ᠰᠢ ᠶᠢᠨ ᠫᠢᠩ ᠲᠥᠪᠡᠳ ᠤᠨ ᠨᠢᠩ ᡂᠢ ᠬᠤᠳᠠ ᠶᠢᠨ ᠪᠠ ᠢ ᠲᠣᠭᠤᠷᠢᠭ ᠤᠨ ᠨᠢᠩ ᡂᠢ ᠪᠠᠯᠭᠠᠰᠤ ᠶᠢᠨ ᠭᠠᠯᠠ ᠲᠣᠰᠬᠤᠨ ᠤ ᠪᠦᠭᠦ ᠠᠷᠠᠳ ᠲᠤ ᠬᠠᠷᠢᠭᠤ ᠵᠠᠬᠢᠳᠠᠯ ᠢᠯᠡᠭᠡᠵᠦ ᠵᠣᠷᠢᠭᠵᠢᠭᠤᠯᠤᠭᠰᠠᠨ ᠨᠢ ᠦᠨᠳᠦᠰᠦᠲᠡᠨ ᠤ ᠪᠦᠯᠬᠦᠮᠳᠡᠯ ᠢ ᠦᠨᠡᠨ ᠬᠦ ᠰᠠᠶᠢᠲᠤᠷ ᠬᠠᠮᠠᠭᠠᠯᠠᠵᠤ ᠨᠠᠩ ᠵᠣᠯ ᠵᠢᠷᠭᠠᠯᠲᠤ ᠰᠠᠶᠢᠨ ᠰᠠᠶᠢᠬᠠᠨ ᠠᠮᠢᠳᠤᠷᠠᠯ ᠢ ᠴᠣᠭᠴᠠᠯᠠᠲᠤᠭᠠᠢ
ᠨᠡᠶᠢᠲᠡᠯᠡᠭᠰᠡᠨ ᠴᠠᠭ᠄
2025/6/29
ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 29 ᠤ ᠴᠠᠭᠢᠯᠭᠠᠨ ᠮᠡᠳᠡᠭᠡ ᠣᠶᠢᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠲᠥᠪᠡᠳ ᠤᠨ ᠨᠢᠩ ᡂᠢ ᠬᠤᠲᠠ ᠶᠢᠨ ᠪᠠ ᠢ ᠲᠣᠭᠤᠷᠢᠭ ᠤᠨ ᠨᠢᠩ ᡂᠢ ᠪᠠᠯᠭᠠᠰᠤ ᠶᠢᠨ ᠭᠠᠯᠠ ᠲᠣᠰᠬᠤᠨ ᠤ ᠪᠦᠭᠦ ᠠᠷᠠᠳ ᠲᠤ ᠬᠠᠷᠢᠭᠤ ᠵᠠᠬᠢᠳᠠᠯ ᠢᠯᠡᠭᠡᠵᠦ᠂ ᠲᠡᠳᠡᠨ ᠳᠤ ᠴᠢᠩ ᠰᠡᠳᠬᠢᠯ ᠤᠨ ᠬᠦᠰᠡᠯ ᠨᠠᠶᠢᠳᠠᠯᠭ᠎ᠠ ᠲᠠᠯᠪᠢᠪᠠ᠃   ᠰᠢ ᠶᠢᠨ ᠫᠢᠩ ᠬᠠᠷᠢᠭᠤ ᠵᠠᠬᠢᠳᠠᠯ ᠳᠠᠭᠠᠨ᠂ ᠢᠷᠡᠭᠦᠯᠦᠭᠰᠡᠨ ᠵᠠᠬᠢᠳᠠᠯ ᠢ ᠴᠢᠨᠢ ᠦᠵᠡᠭᠡᠳ 4 ᠵᠢᠯ ᠤᠨ ᠡᠮᠦᠨᠡᠬᠢ ᠭᠠᠯᠠ ᠲᠣᠰᠬᠤᠨ ᠳᠠᠬᠢ ᠠᠶᠠᠯᠠᠯ ᠢᠶᠠᠨ ᠪᠤᠳᠤᠵᠤ ᠣᠯᠪᠠ᠂ ᠦᠵᠡᠰᠬᠦᠯᠡᠩᠲᠦ ᠰᠠᠶᠢᠬᠠᠨ ᠴᠡᠪᠡᠷ ᠴᠡᠮᠴᠡᠭᠡᠷ ᠲᠣᠰᠬᠤᠨ᠂ ᠬᠠᠯᠠᠭᠤᠮᠰᠤᠭ ᠪᠣᠷᠣᠭᠵᠢᠭᠤᠨ ᠲᠣᠰᠬᠤᠨ ᠤ ᠠᠷᠠᠳ ᠨᠠᠳᠠ ᠳᠤ ᠭᠦᠨ ᠰᠠᠭᠤᠭᠳᠠᠯ ᠦᠯᠡᠳᠡᠭᠡᠵᠡᠢ᠃ ᠡᠨᠡ ᠬᠡᠳᠦᠨ ᠵᠢᠯ ᠲᠣᠰᠬᠤᠨ ᠳᠤ ᠪᠠᠰᠠ ᠰᠢᠨ᠎ᠡ ᠬᠤᠪᠢᠷᠠᠯᠲᠠ ᠭᠠᠷᠴᠤ᠂ ᠨᠤᠲᠤᠭ ᠤᠨ ᠠᠬ᠎ᠠ ᠳᠡᠭᠦᠦ ᠨᠠᠷ ᠤᠨ ᠣᠷᠣᠯᠭ᠎ᠠ ᠨᠡᠮᠡᠭᠳᠡᠭᠰᠡᠨ ᠢ ᠣᠯᠵᠤ ᠰᠣᠨᠣᠰᠤᠭᠠᠳ ᠲᠠ ᠨᠠᠷ ᠤᠨ ᠡᠮᠦᠨ᠎ᠡ ᠠᠴᠠ ᠪᠠᠶᠠᠷᠯᠠᠵᠤ ᠪᠠᠶᠢᠨ᠎ᠠ ᠭᠡᠵᠦ ᠬᠡᠯᠡᠪᠡ᠃   ᠰᠢ ᠶᠢᠨ ᠫᠢᠩ᠂ ᠤᠯᠠᠨ ᠢᠶᠠᠷ ᠢᠶᠠᠨ ᠵᠠᠬᠢᠳᠠᠯ ᠳᠠᠭᠠᠨ ᠳᠣᠬᠢᠭᠤᠷ ᠲᠤᠯᠤᠭᠠᠨ ᠤᠳᠤ ᠶᠢ ᠬᠠᠷᠠᠭᠠᠳ ᠶᠠᠪᠤᠪᠠᠯ ᠲᠥᠭᠡᠷᠢᠬᠦ ᠦᠭᠡᠢ᠂ ᠡᠪ ᠬᠠᠮᠲᠤ ᠨᠠᠮ ᠢ ᠲᠠᠭᠠᠭᠠᠳ ᠶᠠᠪᠤᠪᠠᠯ ᠵᠢᠷᠭᠠᠯᠲᠤ ᠠᠮᠢᠳᠤᠷᠠᠯ ᠢ ᠡᠳ᠋ᠯᠡᠵᠦ ᠴᠢᠳᠠᠨ᠎ᠠ ᠭᠡᠵᠦ ᠰᠠᠶᠢᠬᠠᠨ ᠶᠠᠷᠢᠯ᠎ᠠ᠃ ᠲᠠ ᠨᠠᠷ ᠨᠠᠮ ᠤᠨ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠰᠠᠶᠢᠨ ᠲᠥᠷᠥ ᠶᠢᠨ ᠪᠣᠳᠣᠯᠭ᠎ᠠ ᠶᠢᠨ ᠳᠠᠭᠠᠭᠤᠯᠤᠯ ᠳᠣᠣᠷ᠎ᠠ᠂ ᠦᠨᠳᠦᠰᠦᠲᠡᠨ ᠤ ᠪᠦᠯᠬᠦᠮᠳᠡᠯ ᠢ ᠦᠨᠡᠨ ᠬᠦ ᠰᠠᠶᠢᠲᠤᠷ ᠬᠠᠮᠠᠭᠠᠯᠠᠵᠤ᠂ ᠨᠠᠩ ᠵᠣᠯ ᠵᠢᠷᠭᠠᠯᠲᠤ ᠰᠠᠶᠢᠨ ᠰᠠᠶᠢᠬᠠᠨ ᠠᠮᠢᠳᠤᠷᠠᠯ ᠢ ᠴᠣᠭᠴᠠᠯᠠᠵᠤ᠂ ᠴᠠᠰᠤᠲᠤ ᠥᠨᠳᠦᠷᠯᠢᠭ ᠤᠨ ᠪᠠᠶᠢᠭᠠᠯᠢ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢ ᠰᠠᠶᠢᠲᠤᠷ ᠬᠠᠮᠠᠭᠠᠯᠠᠵᠤ᠂ ︽ᠲᠤᠭᠤᠷ ᠤᠨ ᠴᠡᠴᠡᠭ ᠤᠨ ᠲᠣᠰᠬᠤᠨ︾ ᠤ ᠲᠥᠷᠥᠯ ᠲᠡᠮᠳᠡᠭ ᠢ ᠨᠠᠩ ᠳᠠᠭᠤᠷᠢᠰᠤᠭᠤᠯᠵᠤ᠂ ᠴᠡᠴᠡᠭᠯᠡᠨ ᠬᠥᠭᠵᠢᠭᠰᠡᠨ ᠠᠮᠤᠷ ᠲᠣᠭᠲᠠᠭᠤᠨ ᠡᠬᠡ ᠤᠯᠤᠰ ᠤᠨ ᠬᠢᠯᠢ ᠬᠢᠵᠠᠭᠠᠷ ᠢ ᠪᠦᠲᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃  2021 ᠣᠨ ᠤ 7 ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠲᠥᠪᠡᠳ ᠲᠤ ᠰᠢᠨᠵᠢᠯᠡᠨ ᠪᠠᠶᠢᠴᠠᠭᠠᠬᠤ ᠳᠠᠭᠠᠨ ᠭᠠᠯᠠ ᠲᠣᠰᠬᠤᠨ ᠳᠤ ᠬᠦᠷᠴᠦ ᠲᠣᠰᠬᠤᠨ ᠤ ᠠᠷᠠᠳ ᠲᠦᠮᠡᠨ ᠢ ᠡᠷᠭᠢᠨ ᠦᠵᠡᠵᠦ ᠲᠣᠬᠤᠨᠢᠭᠤᠯᠪᠠ᠃ ᠭᠠᠯᠠ ᠲᠣᠰᠬᠤᠨ ᠬᠡᠭᠡᠷ᠎ᠡ ᠶᠢᠨ ᠲᠤᠭᠤᠷ ᠤᠨ ᠴᠡᠴᠡᠭ ᠢᠶᠠᠷ ᠠᠯᠳᠠᠷᠰᠢᠪᠠ᠃ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠶᠣᠰᠣᠭᠠᠷ᠂ ᠣᠶᠢᠷ᠎ᠠ ᠶᠢᠨ ᠵᠢᠯ ᠳᠤ ᠲᠤᠰ ᠲᠣᠰᠬᠤᠨ ᠬᠥᠳᠡᠭᠡ ᠲᠣᠰᠬᠤᠨ ᠤ ᠵᠢᠭᠤᠯᠴᠢᠯᠠᠯ ᠢ ᠬᠥᠭᠵᠢᠭᠦᠯᠬᠦ᠂ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠬᠤ᠂ ᠦᠨᠳᠦᠰᠦᠲᠡᠨ ᠤ ᠪᠦᠯᠬᠦᠮᠳᠡᠯ ᠢ ᠠᠬᠢᠭᠤᠯᠬᠤ ᠵᠡᠷᠭᠡ ᠲᠠᠯ᠎ᠠ ᠪᠠᠷ ᠰᠢᠨ᠎ᠡ ᠠᠮᠵᠢᠯᠲᠠ ᠣᠯᠵᠤ᠂ ︽ᠪᠦᠭᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶᠡᠴᠢ ᠬᠠᠮᠲᠤ︾ ᠵᠡᠷᠭᠡ ᠢᠷᠠᠭᠤ ᠠᠯᠳᠠᠷ ᠢ ᠬᠦᠷᠲᠡᠵᠡᠢ᠃ ᠡᠨᠡ ᠵᠢᠯ ᠪᠣᠯ ᠲᠥᠪᠡᠳ ᠤᠨ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 60 ᠵᠢᠯ ᠤᠨ ᠤᠢ ᠪᠣᠯᠣᠨ᠎ᠠ᠂ ᠭᠠᠯᠠ ᠲᠣᠰᠬᠤᠨ ᠤ ᠪᠦᠭᠦ ᠠᠷᠠᠳ ᠣᠶᠢᠷ᠎ᠠ ᠳᠤ ᠶᠡᠷᠦᠩᠬᠡᠢ ᠱᠦᠵᠢ ᠰᠢ ᠶᠢᠨ ᠫᠢᠩ ᠳᠤ ᠵᠠᠬᠢᠳᠠᠯ ᠪᠢᠴᠢᠵᠦ᠂ ᠲᠣᠰᠬᠤᠨ ᠤ ᠪᠠᠨ ᠬᠥᠭᠵᠢᠯᠲᠡ ᠬᠤᠪᠢᠷᠠᠯᠲᠠ ᠶᠢᠨ ᠪᠠᠶᠢᠳᠠᠯ ᠢᠶᠠᠨ ᠬᠠᠷᠢᠭᠤ ᠮᠡᠳᠡᠭᠦᠯᠵᠦ᠂ ᠠᠴᠢ ᠬᠠᠷᠢᠭᠤᠯᠤᠨ ᠡᠷᠡᠮᠡᠬᠡᠶᠢᠯᠡᠨ ᠤᠷᠤᠭᠰᠢᠯᠠᠬᠤ᠂ ᠨᠡᠩ ᠰᠠᠶᠢᠨ ᠰᠠᠶᠢᠬᠠᠨ ᠠᠮᠢᠳᠤᠷᠠᠯ ᠢ ᠴᠣᠭᠴᠠᠯᠠᠬᠤ ᠡᠷᠴᠢ ᠵᠣᠷᠢᠭ ᠢᠶᠠᠨ ᠢᠯᠡᠳᠬᠡᠵᠡᠢ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号