ᠡᠨᠡ ᠬᠦ ᠨᠥᠬᠦᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠪᠡ︕
ᠨᠡᠶᠢᠲᠡᠯᠡᠭᠰᠡᠨ ᠴᠠᠭ᠄
2025/6/27
      ᠤᠯᠤᠰ ᠤᠨ ᠡᠷᠡᠭᠦᠯ ᠬᠠᠮᠠᠬᠠᠯᠠᠯ ᠡᠷᠡᠭᠦᠯ ᠮᠡᠨᠳᠦ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ᠂ ᠤᠯᠤᠰ ᠤᠨ ᠬᠢᠲᠠᠳ ᠡᠮ ᠡᠮᠨᠡᠯᠭᠡ ᠶᠢᠨ ᠲᠣᠪᠴᠢᠶ᠎ᠠ᠂ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠬᠠᠷᠯᠠᠬᠤ ᠲᠣᠪᠴᠢᠶ᠎ᠠ ︽2025 ᠣᠨ ᠤ ᠣᠯᠠᠨ ᠨᠡᠶᠢᠲᠡ ᠶᠢᠨ ᠦᠨᠳᠦᠰᠦᠨ ᠡᠷᠡᠭᠦᠯ ᠬᠠᠮᠠᠬᠠᠯᠠᠯ ᠤᠨ ᠦᠢᠯᠡᠴᠢᠯᠡᠭᠡᠨ ᠤ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ᠢ ᠨᠡᠶᠢᠲᠡᠯᠡᠵᠦ᠂ 2025 ᠣᠨ ᠳᠤ᠂ ᠣᠯᠠᠨ ᠨᠡᠶᠢᠲᠡ ᠶᠢᠨ ᠦᠨᠳᠦᠰᠦᠨ ᠡᠷᠡᠭᠦᠯ ᠬᠠᠮᠠᠬᠠᠯᠠᠯ ᠤᠨ ᠦᠢᠯᠡᠴᠢᠯᠡᠭᠡᠨ ᠤ ᠬᠥᠮᠥᠨ ᠳᠤᠮᠳᠠᠴᠢ ᠡᠳ᠋ ᠤᠨ ᠵᠠᠰᠠᠭ ᠤᠨ ᠨᠥᠬᠦᠪᠦᠷᠢ ᠶᠢᠨ ᠪᠠᠷᠢᠮᠵᠢᠶ᠎ᠠ ᠳᠤ ᠳᠠᠬᠢᠬᠠᠳ 5 ᠲᠥᠭᠦᠷᠢᠭ ᠨᠡᠮᠡᠵᠦ᠂ 99 ᠲᠥᠭᠦᠷᠢᠭ ᠪᠣᠯᠬᠠᠪᠠ᠃      ᠰᠢᠨ᠎ᠡ ᠪᠠᠷ ᠨᠡᠮᠡᠭᠳᠡᠭᠦᠯᠦᠭᠰᠡᠨ ᠵᠠᠷᠤᠳᠠᠯ ᠢ ᠦᠢᠯᠡᠴᠢᠯᠡᠭᠡᠨ ᠤ ᠠᠭᠤᠯᠭ᠎ᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠬᠦ᠂ ᠦᠢᠯᠡᠴᠢᠯᠡᠭᠡᠨ ᠤ ᠤᠳᠠᠭ᠎ᠠ ᠲᠤᠭ᠎ᠠ ᠬᠢᠭᠡᠳ ᠳᠡᠰ ᠢ ᠳᠡᠭᠡᠭᠰᠢᠯᠡᠭᠦᠯᠬᠦ᠂ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠪᠠᠲᠤᠯᠠᠬᠤ᠂ ᠤᠯᠠᠨ ᠲᠦᠮᠡᠨ ᠤ ᠲᠥᠷᠥᠭᠳᠡᠯ ᠢ ᠨᠡᠮᠡᠭᠳᠡᠭᠦᠯᠬᠦ ᠳᠤ ᠬᠡᠷᠡᠭᠯᠡᠨ᠎ᠡ᠃ ︽ᠨᠠᠰᠤᠲᠠᠨ ᠪᠠ ᠨᠢᠯᠬ᠎ᠠ︾ ᠴᠢᠰᠤᠨ ᠳᠠᠷᠤᠯᠲᠠ ᠥᠨᠳᠥᠷ ᠡᠪᠡᠳᠴᠢᠨ᠂ 2 ᠬᠡᠯᠪᠡᠷᠢᠲᠦ ᠰᠢᠬᠢᠷ ᠰᠢᠵᠢᠩ ᠡᠪᠡᠳᠴᠢᠨ᠂ ᠤᠳᠠᠬᠠᠨ ᠴᠢᠨᠠᠷᠲᠠᠢ ᠲᠦᠭᠵᠢᠷᠡᠬᠦ ᠴᠢᠨᠠᠷᠲᠠᠢ ᠠᠭᠤᠰᠬᠢᠨ ᠡᠪᠡᠳᠴᠢᠨ ᠵᠡᠷᠭᠡ ᠤᠳᠠᠬᠠᠨ ᠴᠢᠨᠠᠷᠲᠠᠢ ᠡᠪᠡᠳᠴᠢᠲᠡᠨ ᠳᠤ ᠠᠩᠬᠠᠷᠤᠯ ᠢᠶᠠᠨ ᠲᠥᠪᠯᠡᠷᠡᠭᠦᠯᠵᠦ᠂ ︽ᠬᠡᠦᠬᠡᠳ ᠤᠨ ᠰᠠᠯᠠᠭ᠎ᠠ ᠪᠠ ᠣᠶᠤᠨ ᠮᠡᠳᠡᠷᠡᠯ ᠤᠨ ᠡᠷᠡᠭᠦᠯ ᠬᠠᠮᠠᠬᠠᠯᠠᠯ ᠤᠨ ᠦᠢᠯᠡᠴᠢᠯᠡᠭᠡᠨ ᠤ ᠣᠨ︾ ︽ᠪᠡᠶ᠎ᠡ ᠶᠢᠨ ᠬᠦᠨᠳᠦ ᠶᠢᠨ ᠬᠠᠮᠢᠶᠠᠷᠤᠯᠲᠠ ᠶᠢᠨ ᠣᠨ︾ ᠵᠡᠷᠭᠡ ᠭᠤᠣᠯᠳᠠᠯᠭ᠎ᠠ ᠲᠠᠢ ᠠᠵᠢᠯ ᠯᠤᠭ᠎ᠠ ᠤᠶᠠᠯᠳᠤᠭᠤᠯᠤᠨ᠂ ᠣᠯᠠᠨ ᠨᠡᠶᠢᠲᠡ ᠶᠢᠨ ᠦᠨᠳᠦᠰᠦᠨ ᠡᠷᠡᠭᠦᠯ ᠬᠠᠮᠠᠬᠠᠯᠠᠯ ᠤᠨ ᠦᠢᠯᠡᠴᠢᠯᠡᠭᠡᠨ ᠤ ᠬᠠᠮᠢᠶ᠎ᠠ ᠪᠦᠬᠦᠢ ᠭᠤᠣᠯᠳᠠᠯᠭ᠎ᠠ ᠪᠣᠯᠬᠤ ᠬᠥᠮᠥᠰ ᠤᠨ ᠡᠷᠡᠭᠦᠯ ᠮᠡᠨᠳᠦ ᠶᠢᠨ ᠦᠢᠯᠡᠴᠢᠯᠡᠭᠡ ᠶᠢ ᠰᠠᠶᠢᠲᠤᠷ ᠬᠢᠨ᠎ᠡ᠃  ︽ᠮᠡᠳᠡᠭᠳᠡᠯ︾ ᠳᠤ ᠲᠣᠳᠣᠷᠬᠠᠶᠢᠯᠠᠭᠰᠠᠨ ᠵᠶᠠᠷ᠂ ᠣᠯᠠᠨ ᠨᠡᠶᠢᠲᠡ ᠶᠢᠨ ᠦᠨᠳᠦᠰᠦᠨ ᠡᠷᠡᠭᠦᠯ ᠬᠠᠮᠠᠬᠠᠯᠠᠯ ᠤᠨ ᠦᠢᠯᠡᠴᠢᠯᠡᠭᠡᠨ ᠤ ᠳᠤᠮᠳᠠ ᠨᠠᠰᠤᠲᠠᠶᠢᠴᠤᠳ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠠᠭᠤᠯᠭ᠎ᠠ ᠥᠩᠭᠡᠷᠡᠭᠰᠡᠨ ᠵᠢᠯ ᠤᠳ ᠲᠠᠢ ᠬᠠᠷᠢᠴᠠᠭᠤᠯᠪᠠᠯ ᠡᠳᠦᠢ ᠲᠡᠳᠦᠢ ᠰᠢᠯᠢᠳᠡᠭᠵᠢᠪᠡ᠃   ᠨᠢᠭᠡ ᠳᠤ᠂ ᠪᠡᠶ᠎ᠡ ᠶᠢᠨ ᠪᠠᠶᠢᠴᠠᠬᠠᠯᠲᠠ ᠶᠢᠨ ᠲᠦᠷᠦᠯ ᠵᠦᠢᠯ ᠢ ᠪᠠᠶᠠᠯᠢᠭᠵᠢᠭᠤᠯᠪᠠ᠃ 2025 ᠣᠨ ᠠᠴᠠ ᠡᠬᠢᠯᠡᠨ᠂ 65 ᠨᠠᠰᠤ ᠵᠢᠴᠢ ᠲᠡᠭᠦᠨ ᠠᠴᠠ ᠳᠡᠭᠡᠭᠰᠢᠬᠢ ᠨᠠᠰᠤᠲᠠᠶᠢᠴᠤᠳ ᠤᠨ ᠡᠷᠡᠭᠦᠯ ᠮᠡᠨᠳᠦ ᠶᠢᠨ ᠰᠦᠢᠳᠬᠡᠯ ᠦᠯᠦ ᠬᠤᠷᠢᠶᠠᠬᠤ ᠪᠠᠶᠢᠴᠠᠬᠠᠯᠲᠠ ᠬᠢᠬᠦ ᠳᠤ ᠴᠡᠭᠡᠵᠢᠨ ᠬᠡᠰᠡᠭ ᠤᠨ ᠳ᠋ᠢᠭᠢᠳ᠋ᠴᠢᠯᠡᠭᠰᠡᠨ X ᠰᠠᠴᠤᠷᠠᠭ ᠤᠨ ᠬᠡᠷᠡᠯ ᠵᠢᠷᠤᠭ ︵DR︶ ᠤᠨ ᠲᠥᠪ ᠬᠡᠰᠡᠭ ᠤᠨ ᠪᠠᠶᠢᠴᠠᠬᠠᠯᠲᠠ ᠪᠠ ᠰᠢᠬᠢᠷᠵᠢᠭᠰᠡᠨ ᠴᠢᠰᠤᠨ ᠤ ᠤᠯᠠᠬᠠᠨ ᠤᠭᠤᠷᠠᠭ ᠤᠨ ᠪᠠᠶᠢᠴᠠᠬᠠᠯᠲᠠ ᠶᠢᠨ ᠠᠭᠤᠯᠭ᠎ᠠ ᠶᠢ ᠨᠡᠮᠡᠪᠡ᠃   ᠬᠤᠶᠠᠷ ᠲᠤ᠂ ᠮᠡᠳᠡᠭᠡ ᠵᠠᠩᠭᠢ ᠶᠢ ᠬᠠᠷᠢᠭᠤ ᠲᠤᠰᠬᠠᠬᠤ ᠶᠢ ᠴᠢᠩᠬᠠᠳᠬᠠᠪᠠ᠃ ᠪᠡᠶ᠎ᠡ ᠶᠢᠨ ᠪᠠᠶᠢᠴᠠᠬᠠᠯᠲᠠ ᠶᠢᠨ ᠡᠭᠦᠷᠭᠡ ᠶᠢ ᠡᠭᠦᠷᠭᠡᠯᠡᠵᠦ ᠪᠦᠬᠦᠢ ᠡᠮᠴᠢᠯᠡᠭᠡ ᠡᠷᠡᠭᠦᠯ ᠬᠠᠮᠠᠬᠠᠯᠠᠯ ᠤᠨ ᠪᠠᠶᠢᠭᠤᠯᠤᠮᠵᠢ ᠨᠤᠭᠤᠳ ᠨᠢ ᠡᠷᠡᠭᠦᠯ ᠮᠡᠨᠳᠦ  ᠶᠢᠨ ᠪᠠᠶᠢᠴᠠᠬᠠᠯᠲᠠ ᠬᠢᠭᠰᠡᠨ ᠦᠷ᠎ᠡ ᠳ᠋ᠦᠩ ᠢ ᠴᠠᠭ ᠲᠤᠬᠠᠢ ᠳᠤ ᠨᠢ ᠲᠣᠰ ᠬᠥᠮᠥᠨ ᠳᠤ ᠨᠢ ᠬᠠᠷᠢᠭᠤ ᠲᠤᠰᠬᠠᠬᠤ  ᠶᠢᠨ ᠬᠠᠮᠲᠤ ᠡᠷᠡᠭᠦᠯ ᠮᠡᠨᠳᠦ ᠶᠢᠨ ᠡᠯᠧᠺᠳ᠋ᠷᠣᠨ ᠲᠠᠩᠰᠠ ᠡᠪᠬᠡᠮᠡᠯ ᠳᠤ ᠣᠷᠣᠭᠤᠯᠵᠤ᠂ ᠬᠡᠪ ᠤᠨ ᠪᠤᠰᠤ ᠪᠠᠶᠢᠳᠠᠯ ᠢᠯᠡᠷᠡᠭᠰᠡᠳ ᠤᠨ ᠮᠡᠳᠡᠭᠡ ᠵᠠᠩᠭᠢ ᠶᠢ ᠬᠤᠯᠪᠣᠭᠳᠠᠯ ᠪᠦᠬᠦᠢ ᠲᠤᠰᠬᠠᠢ ᠡᠪᠡᠳᠴᠢᠨ ᠤ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠤᠨ ᠮᠡᠳᠡᠭᠡ ᠵᠠᠩᠭᠢ ᠶᠢᠨ ᠰᠢᠰᠲ᠋ᠧᠮ ᠳᠤ ᠴᠠᠭ ᠲᠤᠬᠠᠢ ᠳᠤ ᠨᠢ ᠬᠦᠷᠭᠡᠨ᠎ᠡ᠃   ᠭᠤᠷᠪᠠ ᠳᠤ᠂ ᠲᠥᠷᠥᠯ ᠪᠠ ᠲᠠᠰ ᠬᠤᠪᠢᠶᠠᠭᠰᠠᠨ ᠦᠢᠯᠡᠴᠢᠯᠡᠭᠡ ᠥᠷᠨᠢᠭᠦᠯᠦᠨ᠎ᠡ᠃ ᠨᠠᠰᠤᠲᠠᠶᠢᠴᠤᠳ ᠤᠨ ᠨᠠᠰᠤ ᠵᠢᠯ᠂ ᠡᠷᠡᠭᠦᠯ ᠮᠡᠨᠳᠦ ᠶᠢᠨ ᠪᠠᠶᠢᠳᠠᠯ ᠵᠡᠷᠭᠡ ᠶᠢ ᠦᠨᠳᠦᠰᠦᠯᠡᠨ ᠨᠠᠷᠢᠯᠢᠭᠵᠢᠭᠤᠯᠤᠨ ᠠᠩᠭᠢᠯᠠᠵᠤ᠂ ᠡᠷᠡᠭᠦᠯ ᠮᠡᠨᠳᠦ  ᠶᠢᠨ ᠳᠡᠰ ᠬᠤᠪᠢᠶᠠᠭᠰᠠᠨ ᠦᠢᠯᠡᠴᠢᠯᠡᠭᠡ ᠬᠠᠩᠬᠠᠵᠤ᠂ ᠡᠷᠡᠭᠦᠯ ᠮᠡᠨᠳᠦ ᠶᠢᠨ ᠲᠦᠭᠰᠢᠭᠦᠷᠢ ᠪᠠᠷ ᠨᠡᠯᠢᠶᠡᠳ ᠥᠨᠳᠥᠷ ᠨᠠᠰᠤᠲᠠᠶᠢᠴᠤᠳ ᠲᠤ ᠳᠠᠬᠠᠵᠤ ᠰᠤᠷᠪᠤᠯᠵᠢᠯᠠᠬᠤ ᠤᠳᠠᠭ᠎ᠠ ᠲᠤᠭ᠎ᠠ ᠬᠢᠭᠡᠳ ᠳᠡᠰ ᠢ ᠨᠢ ᠵᠣᠬᠢᠴᠠᠩᠭᠤᠢ ᠪᠠᠷ ᠨᠡᠮᠡᠭᠳᠡᠭᠦᠯᠦᠨ᠎ᠡ᠃   ᠤᠳᠠᠬᠠᠨ ᠴᠢᠨᠠᠷᠲᠠᠢ ᠡᠪᠡᠳᠴᠢᠲᠡᠨ ᠳᠤ ᠦᠨᠳᠦᠰᠦᠨ ᠱᠠᠲᠤᠨ ᠤ ᠦᠷᠭᠦᠯᠵᠢᠯᠡᠭᠰᠡᠨ ᠦᠢᠯᠡᠴᠢᠯᠡᠭᠡ ᠶᠢ ᠴᠢᠩᠬᠠᠳᠬᠠᠬᠤ ᠲᠠᠯ᠎ᠠ ᠪᠠᠷ᠄   ᠨᠢᠭᠡ᠂ ᠳᠡᠰ ᠬᠤᠪᠢᠶᠠᠭᠰᠠᠨ ᠦᠷᠭᠦᠯᠵᠢᠯᠡᠭᠰᠡᠨ ᠦᠢᠯᠡᠴᠢᠯᠡᠭᠡ᠃ ᠤᠳᠠᠬᠠᠨ ᠴᠢᠨᠠᠷᠲᠠᠢ ᠡᠪᠡᠳᠴᠢᠨ ᠤ ᠪᠠᠶᠢᠳᠠᠯ ᠢ ᠡᠵᠡᠮᠳᠡᠭᠰᠡᠨ ᠲᠠᠯ᠎ᠠ ᠪᠠᠷ ᠨᠠᠮᠵᠢᠭᠤᠨ ᠪᠠᠶᠢᠳᠠᠯ ᠲᠠᠢ ᠪᠠᠶᠢᠭ᠎ᠠ ᠳᠤ ᠨᠢ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠬᠠᠯᠠᠯ ᠤᠨ ᠪᠠᠶᠢᠭᠤᠯᠤᠮᠵᠢ ᠳᠤ ᠦᠢᠯᠡᠴᠢᠯᠡᠭᠡᠨ ᠤ ᠵᠢᠷᠤᠮᠵᠢᠯ ᠢ ᠦᠨᠳᠦᠰᠦᠯᠡᠨ ᠡᠷᠡᠭᠦᠯ ᠮᠡᠨᠳᠦ ᠶᠢᠨ ᠦᠢᠯᠡᠴᠢᠯᠡᠭᠡ ᠪᠠ ᠳᠠᠬᠠᠵᠤ ᠰᠤᠷᠪᠤᠯᠵᠢᠯᠠᠬᠤ ᠶᠢ ᠥᠷᠨᠢᠭᠦᠯᠦᠨ᠎ᠡ; ᠡᠵᠡᠮᠳᠡᠭᠰᠡᠨ ᠲᠠᠯ᠎ᠠ ᠪᠠᠷ ᠨᠠᠮᠵᠢᠭᠤᠨ ᠪᠤᠰᠤ ᠪᠠᠶᠢᠳᠠᠯ ᠲᠠᠢ ᠪᠠᠶᠢᠭ᠎ᠠ ᠳᠤ ᠨᠢ᠂ ᠳᠠᠬᠠᠵᠤ ᠰᠤᠷᠪᠤᠯᠵᠢᠯᠠᠬᠤ ᠤᠳᠠᠭ᠎ᠠ ᠲᠤᠭ᠎ᠠ ᠬᠢᠭᠡᠳ ᠳᠡᠰ ᠢ ᠨᠢ ᠨᠡᠮᠡᠭᠳᠡᠭᠦᠯᠵᠦ᠂ ᠡᠪᠡᠳᠴᠢᠨ ᠤ ᠪᠠᠶᠢᠳᠠᠯ ᠤᠨ ᠬᠡᠷᠡᠭᠴᠡᠭᠡ ᠶᠢ ᠦᠨᠳᠦᠰᠦᠯᠡᠨ ᠴᠠᠭ ᠲᠤᠬᠠᠢ ᠳᠤ ᠨᠢ ᠳᠡᠭᠡᠳᠦ ᠱᠠᠲᠤᠨ ᠤ ᠡᠮᠴᠢᠯᠡᠭᠡᠨ ᠤ ᠪᠠᠶᠢᠭᠤᠯᠤᠮᠵᠢ ᠳᠤ ᠰᠢᠯᠵᠢᠭᠦᠯᠦᠨ ᠡᠮᠨᠡᠭᠦᠯᠬᠦ ᠶᠢᠨ ᠬᠠᠮᠲᠤ ᠮᠥᠷᠳᠡᠬᠦ ᠪᠤᠶᠤ ᠳᠠᠬᠠᠵᠤ ᠰᠤᠷᠪᠤᠯᠵᠢᠯᠠᠨ᠎ᠠ᠃   ᠬᠤᠶᠠᠷ᠂ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠬᠠᠮᠵᠢᠯᠴᠠᠭᠰᠠᠨ ᠦᠢᠯᠡᠴᠢᠯᠡᠭᠡ᠃ ᠣᠯᠠᠨ ᠵᠦᠢᠯ ᠤᠨ ᠡᠪᠡᠳᠴᠢᠨ ᠢ ᠬᠠᠮᠲᠤ ᠪᠠᠷ ᠰᠡᠷᠭᠡᠶᠢᠯᠡᠵᠦ ᠬᠠᠮᠲᠤ ᠪᠠᠷ ᠬᠠᠮᠢᠶᠠᠷᠬᠤ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠮᠡᠳᠡᠭᠡ ᠵᠠᠩᠭᠢᠴᠢᠯᠠᠯᠲᠠ ᠶᠢᠨ ᠠᠷᠭ᠎ᠠ ᠪᠠᠷᠢᠯ ᠢ ᠦᠨᠳᠦᠰᠦᠯᠡᠨ ᠤᠳᠠᠬᠠᠨ ᠴᠢᠨᠠᠷᠲᠠᠢ ᠡᠪᠡᠳᠴᠢᠲᠡᠨ ᠤ ᠡᠷᠡᠭᠦᠯ ᠮᠡᠨᠳᠦ  ᠶᠢᠨ ᠬᠠᠮᠢᠶᠠᠷᠤᠯᠲᠠ ᠶᠢᠨ ᠬᠦᠰᠦᠨᠦᠭᠲᠦ ᠶᠢ ᠨᠡᠶᠢᠳᠬᠡᠨ᠎ᠡ᠃   ᠭᠤᠷᠪᠠ᠂ ᠡᠮᠲᠦ ᠪᠤᠰᠤ ᠨᠥᠯᠥᠭᠡᠯᠡᠯ ᠤᠨ ᠦᠢᠯᠡᠴᠢᠯᠡᠭᠡ ᠶᠢ ᠴᠢᠩᠬᠠᠳᠬᠠᠨ᠎ᠠ᠃ ᠴᠢᠰᠤᠨ ᠳᠠᠷᠤᠯᠲᠠ ᠥᠨᠳᠥᠷ᠂ 2 ᠬᠡᠯᠪᠡᠷᠢᠲᠦ ᠰᠢᠬᠢᠷ ᠰᠢᠵᠢᠩ ᠡᠪᠡᠳᠴᠢᠨ᠂ ᠴᠢᠰᠤᠨ ᠤ ᠥᠭᠡᠬᠦ ᠥᠨᠳᠥᠷᠵᠢᠭᠰᠡᠨ ᠬᠡᠮ᠂ ᠮᠠᠷᠢᠶᠠᠯᠠᠬᠤ ᠬᠡᠮ ᠢ ᠢᠳᠡᠭᠡᠨ ᠤᠮᠳᠠᠬᠠᠨ ᠵᠶᠠᠷ ᠰᠠᠶᠢᠵᠢᠷᠠᠭᠤᠯᠬᠤ ᠪᠠ ᠬᠥᠳᠡᠯᠭᠡᠭᠡᠨ ᠤ ᠦᠨᠳᠦᠰᠦᠨ ᠱᠠᠲᠤᠨ ᠳᠠᠬᠢ ᠵᠢᠯᠤᠭᠤᠳᠬᠤ ᠭᠤᠣᠯᠳᠠᠯᠭ᠎ᠠ ᠶᠢᠨ ᠬᠡᠷᠡᠭᠯᠡᠯᠲᠡ ᠶᠢ ᠠᠬᠢᠭᠤᠯᠵᠤ᠂ ᠬᠤᠲᠠ ᠬᠥᠳᠡᠭᠡ ᠶᠢᠨ ᠨᠡᠶᠢᠭᠡᠮ ᠲᠣᠭᠤᠷᠢᠭ ᠲᠤ ᠤᠳᠠᠬᠠᠨ ᠴᠢᠨᠠᠷᠲᠠᠢ ᠡᠪᠡᠳᠴᠢᠲᠡᠨ ᠳᠤ ᠥᠪᠡᠷᠮᠢᠴᠡ ᠢᠳᠡᠭᠡᠨ ᠤᠮᠳᠠᠬᠠᠨ ᠪᠠ ᠬᠥᠳᠡᠯᠭᠡᠭᠡᠨ ᠤ ᠵᠢᠯᠤᠭᠤᠳᠬᠤ ᠰᠠᠨᠠᠭᠤᠯᠭ᠎ᠠ ᠬᠠᠩᠬᠠᠨ᠎ᠠ᠃
 
ᠢᠷᠡᠯᠲᠡ᠄ ᠦᠪᠦᠷ ᠮᠤᠩᠭᠤᠯ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号