨ ᠤ ᠬᠠᠮᠲᠤ᠂ ᠡᠶᠢᠮᠦᠷᠬᠦ ᠵᠠᠭᠪᠤᠷ ᠨᠢ ᠴᠦ ᠬᠠᠮᠲᠤ ᠶᠢᠨ ᠠᠵᠤ ᠠᠬᠤᠶ ᠶᠢ ᠪᠤᠵᠠᠭᠠᠶᠢᠷᠠᠭᠤᠯᠵᠤ᠂ ᠬᠤᠷᠰᠢᠶ᠎ᠠ ᠵᠡᠷᠭᠡ ᠵᠣᠬᠢᠶᠠᠨ ᠪᠠᠶᠢᠭᠤᠯᠤᠯᠲᠠ ᠶᠢᠨ ᠬᠡᠯᠪᠡᠷᠢ ᠪᠠᠷ ᠡᠬᠢ ᠪᠠᠶᠠᠯᠢᠭ ᠢ ᠲᠥᠪᠯᠡᠷᠡᠭᠦᠯᠦᠨ᠂ ᠨᠢᠭᠡᠳᠦᠯᠲᠡᠶ ᠬᠠᠮᠢᠶᠠᠷᠴᠤ᠂ ᠦᠢᠯᠡᠳᠪᠦᠷᠢᠯᠡᠯ ᠤᠨ ᠦᠷ᠎ᠡ ᠪᠦᠲᠦᠮᠵᠢ ᠪᠠ ᠠᠵᠤ ᠠᠬᠤᠶ ᠶᠢᠨ ᠦᠷ᠎ᠡ ᠠᠰᠢᠭ ᠢ ᠳᠡᠭᠡᠭᠰᠢᠯᠡᠭᠦᠯᠵᠦ᠂ ᠬᠠᠮᠲᠤ ᠶᠢᠨ ᠠᠵᠤ ᠠᠬᠤᠶ ᠶᠢᠨ ᠵᠠᠬ᠎ᠠ ᠳᠡᠯᠭᠡᠭᠦᠷ ᠤᠨ ᠥᠷᠢᠰᠥᠯᠳᠦᠬᠦ ᠬᠦᠴᠦᠨ ᠪᠠ ᠠᠶᠤᠯ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ  ᠨᠡᠮᠡᠭᠳᠡᠬᠦᠯᠪᠡ᠃    ᠳᠠᠷᠬᠠᠨ ᠰᠤᠮᠤ ᠲᠤᠰ ᠤᠳᠠᠭ᠎ᠠ ᠶᠢᠨ  ᠮᠣᠩᠭᠤᠯ ᠠᠳᠤᠭᠤᠨ ᠤ ᠡᠭᠦᠯᠳᠡᠷ ᠦᠷᠡᠵᠢᠬᠦᠯᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ  ᠦᠵᠡᠪᠡ᠃ ᠴᠤᠬᠤᠷ ᠠᠳᠤᠭᠤᠨ ᠤ ᠣᠷᠣᠭᠤᠯᠤᠯᠲᠠ ᠨᠢ ᠡᠭᠦᠯᠳᠡᠷ ᠬᠠᠮᠠᠭᠠᠯᠠᠬᠤ ᠰᠠᠭᠤᠷᠢᠨ ᠭᠠᠵᠠᠷ ᠤᠨ ᠤᠳᠤᠮᠯᠠᠯ ᠤᠨ ᠡᠬᠢ ᠪᠠᠶᠠᠯᠢᠭ ᠤᠨ ᠬᠥᠮᠥᠷᠭᠡ ᠶᠢ ᠪᠠᠶᠠᠯᠢᠭᠵᠢᠭᠤᠯᠤᠭᠰᠠᠨ ᠢᠶᠠᠷ ᠪᠠᠷᠠᠬᠤ ᠥᠬᠡᠶ ᠂ ᠨᠠᠩ ᠴᠤ ᠰᠢᠨ᠎ᠡ ᠰᠣᠷᠭᠤᠭ ᠴᠡᠭᠡ ᠶᠢᠨ ᠠᠵᠤ ᠦᠢᠯᠡᠰ ᠪᠠ ᠰᠣᠶᠣᠯ ᠵᠢᠭᠤᠯᠴᠢᠯᠠᠯ ᠤᠨ ᠳᠠᠯᠳᠠ ᠬᠦᠴᠦᠨ ᠢᠶᠠᠷ ᠳᠠᠮᠵᠢᠭᠤᠯᠤᠨ ᠡᠬᠢ ᠪᠠᠶᠠᠯᠢᠭ ᠢ ᠬᠠᠮᠠᠭᠠᠯᠠᠬᠤ ᠪᠠ ᠮᠠᠯᠴᠢᠳ ᠢ ᠪᠠᠶᠠᠵᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠬᠤᠤᠰ ᠠᠮᠵᠢᠯᠲᠠ ᠶᠢ ᠪᠡᠶᠡᠯᠡᠭᠦᠯᠦᠭᠰᠡᠨ ᠪᠠᠶᠢᠨ᠎ᠠ᠃ ᠢᠷᠡᠭᠡᠳᠦᠢ ᠳᠤ᠂ ᠡᠭᠦᠯᠳᠡᠷ ᠬᠠᠮᠠᠭᠠᠯᠠᠬᠤ ᠰᠠᠭᠤᠷᠢᠨ ᠭᠠᠵᠠᠷ ᠨᠢ ︽ᠡᠭᠦᠯᠳᠡᠷ ᠬᠠᠮᠠᠭᠠᠯᠠᠬᠤ - ᠦᠷᠡᠵᠢᠭᠦᠯᠦᠨ ᠪᠤᠶᠢᠵᠢᠭᠤᠯᠬᠤ - ᠡᠳ᠋ᠰᠢᠭᠦᠯᠬᠦ - ᠰᠣᠶᠣᠯ ᠵᠢᠭᠤᠯᠴᠢᠯᠠᠯ︾ ᠤᠨ ᠪᠥᠬᠦ ᠬᠡᠯᠬᠢᠶ᠎ᠡ ᠶᠢᠨ ᠬᠥᠭᠵᠢᠯᠲᠡ ᠶᠢᠨ ᠵᠠᠭᠪᠤᠷ ᠢ ᠦᠷᠭᠦᠯᠵᠢᠯᠡᠨ ᠲᠡᠭᠦᠯᠳᠡᠷᠵᠢᠭᠦᠯᠵᠦ᠂  ᠴᠤᠬᠤᠷ ᠠᠳᠤᠭᠤ ᠨᠢ ᠮᠠᠯᠴᠢᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠶᠢ ᠳᠠᠶᠢᠴᠢᠯᠠᠬᠤ᠂ ᠬᠥᠳᠡᠭᠡ ᠲᠣᠰᠬᠤᠨ ᠤ ᠥᠷᠨᠢᠩᠭᠦᠶ ᠬᠥᠭᠵᠢᠯᠲᠡ ᠶᠢ ᠠᠬᠢᠭᠤᠯᠬᠤ ᠣᠨᠴᠠᠯᠢᠭᠲᠤ ᠠᠵᠤ  ᠦᠢᠯᠡᠰ  ᠪᠤᠯᠵᠤ᠂ ᠬᠠᠮᠲᠤ ᠶᠢᠨ ᠠᠵᠤ ᠠᠬᠤᠶ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠦ᠂ ᠳᠠᠷᠬᠠᠨ ᠰᠤᠮᠤ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠮ ᠳᠡᠭᠡᠷ᠎ᠡ ᠯᠠᠪᠳᠠᠭᠤᠨ ᠪᠠᠲᠤᠲᠠᠶ ᠠᠯᠬᠤᠮ ᠢ ᠠᠯᠬᠤᠬᠤ ᠶᠢ ᠠᠬᠢᠭᠤᠯᠤᠨ᠎ᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号