ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠠᠪᠤᠳᠤᠭᠠᠷ ᠬᠤᠭᠤᠴᠠᠭᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠢᠯᠦᠭ ᠳᠠᠭᠤᠯᠠᠯ ᠤᠨ ᠤᠷᠤᠯᠳᠤᠭᠠᠨ ᠲᠡᠭᠦᠰ ᠠᠮᠵᠢᠯᠲᠠ ᠲᠠᠢ ᠦᠨᠳᠦᠷᠯᠡᠪᠡ
ᠨᠡᠶᠢᠲᠡᠯᠡᠭᠰᠡᠨ ᠴᠠᠭ᠄
2025/6/26
      ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠵᠠᠯᠠᠭᠤᠴᠤᠳ ᠪᠠᠭᠠᠴᠤᠳ ᠤᠨ ᠡᠷᠲᠡᠨ ᠤ ᠰᠣᠩᠭᠤᠳᠠᠭ ᠰᠢᠯᠦᠭ ᠲᠤ ᠬᠠᠶᠢᠷᠠᠲᠠᠶ ᠪᠠᠶᠢᠬᠤ ᠶᠢ ᠬᠥᠭᠵᠢᠭᠡᠬᠦ ᠶᠢᠨ ᠲᠥᠯᠥᠭᠡ᠂ 6 ᠰᠠᠷ᠎ᠠ ᠶᠢᠨ 25 ᠤ ᠡᠳᠦᠷ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠠᠴᠠ ᠭᠤᠤᠯᠯᠠᠨ ᠡᠷᠬᠢᠯᠡᠵᠦ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠳᠬ᠎ᠠ ᠤᠷᠠᠯᠢᠭ ᠤᠨ ᠡᠲᠡᠭᠡᠳ ᠤᠨ ᠬᠤᠯᠪᠣᠭᠠᠲᠤ ᠬᠤᠷᠠᠯ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠢᠨᠬᠤᠸᠠ ᠨᠣᠮ ᠤᠨ ᠳᠡᠯᠭᠡᠭᠦᠷ ᠠᠴᠠ ᠬᠠᠮᠵᠢᠨ ᠡᠷᠬᠢᠯᠡᠭᠰᠡᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠠᠪᠤᠳᠤᠭᠠᠷ ᠬᠤᠭᠤᠴᠠᠭᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠢᠯᠦᠭ ᠳᠠᠭᠤᠯᠠᠯ ᠤᠨ ᠤᠷᠤᠯᠳᠤᠭᠠᠨ ᠭᠤᠶᠢᠳᠠ ᠰᠠᠶᠢᠬᠠᠨ ᠶᠠᠪᠤᠭᠳᠠᠪᠠ᠃      ᠤᠷᠤᠯᠳᠤᠭᠠᠨ ᠤ  ᠲᠤᠬᠠᠢ ᠵᠢᠨ‌‍ᠲ᠋ᠠᠯᠠᠪᠠᠢ ᠳᠤ᠂ ᠪᠠᠲᠤᠬᠠᠭᠠᠯᠭ᠎ᠠ ᠶᠢᠨ ᠨᠢᠭᠡᠳᠦᠭᠡᠷ ᠪᠠᠭ᠎ᠠ ᠰᠤᠷᠭᠠᠭᠤᠯᠢ᠂ ᠪᠠᠲᠤᠬᠠᠭᠠᠯᠭ᠎ᠠ ᠶᠢᠨ ᠬᠤᠶᠠᠳᠤᠭᠠᠷ ᠪᠠᠭ᠎ᠠ ᠰᠤᠷᠭᠠᠭᠤᠯᠢ᠂ ᠪᠠᠲᠤᠬᠠᠭᠠᠯᠭ᠎ᠠ ᠶᠢᠨ ᠭᠤᠷᠪᠠᠳᠤᠭᠠᠷ ᠪᠠᠭ᠎ᠠ ᠰᠤᠷᠭᠠᠭᠤᠯᠢ ᠵᠢᠴᠢ  ᠰᠢᠪᠠᠷᠬᠦ᠋ᠷᠢᠶ᠎ᠡ ᠪᠠᠭ᠎ᠠ ᠰᠤᠷᠭᠠᠭᠤᠯᠢ ᠂ ᠦᠭᠡᠷᠬᠤᠳᠳᠤᠭ ᠪᠠᠭ᠎ᠠ ᠰᠤᠷᠭᠠᠭᠤᠯᠢ ᠶᠢᠨ ᠤᠷᠤᠯᠳᠤᠭᠠᠨ ᠳᠤ ᠣᠷᠣᠯᠴᠠᠭᠰᠠᠳ ᠲᠤᠰ ᠲᠤᠰ ᠤᠨ ᠴᠤᠭ ᠵᠢᠪᠬᠤᠭ᠎ᠠ ᠪᠠᠨ ᠪᠠᠳᠠᠷᠠᠭᠤᠯᠪᠠ᠃ ᠰᠢᠯᠦᠭ ᠳᠠᠭᠤᠯᠠᠯ᠂ ᠨᠡᠷᠡᠲᠦ ᠥᠭᠦᠯᠡᠪᠦᠷᠢ  ᠶᠢ ᠰᠤᠨᠢᠷᠬᠠᠨ ᠵᠠᠳᠠᠯᠬᠤ᠂ ᠠᠬᠤᠶ ᠪᠠᠶᠢᠳᠠᠯ ᠤᠨ ᠠᠰᠠᠭᠤᠯᠲᠠ ᠬᠠᠷᠢᠭᠤᠯᠲᠠ ᠵᠡᠷᠭᠡ ᠣᠯᠠᠨ ᠡᠰᠢᠲᠦ ᠰᠡᠳᠦᠪ ᠤᠨ ᠭᠡᠯᠪᠡᠷᠢ ᠶᠢᠨ ᠡᠮᠦᠨ᠎ᠡ᠂ ᠤᠷᠤᠯᠴᠠᠭᠴᠢᠳ ᠪᠠᠲᠤᠲᠠᠶ ᠰᠢᠯᠦᠭ ᠳᠠᠭᠤᠯᠠᠯ  ᠤᠨ ᠬᠤᠷᠠᠮᠳᠤᠭᠤᠯᠤᠯ ᠢᠶᠠᠷ ᠢᠶᠠᠨ ᠯᠠᠪᠳᠠᠭᠤᠨ ᠲᠣᠭᠲᠠᠭᠤᠨ ᠢᠶᠠᠷ ᠬᠠᠷᠢᠭᠤᠯᠲᠠ ᠥᠭᠪᠡ᠃ ᠯᠢ ᠪᠠᠢ ᠶᠢᠨ ︽ᠰᠠᠯᠬᠢ ᠰᠦᠷᠢᠨ ᠳᠠᠪᠠᠯᠭᠠᠨ ᠢ ᠵᠦᠰᠦᠨ ᠶᠠᠪᠤᠬᠤ ︾  ᠶᠢᠨ ᠣᠮᠤᠭ ᠲᠡᠭᠦᠯᠳᠡᠷ  ᠠᠴᠠ ᠪᠠᠨ ᠯᠢ ᠴᠢᠩ ᠵᠣᠣ  ᠶᠢᠨ ︽  ᠬᠦᠮᠦᠰᠭᠡ ᠪᠠᠨ ᠵᠠᠩᠬᠢᠳᠤᠨ ᠰᠡᠳᠬᠢᠯ  ᠵᠢᠷᠦᠬᠡᠨ ᠳᠡᠭᠡᠨ ᠤᠷᠤᠬᠤ︾  ᠭᠤᠸ᠎ᠠ ᠰᠠᠶᠢᠬᠠᠨ ᠤ ᠲᠦᠷᠦᠭᠳᠡᠯ ᠪᠤᠯᠳᠠᠯ᠎ᠠ᠂ ᠰᠤᠩᠭᠤᠳᠠᠭ ᠰᠢᠯᠦᠭ ᠲᠠᠭᠤᠯᠠᠯ ᠢ ᠪᠠᠭ᠋ᠠᠷᠬᠠᠭᠤᠯᠵᠤ᠂ ᠰᠣᠩᠭᠤᠳᠠᠭ ᠰᠢᠯᠦᠭ ᠳᠠᠭᠤᠯᠠᠯ ᠤᠨ ᠠᠭᠤᠯᠬᠤᠨ ᠢ ᠲᠠᠶᠢᠯᠪᠤᠷᠢᠯᠠᠬᠤ ᠭᠤᠭᠴᠤᠭ᠎ᠠ ᠳᠤ᠂ ᠤᠷᠤᠯᠴᠠᠭᠴᠢᠳ ᠨᠡᠩ ᠴᠤ ᠥᠪᠡᠷᠮᠢᠴᠡ ᠦᠵᠡᠯᠲᠡ ᠪᠠᠷ ᠢᠶᠠᠨ ᠭᠦᠨ ᠵᠤᠵᠠᠭᠠᠨ ᠤᠳᠬ᠎ᠠ ᠵᠣᠬᠢᠶᠠᠯ ᠤᠨ ᠪᠣᠯᠪᠠᠰᠤᠷᠠᠯ ᠢᠶᠠᠨ ᠢᠯᠡᠷᠡᠭᠦᠯᠵᠦ᠂ ᠲᠤᠬᠠᠢ ᠶᠢᠨ ᠲᠠᠯᠠᠪᠠᠢ ᠶᠢᠨ ᠰᠢᠯᠭᠠᠷᠠᠭᠤᠯᠬᠤ ᠺᠣᠮᠢᠰ ᠤᠨ ᠭᠡᠰᠢᠭᠦᠨ ᠪᠣᠯᠤᠨ ᠦᠵᠡᠭᠴᠢᠳ ᠤᠨ ᠬᠠᠯᠠᠭᠤᠨ ᠠᠯᠠᠭ᠎ᠠ ᠲᠠᠰᠢᠯᠳᠠ ᠶᠢ ᠤᠯᠪᠠ᠃       ︽ᠡᠨᠡ ᠤᠳᠠᠭᠠᠨ ᠤ ᠤᠷᠤᠯᠳᠤᠭᠠᠨ  ᠳᠤ ᠪᠢ ᠳᠦᠭᠦᠷᠡᠩ ᠠᠮᠵᠢᠯᠲᠠ ᠣᠯᠵᠤ᠂  ᠢᠯᠠᠵᠤ ᠢᠯᠠᠭᠳᠠᠬᠤ ᠨᠢ ᠴᠡᠷᠢᠭ ᠤᠨ ᠬᠦᠮᠦᠰ ᠤᠨ ᠶᠡᠷᠦ ᠶᠢᠨ ᠭᠡᠷᠡᠭ ᠮᠦᠨ ᠭᠡᠳᠡᠭ ᠢ ᠣᠶᠢᠯᠠᠭᠠᠵᠠᠢ᠂ ᠦᠷ᠎ᠡ ᠳ᠋ᠦᠩ ᠨᠢ ᠶᠠᠮᠠᠷ ᠪᠣᠯᠤᠭᠰᠠᠨ ᠴᠤ ᠴᠥᠮ ᠰᠢᠯᠦᠭ ᠳᠠᠭᠤᠯᠠᠯ ᠢ ᠬᠠᠶᠢᠷᠠᠯᠠᠬᠤ ᠰᠡᠳᠬᠢᠯᠭᠡ ᠲᠠᠢ ᠪᠠᠶᠢᠬᠤ ᠬᠡᠷᠡᠭᠲᠡᠢ︾ ᠬᠡᠵᠦ   ᠪᠠᠳᠤᠬᠠᠭᠠᠯᠭ᠎ᠠ ᠶᠢᠨ ᠨᠢᠭᠡᠳᠦᠭᠡᠷ ᠪᠠᠭ᠎ᠠ ᠰᠤᠷᠭᠠᠭᠤᠯᠢ ᠶᠢᠨ  ᠤᠷᠤᠯᠴᠠᠭᠴᠢ ᠯᠦ ᠢ ᠤᠷᠤᠯᠳᠤᠭᠠᠨ ᠤ  ᠲᠠᠷᠠᠭᠠᠬᠢ ᠲᠦᠷᠦᠭᠳᠡᠯ ᠢᠶᠠᠨ ᠬᠤᠪᠢᠶᠠᠯᠴᠠᠪᠠ ᠃      ︽ᠨᠢᠭᠡ ᠰᠠᠷ᠎ᠠ ᠶᠢᠨ ᠪᠡᠯᠡᠳᠬᠡᠯ ᠢᠶᠠᠷ ᠳᠠᠮᠵᠢᠨ᠂ ᠤᠷᠤᠯᠳᠤᠭᠠᠨ ᠲᠡᠭᠦᠰ ᠠᠮᠵᠢᠯᠲᠠ ᠲᠠᠢ ᠲᠡᠭᠦᠰᠪᠡ᠃ ᠡᠨᠡ ᠪᠣᠯ ᠨᠢᠭᠡ ᠤᠳᠠᠭᠠᠨ ᠤ ᠮᠡᠳᠡᠯᠭᠡ ᠶᠢᠨ  ᠬᠤᠷᠠᠮᠳᠤᠭᠤᠯᠤᠯ ᠤᠨ ᠰᠢᠯᠭᠠᠷᠠᠭᠤᠯᠤᠯᠳᠠ ᠪᠣᠯᠬᠤ ᠪᠠᠷ ᠪᠠᠷᠠᠬᠤ ᠦᠭᠡᠢ᠂ ᠨᠡᠩ  ᠴᠤ ᠳᠤᠮᠳᠠᠳᠤ ᠶᠢᠨ  ᠰᠣᠶᠢᠯᠤᠭ᠎ᠠ ᠲᠠᠭᠤᠯᠠᠯ  ᠤᠨ ᠰᠣᠶᠣᠯ ᠢ ᠤᠯᠠᠮᠵᠢᠯᠠᠨ ᠵᠠᠯᠭᠠᠮᠵᠢᠯᠠᠵᠤ᠂ ᠬᠡᠦᠬᠡᠳ  ᠪᠠᠭᠠᠴᠤᠳ ᠤᠨ ᠤᠷᠤᠯᠳᠤᠭᠠᠨ ᠳᠤ ᠪᠡᠶ᠎ᠡ ᠪᠠᠨ ᠢᠲᠡᠭᠡᠵᠦ ᠢᠯᠡᠷᠡᠬᠦᠯᠦᠭᠰᠡᠨ ᠳᠤ ᠪᠢ ᠨᠢᠭᠡᠨ ᠰᠤᠷᠭᠠᠨ ᠬᠥᠮᠦᠵᠢᠯ ᠤᠨ ᠠᠵᠢᠯᠲᠠᠨ ᠪᠣᠯᠤᠭᠰᠠᠨ ᠤ ᠬᠤᠪᠢ ᠳᠤ᠂  ᠬᠢᠵᠠᠭᠠᠷᠯᠠᠰᠢ ᠦᠭᠡᠢ ᠪᠠᠶᠠᠷᠯᠠᠵᠤ ᠪᠠᠶᠢᠨ᠎ᠠ᠃ ᠬᠤᠶᠢᠰᠢᠳᠠ ᠪᠢᠳᠡ ᠦᠷᠭᠦᠯᠵᠢᠯᠡᠨ ᠤᠷᠤᠯᠳᠤᠭᠠᠨ ᠢᠶᠠᠷ ᠰᠤᠷᠤᠯᠴᠠᠯᠭ᠎ᠠ ᠶᠢ ᠠᠬᠢᠭᠤᠯᠵᠤ᠂ ᠰᠢᠯᠦᠭ ᠳᠠᠭᠤᠯᠠᠯ ᠤᠨ ᠰᠣᠶᠣᠯ ᠢ ᠰᠤᠷᠭᠠᠭᠤᠯᠢ ᠶᠢᠨ ᠬᠦᠷᠢᠶᠡᠨ ᠤ ᠥᠨᠴᠥᠭ ᠪᠤᠯᠤᠩ ᠪᠣᠯᠭᠠᠨ ᠳᠤ ᠬᠦᠷᠭᠡᠵᠦ᠂ ᠬᠡᠤᠬᠡᠳ ᠤᠨ ᠠᠮᠢᠳᠤᠷᠠᠯ ᠳᠤ ᠣᠷᠣᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠬᠡᠤᠬᠡᠳ ᠨᠢᠭᠡᠪᠦᠷᠢ ᠶᠢᠨ ᠰᠡᠳᠬᠢᠯ ᠳᠤ ᠣᠷᠣᠭᠤᠯᠤᠨ᠎ᠠ︾  ᠭᠡᠵᠦ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠤᠷᠭᠠᠨ ᠬᠦᠮᠦᠵᠢᠯ ᠤᠨ ᠲᠣᠪᠴᠢᠶᠠᠨ ᠤ ᠰᠠᠭᠤᠷᠢ ᠰᠤᠷᠭᠠᠨ ᠬᠦᠮᠦᠵᠢᠯ ᠤᠨ ᠲᠠᠰᠤᠭ ᠤᠨ ᠳᠠᠷᠤᠭ᠎ᠠ ᠯᠢ ᠢᠦ ᠯᠢᠩ  ᠶᠠᠷᠢᠪᠠ᠃      ᠲᠣᠰ ᠤᠳᠠᠭᠠᠨ ᠤ ᠤᠷᠤᠯᠳᠤᠭᠠᠨ ᠨᠢ ᠰᠤᠷᠤᠭᠴᠢᠳ ᠤᠨ ᠤᠳᠬ᠎ᠠ ᠵᠣᠬᠢᠶᠠᠯ ᠤᠨ ᠬᠡᠪ ᠪᠣᠯᠪᠠᠰᠤᠷᠠᠯ ᠪᠠ ᠦᠭᠡ ᠬᠡᠯᠡᠨ ᠤ ᠢᠯᠡᠳᠬᠡᠬᠦ ᠴᠢᠳᠠᠪᠤᠷᠢ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ᠂ ᠨᠠᠩ ᠴᠤ ᠪᠥᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠳᠤ ᠰᠢᠯᠦᠭ ᠳᠠᠭᠤᠯᠠᠯ᠂ ᠨᠣᠮ ᠤᠩᠰᠢᠬᠤ ᠬᠠᠯᠠᠭᠤᠨ ᠥᠷᠨᠢᠯᠲᠡ ᠭᠠᠷᠭᠠᠵᠤ᠂ ᠤᠯᠠᠮᠵᠢᠯᠠᠯᠲᠤ ᠰᠣᠶᠣᠯ ᠢ ᠰᠢᠨ᠎ᠡ ᠠᠮᠢᠵᠢᠷᠠᠯ ᠤᠨ ᠬᠦᠴᠦᠨ ᠲᠠᠢ ᠪᠣᠯᠭᠠᠪᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号