ᠲᠠᠯ᠎ᠠ ᠨᠤᠲᠤᠭ ᠤᠨ ᠦᠪᠡᠳᠡᠭᠰᠢ ᠲᠠᠶᠢᠯᠠᠯᠭ᠎ᠠ  ᠬᠦᠷᠴᠤ ᠢᠷᠡᠯ᠎ᠡ
ᠨᠡᠶᠢᠲᠡᠯᠡᠭᠰᠡᠨ ᠴᠠᠭ᠄
2025/6/26
      6 ᠰᠠᠷ᠎ᠠ ᠶᠢᠨ 28 ᠤ ᠡᠳᠦᠷ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠲᠠᠨ ᠢ ᠨᠢᠭᠡ ᠤᠳᠠᠭᠠᠨ ᠤ ᠬᠠᠯᠠᠭᠤᠨ‌‍ᠰᠡᠳᠬᠢᠯᠭᠡ ᠬᠢᠭᠡᠳ ᠷᠣᠮᠠᠨᠲ᠋ᠢᠭ ᠰᠤᠯᠪᠢᠴᠠᠭᠰᠠᠨ  ᠨᠠᠷᠬᠢᠶᠠᠨ ᠳᠤ ᠤᠷᠢᠵᠤ ᠪᠠᠶᠢᠨ᠎ᠠ        ᠬᠠᠶᠢᠷᠠᠲᠣ ᠨᠠᠶᠢᠵᠠ ᠨᠠᠷ ᠡ᠂ ᠪᠠᠶᠠᠷᠲᠣ ᠴᠢᠮᠡᠭᠡ  ᠶᠢ ᠤᠯᠠᠮᠵᠢᠯᠠᠨ ᠲᠠᠮᠵᠢᠭᠤᠯᠤᠭᠠᠷᠠᠢ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠢᠷᠠᠭᠤ ᠠᠯᠳᠠᠷ ᠲᠠᠢ ᠪᠠᠷ ᠥᠪᠥᠷ ᠮᠣᠩᠭᠤᠯ ᠤᠨ ᠠᠩᠬᠠᠳᠠᠭᠴᠢ ᠪᠦᠯᠦᠭ ︽ᠵᠢᠭᠤᠯᠴᠢᠯᠠᠯ ᠤᠨ ᠨᠡᠷᠡᠲᠦ ᠰᠢᠶᠠᠨ︾ ᠢᠶᠠᠷ ᠰᠣᠩᠭᠤᠭᠳᠠᠵᠤ᠂  ᠠᠳᠡ ᠰᠦᠷᠯᠢᠭ ᠰᠠᠶᠢᠬᠠᠨ ᠲᠠᠯ᠎ᠠ ᠨᠤᠲᠤᠭ ᠤᠨ ᠥᠩᠭᠡ ᠦᠵᠡᠮᠵᠢ ᠪᠠᠶᠢᠬᠤ ᠪᠠᠷ ᠪᠠᠷᠠᠬᠤ ᠦᠭᠡᠢ᠂ ᠪᠠᠰᠠ ᠮᠠᠰᠢ ᠤᠯᠠᠨ ᠭᠤᠶᠢᠳᠠ ᠰᠠᠶᠢᠬᠠᠨ ᠨᠠᠭᠠᠳᠤᠮ ᠤᠨ ᠠᠵᠢᠯᠯᠠᠭ᠎ᠠ ᠲᠠᠨ ᠢ ᠬᠦᠯᠢᠶᠡᠵᠦ ᠪᠠᠶᠢᠨ᠎ᠠ᠃ ᠡᠨᠡ ᠵᠢᠯ᠂  ᠤᠯᠠᠨ ᠤᠳᠠᠭᠠᠨ ᠤ ᠣᠷᠭᠢᠯᠤᠮ᠎ᠠ ᠬᠠᠯᠠᠭᠤᠨ ᠬᠠᠶᠢᠷ᠎ᠠ ᠰᠡᠳᠬᠢᠯᠭᠡ ᠪᠠᠷ ᠪᠢᠯᠬᠠᠭᠰᠠᠨ ︽  ᠭᠠᠴᠠᠭᠠᠨ ᠤ ᠰᠢᠭᠰᠢᠶ᠎ᠡ︾ ᠮᠤᠷᠢᠨ ᠤᠷᠤᠯᠳᠤᠭᠠᠨ ᠤ ᠠᠵᠢᠯᠯᠠᠭ᠎ᠠ ᠡᠭᠡᠯᠵᠢᠯᠡᠨ ᠶᠠᠪᠤᠭᠳᠠᠵᠤ᠂ ᠲᠤᠭ᠎ᠠ ᠲᠣᠮᠰᠢ ᠦᠭᠡᠢ ᠬᠥᠮᠦᠰ ᠤᠨ  ᠤᠷᠮ᠎ᠠ ᠵᠤᠷᠢᠭ ᠢ ᠬᠥᠭᠵᠢᠭᠡᠪᠡ᠃ 6 ᠰᠠᠷ᠎ᠠ ᠶᠢᠨ 28 ᠤ ᠡᠳᠦᠷ᠂ ᠪᠢᠳᠡ ᠪᠠᠰᠠ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ  ︽  ᠭᠠᠴᠠᠭᠠᠨ ᠤ ᠰᠢᠭᠰᠢᠶ᠎ᠡ︾ ᠮᠤᠷᠢᠨ ᠤᠷᠤᠯᠳᠤᠭᠠᠨ ᠤ  7 ᠳ᠋ᠤᠭᠠᠷ ᠲᠠᠯᠠᠪᠤᠷ ︵ᠪᠠᠶ᠋ᠬᠠᠤᠪᠤᠭ᠎ᠠ ᠰᠤᠮᠤ ᠶᠢᠨ ᠭᠤᠤᠯ ᠲᠠᠯᠠᠪᠤᠷ︶ ᠢ ᠤᠭᠲᠤᠬᠤ ᠪᠣᠯᠤᠨ᠎ᠠ᠂  ᠨᠠᠶᠢᠷ ᠨᠠᠭᠠᠳᠤᠮ ᠢ ᠤᠯᠠᠮ ᠭᠤᠶᠢᠳᠠ ᠰᠠᠶᠢᠬᠠᠨ ᠪᠤᠯᠭᠠᠵᠤ᠂  ᠪᠠᠶᠠᠷ ᠲᠡᠭᠡᠷ᠎ᠡ ᠪᠠᠶᠠᠷ ᠨᠡᠮᠡᠵᠦ᠂ ᠲᠠᠨ ᠤ ᠣᠷᠣᠯᠴᠠᠬᠤ ᠶᠢ ᠬᠦᠯᠢᠶᠡᠵᠦ ᠪᠠᠶᠢᠨ᠎ᠠ᠃      ᠠᠭᠳᠠ ᠬᠦᠯᠦᠭ ᠲᠠᠪᠬᠢᠯᠳᠤᠭᠰᠠᠨ ᠡᠨᠡ ᠰᠠᠶᠢᠬᠠᠨ ᠴᠠᠭ ᠮᠦᠴᠡ ᠪᠣᠯ ᠳᠠᠷᠤᠢ ᠲᠠᠯ᠎ᠠ ᠨᠤᠲᠤᠭ ᠤᠨ ᠬᠠᠮᠤᠭ ᠤᠨ ᠬᠦᠭᠵᠢᠶᠡᠨᠳᠠᠢ ᠴᠠᠭ ᠮᠥᠴᠡ ᠮᠥᠨ᠃  ᠠᠵᠢᠯᠯᠠᠭ᠎ᠠ ᠶᠢᠨ ᠲᠤᠬᠠᠢ ᠶᠢᠨ ᠡᠳᠦᠷ ᠲᠤ᠂ ᠬᠤᠷᠳᠤᠨ ᠮᠤᠷᠢᠨ ᠤ ᠤᠷᠤᠯᠳᠤᠭᠠᠨ ᠨᠠᠶᠢᠷ ᠡᠬᠢᠯᠡᠮᠡᠭᠴᠡ ᠶᠠᠪᠤᠭᠳᠠᠵᠤ᠂ ᠰᠠᠯᠬᠢ  ᠴᠠᠬᠢᠯᠭᠠᠨ ᠮᠡᠳᠦ ᠲᠦᠷᠭᠡᠨ ᠲᠠᠪᠬᠢᠬᠤ ᠨᠢ ᠲᠠᠯ᠎ᠠ ᠨᠤᠲᠤᠭ ᠤᠨ ᠬᠥᠪᠡᠭᠦᠳ ᠥᠬᠢᠳ ᠤᠨ ᠣᠮᠤᠭ ᠵᠣᠷᠢᠭ ᠪᠠ ᠣᠷᠭᠢᠯᠤᠮ᠎ᠠ ᠰᠡᠳᠬᠢᠯᠭᠡ ᠶᠢ ᠭᠦᠢᠴᠡᠳ ᠢᠯᠡᠷᠡᠬᠦᠯᠬᠦ ᠪᠤᠯᠤᠨ᠎ᠠ᠃ ᠵᠢᠷᠤᠭ᠎ᠠ ᠮᠣᠷᠢᠨ ᠤ ᠤᠷᠤᠯᠳᠤᠭᠠᠨ ᠢ  ᠴᠤ ᠠᠯᠳᠠᠵᠤ ᠪᠣᠯᠬᠤ ᠦᠭᠡᠢ᠂  ᠤᠨᠤᠭᠠᠴᠢᠳ ᠰᠡᠳᠬᠢᠯ ᠨᠢᠭᠡᠳᠦᠨ ᠬᠠᠮᠵᠢᠯᠴᠠᠵᠤ᠂ ᠥᠪᠡᠷᠮᠢᠴᠡ ᠣᠨᠴᠠᠯᠢᠭ ᠲᠠᠢ ︽ᠢᠷᠠᠭᠤ ᠰᠠᠶᠢᠬᠠᠨ ᠤᠷᠤᠯᠳᠤᠭᠠᠨ︾  ᠢ  ᠲᠠᠨ ᠳᠤ ᠦᠵᠡᠬᠦᠯᠬᠦ ᠪᠤᠯᠤᠨ᠎ᠠ᠃      ᠨᠡᠩ ᠮᠣᠷᠢᠨ ᠮᠡᠷᠭᠡᠵᠢᠯ ᠤᠨ ᠲᠣᠭᠯᠠᠯᠲᠠ ᠨᠢ ᠬᠥᠮᠦᠰ ᠢ  ᠭᠠᠶᠢᠬᠠᠭᠤᠯᠤᠮ᠎ᠠ ᠃ ᠭᠤᠶᠢᠳᠠ ᠰᠠᠶᠢᠬᠠᠨ ᠤᠷ᠎ᠠ ᠮᠡᠷᠭᠡᠵᠢᠯ ᠲᠠᠢ ᠮᠣᠷᠢᠲᠤ ᠴᠡᠷᠢᠭ  ᠮᠡᠳᠦ  ᠲᠤᠭᠯᠠᠭᠴᠢᠳ ᠮᠣᠷᠢᠨ ᠨᠢᠷᠤᠭᠤᠨ ᠳᠡᠭᠡᠷ᠎ᠡ ᠭᠢᠯᠪᠠᠭᠠᠨ ᠮᠡᠳᠦ ᠰᠦᠯᠵᠢᠨ ᠰᠢᠯᠵᠢᠯᠳᠤᠵᠤ᠂  ᠲᠠᠪᠬᠢᠭ᠎ᠠ ᠮᠤᠷᠢᠨ ᠲᠡᠭᠡᠷ᠎ᠡ ᠠᠴᠠ ᠬᠠᠳᠠᠭ  ᠰᠢᠬᠦᠷᠴᠤ᠂ ᠴᠡᠴᠡᠭᠲᠦ ᠰᠠᠭᠰᠤ ᠲᠡᠭᠦᠵᠦ᠂ ᠠᠪᠢᠶᠠᠰ ᠴᠢᠳᠠᠪᠤᠷᠢ ᠪᠠᠨ  ᠢᠯᠡᠷᠡᠬᠦᠯᠦᠨ᠎ᠡ᠃ ᠬᠥᠮᠦᠨ ᠮᠣᠷᠢ  ᠨᠢᠭᠡ ᠴᠤᠭᠴᠠᠵᠢᠭᠰᠠᠨ ᠥᠨᠳᠥᠷ ᠬᠦᠴᠢᠷ ᠤᠨ ᠬᠥᠳᠡᠯᠦᠯ ᠨᠢ ᠬᠦᠴᠦᠨ ᠴᠢᠳᠠᠯ ᠪᠣᠯᠤᠨ ᠭᠤᠸ᠎ᠠ ᠰᠠᠢᠬᠠᠨ ᠤ ᠲᠥᠷᠥᠭᠳᠡᠯ ᠢ ᠪᠦᠷᠢᠨ ᠲᠡᠭᠦᠯᠳᠡᠷ ᠦᠵᠡᠭᠦᠯᠬᠦ  ᠪᠣᠯᠤᠨ᠎ᠠ᠃      ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠪᠠᠰᠠ ᠤᠷᠠᠨ ᠰᠠᠶᠢᠬᠠᠨ ᠤ ᠲᠣᠭᠯᠠᠯᠲᠠ ᠪᠠ ᠮᠠᠰᠢ ᠣᠯᠠᠨ ᠰᠣᠨᠢᠷᠬᠠᠯᠲᠠᠶ ᠰᠣᠶᠣᠯ ᠵᠢᠭᠤᠯᠴᠢᠯᠠᠯ ᠤᠨ ᠪᠡᠶᠡᠴᠢᠯᠡᠨ ᠣᠶᠢᠯᠠᠭᠠᠬᠤ ᠲᠥᠷᠥᠯ ᠵᠦᠢᠯ ᠪᠣᠶ᠃ ᠲᠠ ᠬᠥᠭᠡᠷᠦᠬᠦᠨ ᠲᠡᠮᠡᠭᠡᠨ ᠬᠢᠷᠭᠤᠤᠯ ᠪᠣᠯᠤᠨ ᠬᠤᠨᠢᠨ ᠲᠡᠮᠡᠭᠡ ᠲᠠᠢ ᠣᠶᠢᠷᠠᠲᠤᠵᠤ᠂ ᠪᠡᠶ᠎ᠡ ᠪᠠᠷ ᠢᠶᠠᠨ ᠲᠡᠳᠡᠨ ᠢ ᠲᠡᠵᠢᠭᠡᠵᠦ᠂  ᠡᠩᠬᠦᠷᠡᠶᠢᠯᠡᠨ ᠬᠠᠶᠢᠷᠠᠯᠠᠬᠤ ᠶᠢᠨ ᠪᠠᠶᠠᠷ ᠪᠠᠶᠠᠰᠤᠯ ᠢ ᠮᠡᠳᠡᠷᠡᠵᠦ᠂  ᠰᠠᠨᠠᠭ᠎ᠠ ᠰᠡᠳᠬᠢᠯ ᠡᠷᠡᠬᠦᠯᠵᠢᠭᠰᠡᠨ ᠴᠠᠭ ᠮᠦᠴᠡ ᠶᠢ ᠦᠩᠭᠡᠷᠡᠬᠦᠯᠬᠦ ᠪᠤᠯᠤᠨ᠎ᠠ ︔ ᠣᠷᠣᠨ ᠨᠤᠲᠤᠭ ᠤᠨ ᠤᠨᠴᠠᠯᠢᠬᠳᠤ ᠪᠦᠲᠦᠭᠡᠭᠳᠡᠬᠦᠨ ᠢᠶᠠᠨ ᠳᠡᠯᠭᠡᠨ ᠦᠵᠡᠭᠦᠯᠬᠦ ᠲᠠᠯᠠᠪᠤᠷ ᠲᠤ᠂  ᠨᠢᠳᠤᠷ ᠪᠤᠯᠢᠶᠠᠮ᠎ᠠ ᠲᠠᠯ᠎ᠠ ᠨᠤᠲᠤᠭ ᠤᠨ ᠰᠠᠶᠢᠨ ᠡᠳ᠋ ᠢ ᠰᠣᠩᠭᠤᠨ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠥᠪᠡᠷᠮᠢᠴᠡ ᠵᠠᠩ ᠦᠢᠯᠡ ᠶᠢ ᠠᠴᠢᠶᠠᠯᠠᠵᠤ᠂ ᠥᠪᠡᠷ ᠢᠶᠠᠨ ᠬᠤᠷᠢᠶᠠᠨ ᠬᠠᠳᠠᠭᠠᠯᠠᠬᠤ ᠪᠤᠶᠤ ᠲᠥᠷᠥᠯ ᠰᠠᠳᠤᠨ ᠨᠠᠶᠢᠵᠠ ᠨᠥᠬᠦᠳ ᠲᠤ ᠪᠠᠨ  ᠪᠡᠯᠡᠭ ᠬᠦᠷᠭᠡᠬᠦ  ᠶᠢᠨ ᠠᠯᠢ ᠨᠢ ᠴᠤ ᠭᠡᠰᠡᠨ ᠴᠥᠮ ᠮᠠᠰᠢ ᠰᠠᠶᠢᠨ ᠰᠣᠩᠭᠤᠯᠲᠠ ᠪᠣᠯᠤᠨ᠎ᠠ᠃      6 ᠰᠠᠷ᠎ᠠ ᠶᠢᠨ 28 ᠤ ᠡᠳᠦᠷ᠂ ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠼᠢᠷᠺ ᠤᠨ ᠤᠮᠠᠷᠠᠲᠤ ᠬᠢᠯᠢ ᠶᠢᠨ ᠠᠶᠠᠯᠠᠯ ᠤᠨ ᠠᠵᠢᠯᠯᠠᠭ᠎ᠠ ᠨᠢ ᠪᠠᠰᠠ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ ᠢᠷᠡᠵᠤ᠂ ᠪᠦᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ ᠣᠷᠦ᠋ᠢᠯᠠᠭᠰᠠᠨ ᠼᠢᠷᠺ  ᠤᠨ ᠲᠤᠭᠯᠠᠭᠴᠢᠳ ᠠᠳᠡ ᠴᠤᠭᠯᠠᠷᠠᠵᠤ᠂  ᠨᠢᠭᠡ ᠤᠳᠠᠭᠠᠨ ᠤ ᠰᠡᠳᠬᠢᠯ ᠢ ᠲᠤᠭᠳᠤᠯᠤᠭᠤᠯᠤᠮ᠎ᠠ ᠭᠠᠶᠢᠬᠠᠮᠰᠢᠭᠲᠤ ᠬᠠᠷᠠᠭᠠᠨ ᠰᠡᠷᠡᠯ ᠤᠨ ᠦᠪᠡᠳᠡᠭᠰᠢ ᠨᠠᠶᠢᠷ ᠢ ᠠᠪᠴᠢᠷᠠᠵᠤ᠂ ᠤᠷᠠᠨ ᠨᠤᠭᠤᠷᠠᠯᠳᠠ᠂ ᠶᠧᠯᠸᠢ᠂ ᠥᠨᠳᠥᠷ ᠣᠭᠲᠠᠷᠭᠤᠢ ᠶᠢᠨ ᠼᠢᠷᠺ  ᠵᠡᠷᠭᠡ ᠶᠢ ᠠᠪᠴᠢᠷᠠᠵᠤ ᠦᠭᠬᠦ ᠪᠠᠷ ᠪᠠᠶᠢᠨ᠎ᠠ᠃ ᠬᠦᠴᠢᠷ ᠲᠦᠪᠡᠭᠲᠡᠶ ᠡᠯ᠎ᠡ ᠵᠦᠢᠯ ᠤᠨ ᠲᠣᠭᠯᠠᠯᠲᠠ ᠵᠠᠯᠭᠠᠭ᠎ᠠ ᠪᠠᠷ ᠭᠠᠷᠴᠤ᠂  ᠲᠠ ᠨᠠᠷ ᠤᠨ ᠰᠡᠳᠬᠢᠯ ᠢ ᠲᠤᠭᠳᠤᠯᠤᠭᠤᠯᠵᠤ᠂ ᠰᠤᠨᠤᠷ ᠢ ᠮᠢᠯᠢᠶᠠᠨ᠎ᠠ᠃       6 ᠰᠠᠷ᠎ᠠ ᠶᠢᠨ 28 ᠤ ᠡᠳᠦᠷ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠥᠬᠡ ᠣᠭᠲᠠᠷᠭᠤᠶ ᠨᠣᠮᠢᠨ  ᠲᠠᠯ᠎ᠠ ᠶᠢᠨ ᠳᠤᠮᠳᠠ  ᠴᠤᠭᠯᠠᠷᠠᠵᠠᠭᠠᠶ᠎ᠠ︕      ᠦᠵᠡᠰᠬᠦᠯᠡᠩᠲᠦ ᠰᠠᠶᠢᠬᠠᠨ ᠦᠵᠡᠮᠵᠢ ᠶᠢ ᠬᠠᠮᠲᠤ ᠪᠠᠷ ᠰᠣᠨᠢᠷᠬᠠᠵᠤ᠂ ᠠᠮᠲᠠᠲᠤ ᠢᠳᠡᠭᠡᠨ ᠢ ᠬᠠᠮᠲᠤ ᠪᠠᠷ ᠠᠮᠲᠠᠯᠠᠵᠤ᠂ ᠬᠠᠮᠲᠤ ᠪᠠᠷ ᠪᠠᠶᠠᠷ ᠪᠠᠶᠠᠰᠬᠤᠯᠠᠩ ᠲᠠᠢ ᠪᠠᠷ ᠨᠢᠭᠡ  ᠤᠳᠠᠭᠠᠨ ᠤ ᠮᠠᠷᠲᠠᠭᠳᠠᠰᠢ ᠦᠭᠡᠢ ᠡᠷᠭᠢᠴᠡᠭᠦᠯᠦᠯ  ᠦᠯᠡᠳᠡᠭᠡᠶ᠎ᠡ︕
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号