ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/6/26
      6 ᠰᠠᠷ᠎ᠠ ᠶᠢᠨ 25 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠤᠨ ᠨᠠᠶᠢᠳᠠᠯᠭ᠎ᠠ ᠪᠠᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠬᠤᠸᠠᠩ ᠯᠦᠩ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠠᠶᠢᠩᠭᠤ ᠶᠢᠨ ᠬᠤᠷᠢᠶᠠᠨ ᠤ 172 ᠳ᠋ᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ︽ᠰᠤᠷᠤᠯᠴᠠᠯᠭ᠎ᠠ ᠪᠠᠷ ᠰᠤᠷᠳᠠᠯ ᠢᠶᠠᠨ ᠲᠦᠪ ᠪᠤᠯᠭᠠᠬᠤ︾ ᠴᠢᠬᠤᠯᠠ ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠵᠤ᠂ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠶᠢ ᠶᠡᠷᠦᠩᠬᠡᠶ ᠱᠦᠵᠢ ᠶᠢᠨ ᠨᠠᠶᠢᠳᠠᠯᠭ᠎ᠠ ᠶᠢ ᠲᠤᠭᠤᠰᠢᠯᠠᠭᠤᠯᠤᠨ‌ᠨᠠᠶᠢᠳᠠᠪᠤᠷᠢᠵᠢᠭᠤᠯᠬᠤ ᠴᠢᠬᠤᠯᠠ ᠭᠠᠷᠳᠠᠴᠠ ᠪᠣᠯᠭᠠᠵᠤ᠂ ᠮᠠᠨ ᠤ ᠬᠤᠰᠢᠭᠤᠨ ᠤ ᠡᠨᠧᠷᠭᠢ ᠶᠢᠨ ᠡᠬᠢ ᠪᠠᠶᠠᠯᠢᠭ᠂ ᠨᠡᠭᠦᠷᠡᠰᠦᠲᠥ᠋ᠷᠥᠭᠴᠢ ᠦᠬᠡᠢ  ᠬᠦᠷᠢᠶᠡᠯᠡᠩ ᠲᠣᠭᠤᠷᠢᠭ᠂ ᠮᠠᠨᠳᠤᠯ ᠪᠣᠭᠤᠮᠲᠠ ᠵᠡᠷᠭᠡ ᠤᠨᠴᠠᠯᠢᠭᠳᠤ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠪᠣᠭᠤᠮᠲᠠ ᠶᠢᠨ ᠪᠥᠲᠥᠭᠡᠨ ᠪᠠᠶᠢᠭᠤᠯᠤᠯᠲᠠ᠂ ᠠᠵᠤ ᠦᠢᠯᠡᠰ ᠤᠨ ᠬᠥᠭᠵᠢᠯᠲᠡ᠂ ᠠᠮᠢ ᠠᠬᠤᠶ ᠶᠢᠨ ᠰᠡᠷᠭᠦᠭᠡᠯᠲᠡ ᠵᠡᠷᠭᠡ ᠲᠠᠯ᠎ᠠ ᠪᠠᠷ ᠲᠥᠪᠯᠡᠷᠡᠭᠦᠯᠦᠨ ᠬᠦᠴᠦᠯᠡᠵᠦ᠂ ︽ᠰᠢᠢᠳᠪᠦᠷᠢᠯᠡᠭᠳᠡᠬᠦᠢ ᠰᠡᠳᠬᠢᠬᠦᠢ︾  ᠪᠠᠷ ᠠᠵᠢᠯ ᠢᠶᠠᠨ ᠠᠬᠢᠭᠤᠯᠵᠤ᠂ ︽ᠲᠠᠪᠤᠨ ᠶᠡᠭᠡ ᠡᠭᠦᠷᠭᠡ︾ ᠶᠢ ᠦᠨᠡᠨ ᠬᠦ ᠪᠣᠳᠠᠲᠠᠶ ᠳᠤ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ  ᠴᠤᠭᠴᠠᠯᠠᠬᠤ ᠭᠤᠣᠯ ᠱᠤᠭᠤᠮ ᠤᠨ ᠴᠢᠬᠤᠯᠠ ᠱᠠᠭᠠᠷᠳᠠᠯᠭ᠎ᠠ ᠶᠢ ᠭᠦᠨᠵᠡᠭᠡᠢ ᠤᠢᠢᠯᠠᠭᠠᠨ ᠡᠵᠡᠮᠰᠢᠵᠦ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠦᠨᠳᠦᠰᠦᠲᠡᠨ ᠤ ᠪᠦᠯᠬᠦᠮᠳᠡᠯ ᠤᠨ ᠲᠡᠦᠬᠡ ᠰᠣᠶᠣᠯ ᠤᠨ ᠡᠬᠢ ᠪᠠᠶᠠᠯᠢᠭ ᠢ ᠭᠦᠨᠵᠡᠭᠡᠢ ᠠᠭᠤᠳᠠᠯᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠲᠠᠯ᠎ᠠ ᠪᠠᠷ ᠲᠠᠷᠬᠠᠨ ᠮᠤᠤᠮᠢᠩᠭᠠᠨ ᠤ ᠵᠢᠳᠬᠦᠯ ᠴᠢᠷᠮᠠᠶᠢᠯᠭ᠎ᠠ ᠶᠢ ᠢᠯᠡᠷᠡᠭᠦᠯᠬᠦ ᠬᠡᠷᠡᠭᠲᠡᠢ᠃ ᠨᠠᠮ ᠢ ᠴᠢᠩᠭ᠎ᠠ ᠬᠠᠮᠢᠶᠠᠷᠴᠤ ᠴᠢᠩᠭ᠎ᠠ ᠵᠠᠰᠠᠬᠤ ᠡᠯ᠎ᠡ ᠵᠦᠢᠯ ᠤᠨ ᠠᠵᠢᠯ ᠢ ᠪᠦᠬᠦ ᠲᠠᠯ᠎ᠠ ᠪᠠᠷ ᠰᠠᠶᠢᠲᠤᠷ ᠠᠳᠬᠤᠵᠤ᠂ ᠰᠠᠬᠢᠯᠭ᠎ᠠ ᠪᠠᠲᠤ ᠶᠣᠰᠣ ᠲᠦᠷᠢᠮ ᠢ ᠴᠢᠩᠭ᠎ᠠ ᠰᠠᠬᠢᠵᠤ᠂ ︽ᠲᠦᠷᠪᠡᠨ ᠰᠤᠷᠲᠠᠯ︾ ᠢᠯᠠᠩᠭᠤᠶ᠎ᠠ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠵᠠᠯᠠᠷᠠᠭᠤᠯᠤᠨ ᠵᠠᠰᠠᠵᠤ᠂ ᠤᠯᠤᠰ ᠲᠦᠷᠦ ᠶᠢᠨ ᠠᠮᠢ ᠠᠬᠤᠢ ᠶᠢ ᠦᠷᠭᠦᠯᠵᠢᠯᠡᠨ ᠴᠡᠪᠡᠷᠰᠢᠭᠦᠯᠵᠦ᠂ ᠲᠠᠰᠤᠷᠠᠯᠳᠠ ᠦᠭᠡᠢ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠢ᠃      ᠬᠤᠷᠠᠯ ᠠᠴᠠ 6 ᠰᠠᠷ᠎ᠠ ᠶᠢᠨ 22 ᠤᠨ ᠡᠳᠦᠷ  ᠤᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠬᠥᠮᠦᠵᠢᠯ ᠤᠨ ᠲᠥᠪ ᠤᠨ ᠶᠢᠰᠦᠳᠦᠭᠡᠷ ᠵᠢᠭᠠᠨ ᠵᠢᠯᠣᠭᠤᠳᠬᠤ ᠳᠤᠭᠤᠶᠢᠯᠠᠩ ᠥᠪᠥᠷ ᠮᠣᠩᠭᠤᠯ ᠤᠨ ᠠᠭᠤᠯᠵᠠᠯᠲᠠ ᠶᠢᠨ ᠬᠤᠷᠠᠯ ᠤᠨ ᠵᠣᠷᠢᠭ ᠰᠠᠨᠠᠭ᠎ᠠ᠂ 6 ᠰᠠᠷ᠎ᠠ ᠶᠢᠨ 22 ᠤᠨ ᠡᠳᠦᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠵᠣᠷᠢᠭ ᠰᠠᠨᠠᠭ᠎ᠠ᠂ ︽ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠤᠰᠬᠠᠶ ᠠᠩᠭᠢ ᠶᠢᠨ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠲᠠᠯ᠎ᠠ ᠪᠠᠷ ᠬᠢ ᠲᠣᠪᠤᠶᠢᠮ᠎ᠠ ᠠᠰᠠᠭᠤᠳᠠᠯ ᠤᠨ ᠲᠤᠬᠠᠶ ᠵᠠᠳᠠᠯᠤᠯᠲᠠ ᠶᠢᠨ ᠮᠡᠳᠡᠭᠦᠯᠦᠯᠲᠡ︾ ᠶᠢ ᠤᠯᠠᠮᠵᠢᠯᠠᠨ ᠰᠤᠷᠤᠯᠴᠠᠵᠤ᠂ ᠡᠭᠦᠨ ᠤ ᠬᠠᠮᠲᠤ ᠸᠧᠶ ᠱᠤᠸᠠᠨ ᠱᠢ ᠵᠡᠷᠭᠡ ᠬᠥᠮᠦᠰ ᠤᠨ ᠲᠣᠭᠲᠠᠭᠠᠯ ᠢ ᠵᠥᠷᠢᠴᠡᠨ ᠢᠳᠡᠵᠦ ᠤᠤᠭᠤᠭᠰᠠᠨ᠂ ᠲᠥᠪ ᠤᠨ ᠨᠠᠢᠮᠠᠨ ᠲᠣᠭᠲᠠᠭᠠᠯ ᠤᠨ ᠵᠣᠷᠢᠭ  ᠰᠠᠨᠠᠭ᠎ᠠ  ᠶᠢ ᠬᠦᠨᠳᠦ ᠨᠤᠴᠢᠳᠠᠢ ᠵᠦᠷᠢᠴᠡᠭᠰᠡᠨ ᠠᠰᠠᠭᠤᠳᠠᠯ ᠪᠠ ︽ᠨᠠᠮ ᠤᠨ ᠭᠡᠰᠢᠭᠦᠨ ᠪᠠ ᠠᠯᠪᠠᠨ ᠲᠤᠰᠢᠶᠠᠯᠲᠠᠨ ᠤ ᠠᠷᠢᠬᠢ ᠤᠤᠭᠤᠵᠤ ᠰᠣᠭᠲᠣᠭᠤ ᠪᠠᠷ ᠲᠡᠷᠭᠡ  ᠵᠢᠯᠤᠭᠤᠳᠤᠭᠰᠠᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠲᠤᠬᠠᠢ ᠬᠤᠳᠠ ᠶᠢᠨ ᠨᠠᠮ ᠤᠨ ᠬᠤᠷᠢᠶᠠᠨ ᠤ ᠰᠤᠷᠤᠯᠴᠠᠯᠭ᠎ᠠ ᠬᠦᠮᠦᠵᠢᠯ ᠤᠨ ᠠᠵᠢᠯ ᠤᠨ ᠲᠤᠰᠬᠠᠢ ᠠᠩᠭᠢ ᠶᠢᠨ ᠮᠡᠳᠡᠭᠳᠡᠯ︾  ᠤᠨ ᠵᠣᠷᠢᠭ ᠰᠠᠨᠠᠭ᠎ᠠ ᠶᠢ ᠵᠠᠷᠯᠠᠨ ᠮᠡᠳᠡᠭᠳᠡᠵᠦ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠰᠢ ᠶᠢᠨ ᠫᠢᠩ ᠶᠡᠷᠦᠩᠬᠡᠶ ᠱᠦᠵᠢ ᠶᠢᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ᠂ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠬᠠᠮᠢᠶ᠎ᠠ ᠪᠥᠬᠦᠶ ᠠᠵᠢᠯ ᠤᠨ ᠱᠠᠭᠠᠷᠳᠠᠯᠭ᠎ᠠ ᠶᠢ ᠬᠢᠨᠠᠮᠠᠭᠠᠶ ᠰᠠᠶᠢᠲᠤᠷ ᠨᠠᠶᠢᠳᠠᠪᠤᠷᠢᠵᠢᠭᠤᠯᠤᠨ᠂ ᠰᠤᠷᠤᠯᠴᠠᠯᠭ᠎ᠠ ᠬᠦᠮᠦᠵᠢᠯ ᠢ ᠦᠨᠡᠨᠬᠦ ᠰᠠᠶᠢᠳᠤᠷ ᠦᠷᠨᠢᠬᠦᠯᠵᠦ᠂ ᠲᠣᠭᠲᠠᠭᠠᠯ ᠢ ᠵᠥᠷᠢᠴᠡᠨ ᠢᠳᠡᠵᠦ ᠤᠤᠭᠤᠬᠤ᠂ ᠨᠠᠮ ᠤᠨ ᠭᠡᠰᠢᠭᠦᠨ ᠪᠠ ᠠᠯᠪᠠᠨ ᠲᠤᠰᠢᠶᠠᠯᠲᠠᠨ ᠤ ᠠᠷᠢᠬᠢ ᠤᠤᠭᠤᠵᠤ ᠰᠣᠭᠲᠣᠭᠤ ᠪᠠᠷ ᠲᠡᠷᠭᠡ ᠵᠢᠯᠣᠭᠤᠳᠬᠤ ᠵᠡᠷᠭᠡ ᠲᠣᠪᠤᠶᠢᠮ᠎ᠠ ᠠᠰᠠᠭᠤᠳᠠᠯ ᠢ ᠴᠢᠩᠭ᠎ᠠ ᠴᠡᠭᠴᠡᠯᠡᠨ ᠵᠠᠰᠠᠵᠤ᠂  ᠪᠤᠭᠤᠮᠳᠠ ᠲᠠᠪᠠᠭ᠋ᠤ ᠦᠵᠡᠯ ᠰᠠᠨᠠᠭ᠎ᠠ᠂ ︽  ᠲᠦᠷ ᠵᠠᠭᠤᠷ᠎ᠠ ᠶᠢᠨ ᠰᠠᠯᠬᠢ︾ ᠶᠢᠨ ᠦᠵᠡᠯ ᠰᠠᠨᠠᠭ᠎ᠠ ᠶᠢ ᠡᠷᠡᠰ ᠬᠤᠷᠢᠭᠯᠠᠵᠤ᠂ ᠰᠤᠷᠲᠠᠯ ᠤᠨ ᠪᠠᠶᠢᠭᠤᠯᠤᠯᠲᠠ ᠶᠢᠨ ᠪᠣᠳᠠᠲᠤ ᠦᠷ᠎ᠡ ᠪᠦᠲᠦᠮᠵᠢ ᠪᠠᠷ ︽ᠬᠤᠶᠠᠷ ᠢ ᠲᠣᠭᠲᠠᠭᠠᠬᠤ︾ ᠶᠢ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ ᠵᠢᠭᠠᠨ ᠵᠢᠯᠣᠭᠤᠳᠴᠤ ᠬᠢᠨᠠᠨ ᠵᠢᠯᠣᠭᠤᠳᠬᠤ ᠬᠦᠴᠦᠨ ᠢ ᠰᠠᠶᠢᠲᠤᠷ ᠬᠡᠷᠡᠭᠯᠡᠨ ᠳᠤᠲᠠᠭᠤᠳᠠᠯ ᠢᠶᠠᠨ ᠨᠥᠬᠦᠪᠥᠷᠢᠯᠡᠵᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ ᠬᠢᠨᠠᠨ ᠵᠢᠯᠣᠭᠤᠳᠴᠤ ᠢᠯᠡᠷᠡᠭᠦᠯᠦᠭᠰᠡᠨ ᠠᠰᠠᠭᠤᠳᠠᠯ ᠲᠠᠢ ᠬᠠᠷᠭᠤᠭᠤᠯᠵᠤ᠂ ᠴᠡᠭᠴᠡᠯᠡᠨ ᠰᠠᠶᠢᠵᠢᠷᠠᠭᠤᠯᠬᠤ ᠶᠢ ᠪᠦᠬᠦ ᠲᠠᠯ᠎ᠠ ᠪᠠᠷ ᠰᠠᠶᠢᠲᠤᠷ ᠠᠳᠬᠤᠵᠤ᠂ ᠰᠤᠷᠤᠯᠴᠠᠯᠭ᠎ᠠ ᠰᠤᠳᠤᠯᠤᠨ ᠶᠠᠷᠢᠯᠴᠠᠬᠤ ᠶᠢ ᠭᠦᠨᠴᠡ ᠲᠠᠢ ᠪᠠᠶᠢᠯᠭᠠᠬᠤ᠂ ᠠᠰᠠᠭᠤᠳᠠᠯ ᠢ ᠪᠠᠶᠢᠴᠠᠭᠠᠨ ᠳᠡᠯᠭᠡᠬᠦ ᠨᠢ ᠣᠨᠣᠪᠴᠢᠲᠠᠢ ᠪᠠᠶᠢᠬᠤ᠂ ᠰᠤᠷᠲᠠᠯ ᠤᠨ ᠬᠤᠪᠢᠷᠠᠯᠲᠠ ᠨᠢ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠠᠰᠤ ᠴᠢᠨᠠᠷ ᠦᠷ᠎ᠡ ᠪᠦᠲᠦᠮᠵᠢ ᠪᠠᠷ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠬᠡᠷᠡᠭ ᠢᠶᠠᠷ ᠲᠤᠯᠢ ᠪᠣᠯᠭᠠᠵᠤ᠂ ᠨᠠᠮ ᠤᠨ ᠭᠡᠰᠢᠭᠦᠨ᠂ ᠺᠠᠳ᠋ᠷᠴᠤᠳ ᠢ ᠬᠦᠳᠦᠯᠦᠨ ᠵᠢᠯᠣᠭᠤᠳᠴᠤ ᠪᠠᠶᠢᠭᠠᠳ ᠭᠦᠨᠵᠡᠭᠡᠢ ᠪᠠᠶᠢᠴᠠᠭᠠᠨ ᠲᠤᠩᠭᠠᠨ ᠪᠣᠳᠣᠯᠬᠢᠯᠠᠵᠤ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠪᠠ ᠠᠷᠢᠬᠢ ᠤᠤᠭᠤᠵᠤ ᠰᠣᠭᠲᠣᠭᠤ ᠪᠠᠷ ᠲᠡᠷᠭᠡ ᠵᠢᠯᠣᠭᠤᠳᠬᠤ ᠠᠰᠠᠭᠤᠳᠠᠯ ᠤᠨ ᠮᠥᠨ ᠴᠢᠨᠠᠷ ᠪᠣᠯᠤᠨ ᠬᠤᠣᠷ ᠬᠥᠨᠥᠭᠡᠯ ᠢ ᠲᠣᠳᠣᠷᠬᠠᠢ ᠲᠠᠨᠢᠵᠤ᠂ ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ ᠱᠠᠭᠠᠷᠳᠠᠯᠭ᠎ᠠ ᠪᠠᠷ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠪᠤᠢ ᠪᠣᠯᠭᠠᠬᠤ ᠬᠡᠷᠡᠭᠲᠡᠢ᠃      ᠬᠤᠷᠠᠯ ᠠᠴᠠ ᠳᠥᠷᠪᠡᠳᠦᠭᠡᠷ ᠬᠤᠭᠤᠴᠠᠭᠠᠨ ᠤ ︽ᠪᠤᠭᠤᠲᠤ ᠶᠢᠨ ᠰᠢᠨ᠎ᠡ ᠶᠢ ᠡᠭᠦᠳᠬᠦ ᠬᠥᠭᠵᠢᠯᠲᠡ ᠶᠢᠨ ᠱᠠᠩᠨᠠᠯ︾ ᠢ ᠰᠢᠯᠭᠠᠷᠠᠭᠤᠯᠬᠤ ᠠᠵᠢᠯᠯᠠᠭ᠎ᠠ ᠶᠢᠨ ᠲᠠᠨᠢᠯᠴᠠᠭᠤᠯᠬᠤ ᠨᠡᠷᠡᠰ᠂ ︽ᠬᠤᠰᠢᠭᠤᠨ ᠤ ᠨᠠᠮ ᠤᠨ ᠬᠤᠷᠢᠶ᠎ᠠ ᠪᠠ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠤ ᠠᠶᠤᠯᠭᠦᠶ ᠦᠢᠯᠡᠳᠪᠦᠷᠢᠯᠡᠯ ᠤᠨ ᠡᠭᠦᠷᠭᠡ ᠬᠠᠷᠢᠭᠤᠴᠠᠯᠭ᠎ᠠ ᠶᠢᠨ ᠨᠠᠷᠢᠨ ᠲᠠᠩᠰᠠ︾᠂ ︽ᠬᠤᠰᠢᠭᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠤ 2025 ᠣᠨ ᠤ ᠠᠶᠤᠯᠭᠦᠶ ᠦᠢᠯᠡᠳᠪᠦᠷᠢᠯᠡᠯ ᠤᠨ ᠭᠤᠤᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ︾ ᠶᠢ ᠬᠢᠨᠠᠨ ᠵᠥᠪᠯᠡᠵᠦ ᠪᠠᠲᠤᠯᠠᠪᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号