6 ᠰᠠᠷ᠎ᠠ ᠶᠢᠨ 28 ᠤ ᠡᠳᠦᠷ  ᠬᠤᠶᠠᠳᠤᠭᠠᠷ ᠬᠤᠭᠤᠴᠠᠭᠠᠨ ᠤ ︽ᠳᠤᠮᠳᠠᠳᠤ ᠤᠯᠤᠰ ᠤᠨ ᠼᠢᠷᠺ ᠤᠮᠠᠷᠠᠲᠤ ᠬᠢᠯᠢ ᠶᠢᠨ ᠠᠶᠠᠯᠠᠯ︾ ᠤᠨ ᠰᠢᠷᠢᠰ ᠠᠵᠢᠯᠯᠠᠭ᠎ᠠ ᠥᠪᠥᠷ ᠮᠣᠩᠭᠤᠯ ᠤᠨ ᠠᠩᠬᠠᠳᠠᠭᠴᠢ ᠪᠦᠯᠦᠭ ︽ᠵᠢᠭᠤᠯᠴᠢᠯᠠᠯ ᠤᠨ ᠨᠡᠷᠡᠲᠦ ᠰᠢᠶᠠᠨ︾ - ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ ᠶᠠᠪᠤᠭᠳᠠᠬᠤ  ᠪᠠᠷ ᠪᠠᠶᠢᠨ᠎ᠠ
ᠨᠡᠶᠢᠲᠡᠯᠡᠭᠰᠡᠨ ᠴᠠᠭ᠄
2025/6/26
  6 ᠰᠠᠷ᠎ᠠ ᠶᠢᠨ 28 ᠤ ᠡᠳᠦᠷ᠂ ᠬᠤᠶᠠᠳᠤᠭᠠᠷ ᠬᠤᠭᠤᠴᠠᠭᠠᠨ ᠤ ︽ᠳᠤᠮᠳᠠᠳᠤ ᠤᠯᠤᠰ ᠤᠨ ᠼᠢᠷᠺ ᠤᠮᠠᠷᠠᠲᠤ ᠬᠢᠯᠢ ᠶᠢᠨ ᠠᠶᠠᠯᠠᠯ︾ ᠤᠨ ᠰᠢᠷᠢᠰ ᠠᠵᠢᠯᠯᠠᠭ᠎ᠠ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ  ᠲᠣᠭᠯᠠᠯᠲᠠ ᠭᠠᠷᠭᠠᠬᠤ ᠪᠣᠯᠤᠨ᠎ᠠ᠃   ᠲᠣᠰ ᠤᠳᠠᠭᠠᠨ ᠤ ᠠᠵᠢᠯᠯᠠᠭ᠎ᠠ ᠨᠢ ᠪᠥᠬᠦ ᠤᠯᠤᠰ ᠤᠨ ᠣᠯᠠᠨ ᠭᠠᠵᠠᠷ ᠤᠨ ᠣᠷᠦ᠋ᠢᠯᠠᠭᠰᠠᠨ ᠬᠦᠷᠢᠶᠡᠯᠡᠩ ᠪᠦᠯᠬᠦᠮ ᠵᠢᠴᠢ ᠥᠪᠥᠷ ᠮᠣᠩᠭᠤᠯ ᠤᠨ ᠣᠷᠣᠨ ᠨᠤᠲᠤᠭ ᠤᠨ ᠤᠳᠬ᠎ᠠ ᠤᠷᠠᠯᠢᠭ ᠤᠨ ᠬᠦᠴᠦᠨ ᠢ ᠨᠠᠷᠢᠨ ᠰᠣᠩᠭᠤᠵᠤ  ᠤᠯᠤᠰ ᠤᠨ ᠳᠣᠲᠣᠭᠠᠳᠤ ᠭᠠᠳᠠᠭᠠᠳᠤ ᠶᠢᠨ ᠤᠷᠤᠯᠳᠤᠭᠠᠨ ᠤ ᠲᠠᠯᠠᠪᠠᠶ ᠶᠢᠨ ᠰᠣᠳᠣᠨ ᠪᠦᠲᠦᠭᠡᠯ ᠢ ᠲᠠᠯ᠎ᠠ ᠨᠤᠲᠤᠭ ᠤᠨ ᠭᠦᠨ ᠳᠤ ᠬᠦᠷᠭᠡᠬᠦ ᠪᠠᠷ ᠪᠠᠶᠢᠨ᠎ᠠ᠃ ᠲᠤᠭᠯᠠᠯᠳᠠ ᠨᠢ ᠳᠤᠮᠳᠠᠳᠤ  ᠤᠯᠤᠰ ᠤᠨ ᠼᠢᠷᠺ ᠤᠨ ᠮᠢᠩᠭᠠᠨ ᠣᠨ ᠤ ᠷᠢᠳᠢ ᠰᠢᠳᠢ ᠶᠢ ᠤᠯᠠᠮᠵᠢᠯᠠᠨ ᠵᠠᠯᠭᠠᠮᠵᠢᠯᠠᠭᠰᠠᠨ ᠮᠥᠷᠲᠡᠭᠡᠨ ᠤᠮᠠᠷᠠᠲᠤ ᠬᠢᠯᠢ ᠶᠢᠨ ᠰᠣᠶᠣᠯ ᠤᠨ ᠦᠩ ᠰᠢᠮᠡᠯᠢᠭ ᠬᠥᠷᠥᠰᠥ  ᠳᠤ ᠪᠠᠨ ᠬᠦᠨ ᠦᠨᠳᠦᠰᠦᠯᠡᠵᠦ᠂ ︽ᠰᠣᠶᠣᠯ  ᠨᠢ ᠠᠷᠠᠳ ᠤᠨ ᠲᠥᠯᠥᠭᠡ ᠂ ᠰᠣᠶᠣᠯ ᠢᠶᠠᠷ ᠠᠷᠠᠳ ᠢ  ᠪᠠᠶᠠᠰᠬᠠᠵᠤ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ︾ ᠵᠣᠷᠢᠯᠲᠠ ᠶᠢ ᠦᠢᠯᠡᠳᠦᠯᠭᠡᠵᠢᠭᠦᠯᠬᠦ ᠠᠮᠢᠳᠤᠯᠢᠭ ᠦᠢᠯᠡᠳᠦᠯᠭᠡ ᠪᠣᠯᠤᠨ᠎ᠠ᠃   ᠲᠤᠭᠯᠠᠯᠳᠠ ᠶᠢᠨ ᠬᠠᠭᠤᠳᠠᠰᠤ  ᠡᠦ ᠴᠢᠶᠣᠤ ᠼᠢᠷᠺ ᠤᠨ ᠶᠡᠭᠡ ᠶᠢᠷᠲᠢᠨᠴᠦ   ᠼᠢᠷᠺ᠄ ︽  ᠭᠡᠩᠭᠡᠷᠭᠡ  ᠶᠢ ᠬᠢᠰᠬᠢᠬᠦ︾  ᠵᠢᠨᠠᠨ ᠬᠤᠲᠠ ᠶᠢᠨ ᠼᠢᠷᠺ ᠤᠨ ᠪᠦᠯᠬᠦᠮ  ᠼᠢᠷᠺ ︽  ᠤᠷᠠᠨ ᠨᠤᠭᠤᠷᠠᠯᠳᠠ︾  ᠾᠧᠪᠧᠢ ᠮᠤᠵᠢ ᠶᠢᠨ ᠼᠢᠷᠺᠴᠢᠳ ᠤᠨ ᠨᠡᠶᠢᠭᠡᠮᠯᠢᠭ᠂ ᠼᠠᠩᠵᠸᠤ ᠶᠢᠨ ᠼᠢᠷᠺᠴᠢᠳ ᠤᠨ ᠨᠡᠶᠢᠭᠡᠮᠯᠢᠭ   ᠼᠢᠷᠺ᠄ ︽  ᠦ᠋ ᠺᠦᠩ︾   ᠲᠢᠶᠠᠨᠵᠢᠨ ᠬᠤᠲᠠ ᠶᠢᠨ ᠼᠢᠷᠺ ᠤᠨ ᠪᠦᠯᠬᠦᠮ  ᠼᠢᠷᠺ ᠄ ︽ᠲᠠᠨ ᠽᠢ︾  ᠥᠪᠥᠷ ᠮᠣᠩᠭᠤᠯ ᠤᠨ ᠬᠠᠩᠭᠢᠨ ᠬᠤᠶᠢᠲᠤ ᠬᠤᠰᠢᠭᠤᠨ ᠤ ᠤᠯᠠᠭᠠᠨᠮᠥ᠋ᠴᠢᠷ  ᠶᠧᠯᠸᠢ᠄ ︽ᠨᠠᠷᠠᠨ ᠬᠤᠸᠠᠷ ᠤᠨ ᠤᠶᠠᠩᠭ᠎ᠠ ᠳᠠᠭᠤᠯᠠᠯ︾  ᠡᠦ ᠴᠢᠶᠣᠤ ᠼᠢᠷᠺ ᠤᠨ ᠶᠡᠭᠡ ᠶᠢᠷᠲᠢᠨᠴᠦ  ᠼᠢᠷᠺ᠄ ︽   ᠡᠮᠡᠭᠳᠠᠢ ᠶᠢᠨ ᠡᠷᠬᠢᠯᠳᠦᠭᠡ ᠳ᠋ᠠᠶᠢᠰᠺ︾   ᠵᠢᠨᠠᠨ ᠬᠤᠲᠠ ᠶᠢᠨ ᠼᠢᠷᠺ ᠤᠨ ᠪᠦᠯᠬᠦᠮ  ᠼᠢᠷᠺ᠄ ︽ᠥᠷᠥᠮ ᠤᠨ ᠰᠠᠭᠤᠯᠠᠭ᠎ᠠ︾   ᠥᠪᠥᠷ ᠮᠣᠩᠭᠤᠯ ᠤᠨ ᠬᠠᠩᠭᠢᠨ ᠬᠤᠶᠢᠲᠤ ᠬᠤᠰᠢᠭᠤᠨ ᠤ ᠤᠯᠠᠭᠠᠨᠮᠥ᠋ᠴᠢᠷ  ᠭᠤᠷ ᠦᠭᠡ᠄ ︽  ᠸᠠᠩ ᠡᠮᠡᠭᠡᠨ ᠪᠤᠷᠤᠳᠤᠬᠤᠢ ᠶᠢ ᠮᠠᠭᠳᠠᠭᠰᠠᠨ ᠨᠢ︾  ᠥᠪᠥᠷ ᠮᠣᠩᠭᠤᠯ ᠤᠨ ᠬᠠᠩᠭᠢᠨ ᠬᠤᠶᠢᠲᠤ ᠬᠤᠰᠢᠭᠤᠨ ᠤ ᠤᠯᠠᠭᠠᠨᠮᠥ᠋ᠴᠢᠷ   ᠪᠦᠵᠢᠭ᠄   ︽  ᠪᠤᠷᠤᠳᠤᠬᠤᠢ  ᠶᠢᠨ ᠬᠠᠳᠬᠤᠮᠠᠯ︾ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ  ᠲᠠᠶᠠᠩ  ᠨᠠᠶᠢᠷᠠᠯ ᠳᠠᠭᠤᠤ ᠶᠢᠨ ᠪᠦᠯᠬᠦᠮ    ᠨᠠᠶᠢᠷᠠᠯ ᠳᠠᠭᠤᠤ᠄ ︽ᠲᠠᠯ᠎ᠠ ᠨᠤᠲᠤᠭ ᠤᠨ ᠥᠷᠯᠥᠭᠡ ᠶᠢᠨ  ᠤᠶᠠᠩᠭ᠎ᠠ︾᠂ ︽ᠨᠠᠢᠮᠠᠨ  ᠰᠢᠷᠭ᠎ᠠ ᠶᠢᠨ ᠮᠠᠭᠲᠠᠭᠠᠯ︾    ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠯᠠᠭᠠᠨᠮᠦ᠋ᠴᠢᠷ    ᠬᠤᠤᠰᠯᠠᠯ ᠲᠠᠭᠤᠤ᠄ ︽  ᠬᠤᠤᠰ ᠰᠢᠷᠭ᠎ᠠ ︾    ᠲᠤᠰ ᠭᠠᠷᠠᠭ ᠤᠨ ᠵᠢᠷᠭᠤᠭᠠᠨ ᠤ ᠣᠷᠣᠢ ᠶᠢᠨ 7: 30 ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠷᠠᠯᠢᠭ ᠤᠨ ᠲᠥᠪ  ᠲᠤ ᠵᠤᠯᠭᠠᠵᠠᠭᠠᠶ᠎ᠠ   ᠦᠨᠳᠦᠰᠦᠲᠡᠨ ᠤ ᠬᠠᠶᠢᠷ᠎ᠠ ᠰᠡᠳᠬᠢᠯᠭᠡ ᠪᠠ ᠤᠷᠠᠨ ᠳᠠᠷᠬᠠᠨ ᠤ ᠰᠡᠳᠬᠢᠯ ᠢ ᠨᠢᠭᠲᠠᠷᠠᠭᠤᠯᠤᠭᠰᠠᠨ ᠠᠷᠠᠳ ᠲᠤ ᠠᠰᠢᠭ ᠬᠦᠷᠲᠡᠭᠡᠬᠦ ᠦᠪᠡᠳᠡᠭᠰᠢ ᠨᠠᠶᠢᠷ  ᠢ ᠬᠠᠮᠳᠤ ᠪᠠᠷ ᠰᠤᠨᠢᠷᠬᠠᠵᠠᠭᠠᠶ᠎ᠠ︕
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号