︽ᠠᠷᠪᠢᠯᠠᠨ ᠭᠠᠮᠨᠠᠬᠤ ᠶᠢ ᠡᠷᠬᠢᠮᠯᠡᠨ | ᠪᠦᠷᠢᠯᠬᠡᠵᠦ ᠰᠦᠢᠳᠬᠡᠬᠦ ᠶᠢ ᠦᠬᠡᠶᠢᠰᠭᠡᠵᠦ | ᠪᠣᠬᠢᠷᠲᠤᠯ ᠦᠭᠡᠢ ᠠᠯᠪᠠᠨ ᠠᠵᠢᠯ ᠬᠢᠵᠦ | ᠪᠤᠯᠪᠠᠰᠤᠨ ᠵᠤᠷᠰᠢᠯ ᠢᠶᠠᠨ ᠲᠡᠭᠡᠳᠦᠯᠡᠶᠡ | ᠥᠨᠥᠳᠥᠷ ᠪᠢᠳᠡ ᠴᠤᠭᠭᠠᠷ | ︽ᠪᠠᠶᠢᠭᠤᠯᠭ᠎ᠠ ᠶᠢᠨ ᠡᠨᠧᠷᠭᠢ ᠠᠷᠪᠢᠯᠠᠬᠤ ᠵᠢᠵᠢᠭ ᠨᠠᠶᠢᠷᠠᠭᠴᠢ︾ ᠪᠤᠯᠵᠤ᠂ ᠳᠤᠤᠷ᠎ᠠ | ᠨᠡᠬᠦᠷᠡᠰᠦᠳᠦ᠋ᠷᠦᠭᠴᠢᠳᠤ ᠠᠮᠢᠳᠤᠷᠠᠯ ᠢ ᠰᠢᠨ᠎ᠡ ᠴᠠᠭ ᠤᠨ ᠦᠡᠭᠭᠡ ᠪᠤᠯᠭᠠᠶ᠎ᠠ ~ | ᠨᠢᠭᠡ᠂ ᠤᠰᠤ ᠠᠷᠪᠢᠯᠠᠵᠤ ᠡᠬᠢ ᠪᠠᠶᠠᠯᠢᠭ ᠢ ᠬᠠᠮᠠᠭᠠᠯᠠᠨ᠂ ︽ᠬᠠᠷᠢᠭᠤᠴᠠᠯᠭ᠎ᠠ ᠶᠢᠨ ᠨᠡᠭᠡᠯᠡᠬᠡᠶ︾ ᠶᠢ | ᠴᠢᠩᠭᠠᠳᠬᠠᠶ᠎ᠠ | 1. ᠬᠡᠷᠡᠭᠴᠡᠭᠡ ᠪᠠᠷ ᠤᠰᠤ ᠠᠪᠴᠤ᠂ ᠤᠤᠭᠤᠬᠤ ᠭᠡᠮᠵᠢᠶ᠎ᠡ ᠪᠠᠷ ᠤᠰᠤ ᠲᠤᠰᠴᠤ᠂ ︽ᠬᠠᠭᠠᠰ ᠴᠣᠮᠣ | ᠤᠰᠤ︾ ᠶᠢ ᠴᠤ ᠪᠦᠷᠢᠯᠭᠡᠬᠦ ᠶᠢ ᠡᠷᠡᠰ ᠬᠤᠷᠢᠭᠯᠠᠨ᠎ᠠ᠃ | 2. ᠤᠰᠤ ᠬᠡᠷᠡᠭᠯᠡᠭᠰᠡᠨ ᠤ ᠳᠠᠷᠠᠭ᠎ᠠ ᠭᠤᠭᠤᠵᠢᠭᠤᠷ ᠢ ᠴᠠᠭ ᠲᠤᠬᠠᠶ ᠳᠤᠨᠢ ᠬᠠᠭᠠᠵᠤ᠂ ᠤᠰᠤ | ᠭᠤᠭᠤᠵᠢᠭᠰᠠᠨ ᠢ ᠣᠯᠵᠤ ᠮᠡᠳᠡᠪᠡᠯ ᠳᠠᠷᠦ᠋ᠢᠬᠠᠨ ᠰᠡᠯᠪᠢᠨ ᠵᠠᠰᠠᠵᠤ᠂ ︽ᠭᠤᠭᠤᠵᠢᠵᠤ ᠭᠡᠭᠡᠭᠳᠡᠬᠦ︾ ᠶᠢ ᠴᠢᠩᠭ᠎ᠠ | ᠰᠡᠷᠭᠡᠶᠢᠯᠡᠨ᠎ᠡ︔ | 3. ᠦᠯᠡᠳᠡᠭᠰᠡᠨ ᠤᠰᠤ ᠶᠢ ᠬᠤᠶᠠᠳᠠᠬᠢ ᠤᠳᠠᠭ᠎ᠠ ᠠᠰᠢᠭᠯᠠᠨ᠎ᠠ ︵ᠵᠢᠱᠢᠶᠡᠯᠡᠪᠡᠯ᠂ ᠴᠡᠴᠡᠭ ᠬᠤᠸᠠᠷ ᠢ | ᠤᠰᠤᠯᠠᠬᠤ᠂ ᠭᠠᠵᠠᠷ ᠬᠦᠰᠡᠷ ᠢ ᠤᠬᠢᠶᠠᠬᠤ︶᠂ ᠳᠤᠰᠤᠯ ᠤᠰᠤ ᠨᠢᠭᠡᠪᠦᠷᠢ ᠶᠢ ᠴᠥᠮ ︽ ᠭᠦᠢᠴᠡᠳ ᠬᠡᠷᠡᠭᠯᠡᠨ᠎ᠡ︾ | ᠃ | ᠬᠤᠶᠠᠷ᠂ ᠴᠠᠬᠢᠯᠭᠠᠨ ᠢ ᠠᠷᠪᠢᠯᠠᠨ ᠬᠤᠷᠣᠭᠳᠠᠯ ᠢ ᠪᠠᠭᠠᠰᠬᠠᠵᠤ᠂ ︽ᠡᠨᠧᠷᠭᠢ ᠠᠷᠪᠢᠯᠠᠬᠤ ᠳ᠋ᠧᠩ︾ ᠢ | ᠭᠡᠷᠡᠯᠳᠦᠬᠦᠯᠦᠨ᠎ᠡ | 1.ᠠᠭᠠᠷ ᠲᠣᠬᠢᠷᠠᠭᠤᠯᠤᠭᠴᠢ ᠲᠠᠢ ᠠᠯᠪᠠᠨ ᠭᠡᠷ᠂ ᠠᠭᠠᠷ ᠲᠣᠬᠢᠷᠠᠭᠤᠯᠤᠭᠴᠢ ᠶᠢᠨ ᠵᠤᠨ ᠤ ᠤᠯᠠᠷᠢᠯ ᠳᠤ | 26℃ ᠠᠴᠠ ᠳᠣᠣᠷ᠎ᠠ ᠪᠠᠶᠢᠯᠭᠠᠬᠤ ᠦᠭᠡᠢ᠂ ᠡᠪᠦᠯ ᠤᠨ ᠤᠯᠠᠷᠢᠯ ᠳᠤ 20℃ ᠠᠴᠠ ᠥᠨᠳᠥᠷ ᠪᠠᠶᠢᠯᠭᠠᠬᠤ ᠦᠭᠡᠢ᠂ | ᠠᠵᠢᠯ ᠠᠴᠠ ᠪᠠᠭᠤᠬᠤ ᠠᠴᠠ 20 ᠮᠢᠨᠦ᠋ᠲ ᠤᠨ ᠡᠮᠦᠨ᠎ᠡ ᠤᠷᠢᠳᠴᠢᠯᠠᠨ ᠬᠠᠭᠠᠨ᠎ᠠ᠃ ᠰᠠᠯᠬᠢ ᠨᠡᠪᠲᠡᠷᠡᠬᠦ | ᠨᠥᠬᠦᠴᠡᠯ ᠰᠠᠶᠢᠨ ᠦᠶ᠎ᠡ ᠳᠤ ᠠᠭᠠᠷ ᠲᠣᠬᠢᠷᠠᠭᠤᠯᠤᠭᠴᠢ ᠶᠢ ᠳᠤᠲᠠᠭᠤ ᠨᠡᠭᠡᠭᠡᠵᠦ᠂ ᠡᠭᠦᠳᠡ ᠴᠣᠩᠬᠤ ᠶᠢ ᠵᠦᠶ | ᠵᠣᠬᠢᠰᠲᠠᠶ ᠬᠡᠷᠡᠭᠯᠡᠨ ᠭᠡᠷ ᠳᠣᠲᠣᠷᠠᠬᠢ ᠳᠤᠯᠠᠭᠠᠨ ᠤ ᠬᠡᠮᠵᠢᠶ᠎ᠡ ᠶᠢ ᠲᠣᠬᠢᠷᠠᠭᠤᠯᠤᠨ᠎ᠠ︔ | 2. ᠴᠠᠭ ᠲᠤᠬᠠᠶ ᠳᠤᠨᠢ ᠳ᠋ᠧᠩ ᠢᠶᠠᠨ ᠬᠠᠭᠠᠵᠤ᠂ ︽ᠬᠤᠭᠤᠰᠣᠨ ᠬᠡᠷ ᠤᠨ ᠡᠨᠧᠷᠭᠢ ᠶᠢᠨ ᠬᠤᠷᠣᠭᠳᠠᠯ︾ ᠢ | ᠡᠷᠡᠰ ᠬᠤᠷᠢᠭᠯᠠᠬᠤ ᠬᠡᠷᠡᠭᠲᠡᠶ᠃ ᠪᠠᠶᠢᠭᠠᠯᠢ ᠶᠢᠨ ᠬᠡᠷᠡᠯ ᠭᠦᠢᠴᠡᠳ ᠦᠶ᠎ᠡ ᠳᠤ ᠳ᠋ᠧᠩ ᠠᠰᠠᠭᠠᠬᠤ ᠦᠭᠡᠢ᠂ ᠡᠨᠧᠷᠭᠢ | ᠠᠷᠪᠢᠯᠠᠬᠤ ᠳ᠋ᠧᠩ᠂ ᠲᠠᠭᠤᠨ ᠤ ᠡᠵᠡᠮᠳᠡᠯ ᠤᠨ ᠳ᠋ᠧᠩ ᠢ ᠳᠡᠯᠭᠡᠷᠡᠭᠦᠯᠦᠨ ᠬᠡᠷᠡᠭᠯᠡᠨ᠎ᠡ᠃ | 3᠂ ᠺᠣᠮᠫᠢᠦ᠋ᠲ᠋ᠧᠷ᠂ ᠳᠠᠷᠤᠮᠠᠯᠯᠠᠬᠤ ᠮᠠᠰᠢᠨ ᠵᠡᠷᠭᠡ ᠲᠥᠬᠦᠭᠡᠷᠦᠮᠵᠢ ᠶᠢ ᠣᠷᠳᠣ ᠬᠤᠭᠤᠴᠠᠭ᠎ᠠ ᠪᠠᠷ ᠬᠡᠷᠡᠭᠯᠡᠬᠦ | ᠥᠬᠡᠶ ᠪᠣᠯ ᠴᠠᠭ ᠲᠤᠬᠠᠶ ᠳᠤᠨᠢ ᠮᠠᠰᠢᠨ ᠢᠶᠠᠨ ᠬᠠᠭᠠᠵᠤ᠂ ︽ ᠮᠠᠰᠢᠨ ᠨᠡᠭᠡᠭᠡᠨ ᠴᠠᠬᠢᠯᠭᠠᠨ ᠰᠦᠢᠳᠭᠡᠬᠦ︾ ᠠᠴᠠ | ᠵᠠᠶᠢᠯᠠᠰᠬᠢᠨ᠎ᠡ᠃ ᠬᠦᠮᠦᠰ ᠶᠠᠪᠤᠬᠤ ᠠᠴᠠ ᠪᠠᠨ ᠡᠮᠦᠨ᠎ᠡ ᠭᠡᠷᠡᠯᠲᠦᠭᠦᠯᠭᠡ᠂ ᠠᠭᠠᠷ ᠲᠣᠬᠢᠷᠠᠭᠤᠯᠤᠭᠴᠢ᠂ ᠤᠰᠤ | ᠤᠤᠭᠤᠬᠤ ᠮᠠᠰᠢᠨ ᠵᠡᠷᠭᠡ ᠲᠥᠬᠦᠭᠡᠷᠦᠮᠵᠢ ᠶᠢ ᠬᠠᠭᠠᠨ᠎ᠠ᠃ | ᠭᠤᠷᠪᠠ᠂ ᠴᠠᠭᠠᠰᠤ ᠠᠷᠪᠢᠯᠠᠨ ᠬᠤᠷᠣᠭᠳᠠᠯ ᠢ ᠪᠠᠭᠠᠰᠬᠠᠵᠤ᠂ ︽ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ︾ ᠶᠢ ᠦᠢᠯᠡᠳᠦᠯᠬᠡᠵᠢᠬᠦᠯᠦᠶᠡ | 1. ᠴᠠᠭᠠᠰᠤ ᠦᠭᠡᠢ ᠠᠯᠪᠠᠯᠠᠬᠤ ᠶᠢ ᠬᠡᠷᠡᠭᠵᠢᠭᠦᠯᠵᠦ᠂ ᠨᠢᠭᠤᠴᠠ ᠳᠤ ᠦᠯᠦ ᠬᠤᠯᠪᠣᠭᠳᠠᠬᠤ ᠪᠢᠴᠢᠭ | ᠮᠠᠲ᠋ᠧᠷᠢᠶᠠᠯ ᠢ ᠤᠷᠢᠳ ᠢᠶᠠᠷ OA ᠰᠢᠰᠲ᠋ᠧᠮ ᠢᠶᠠᠷ ᠳᠠᠮᠵᠢᠭᠤᠯᠤᠨ ᠰᠢᠯᠵᠢᠭᠦᠯᠦᠨ᠎ᠡ︔ | 2᠂ ᠬᠤᠶᠠᠷ ᠲᠠᠯ᠎ᠠ ᠳᠤ ᠨᠢ ᠳᠠᠷᠤᠮᠠᠯᠯᠠᠵᠤ ᠬᠠᠶᠠᠭᠲᠠᠮᠠᠯ ᠴᠠᠭᠠᠰᠤ ᠶᠢ ᠬᠤᠷᠢᠶᠠᠨ ᠠᠪᠴᠦ ᠲᠠᠭᠢᠨ | ᠠᠰᠢᠭᠯᠠᠨ᠎ᠠ | 3. ᠭᠠᠭᠴᠠ ᠤᠳᠠᠭᠠᠨ ᠤ ᠴᠢᠨᠠᠷᠲᠠᠶ ᠬᠡᠷᠡᠭᠯᠡᠭᠡᠨ ᠤ ᠡᠳ᠋ ᠬᠡᠷᠡᠭᠯᠡᠬᠦ ᠶᠢ ᠪᠠᠭᠠᠰᠬᠠᠨ᠎ᠠ ︵ᠵᠢᠱᠢᠶᠡᠯᠡᠪᠡᠯ | ᠴᠠᠭᠠᠰᠤᠨ ᠴᠣᠮᠣ᠂ ᠭᠠᠷ ᠤᠨ ᠦᠰᠦᠭ ᠵᠢᠷᠤᠬᠤ ᠪᠢᠷ︶᠂ ᠥᠪᠡᠷᠲᠡᠭᠡᠨ ᠴᠤᠮᠤ ᠪᠡᠯᠡᠳᠬᠡᠬᠦ ᠶᠢ ᠰᠠᠨᠠᠭᠠᠴᠢᠯᠠᠵᠤ᠂ | ᠥᠪᠡᠷᠲᠡᠭᠡᠨ ᠪᠢᠷ ᠤᠨ ᠭᠤᠣᠯ ᠢᠶᠠᠨ ᠰᠤᠯᠢᠵᠤ ᠭᠡᠷᠡᠭᠯᠡᠬᠦ ᠶᠢ ᠰᠠᠨᠠᠭᠠᠴᠢᠯᠠᠨ᠎ᠠ᠃ | ᠳᠥᠷᠪᠡ᠂ ᠲᠡᠷᠭᠡ ᠬᠡᠷᠡᠭᠯᠡᠬᠦ ᠶᠢ ᠵᠢᠷᠤᠮᠵᠢᠭᠤᠯᠵᠤ᠂ ︽ᠡᠨᠧᠷᠭᠢ ᠠᠷᠪᠢᠯᠠᠬᠤ ᠬᠥᠪᠴᠢ︾ ᠶᠢ ᠴᠢᠩᠭ᠎ᠠ | ᠡᠵᠡᠮᠳᠡᠶ᠎ᠡ | 1. ᠲᠡᠷᠭᠡ ᠲᠣᠮᠢᠯᠠᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠲᠡᠷᠭᠡ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ | ᠵᠦᠢ ᠵᠣᠬᠢᠰᠲᠠᠢ ᠪᠠᠷ ᠨᠡᠶᠢᠯᠡᠭᠦᠯᠵᠦ᠂ ︽ᠨᠢᠭᠡ ᠬᠥᠮᠥᠨ ᠨᠢᠭᠡ ᠲᠡᠷᠭᠡ︾᠂ ︽ᠣᠶᠢᠷ᠎ᠠ ᠵᠠᠮ ᠳᠤ ᠲᠤᠰᠬᠠᠢ ᠲᠡᠷᠭᠡ︾ | ᠭᠡᠷᠡᠭᠯᠡᠬᠦ ᠵᠡᠷᠭᠡ ᠪᠦᠷᠢᠯᠭᠡᠨ ᠰᠦᠢᠳᠬᠡᠬᠦ ᠦᠵᠡᠭᠳᠡᠯ ᠠᠴᠠ ᠵᠠᠶᠢᠯᠠᠰᠬᠢᠨ᠎ᠡ᠃ | 2. ᠣᠶᠢᠷ᠎ᠠ ᠵᠠᠮ ᠤᠨ ᠠᠯᠪᠠᠨ ᠶᠠᠪᠤᠳᠠᠯ ᠳᠤ ᠤᠷᠢᠳ ᠢᠶᠠᠷ ᠨᠡᠶᠢᠲᠡ ᠶᠢᠨ ᠵᠠᠮ ᠬᠠᠷᠢᠯᠴᠠᠭ᠎ᠠ᠂ ᠬᠠᠮᠲᠤ ᠪᠠᠷ | ᠡᠳ᠋ᠯᠡᠬᠦ ᠳᠤᠭᠤᠢ ᠲᠡᠷᠭᠡ ᠪᠤᠶᠤ ᠶᠠᠪᠠᠭᠠᠨ ᠶᠠᠪᠤᠬᠤ ᠶᠢ ᠰᠤᠩᠭᠤᠨ᠎ᠠ᠃ | 3. ᠲᠡᠷᠭᠡ ᠵᠤᠭᠰᠤᠭᠠᠳ 1 ᠮᠢᠨᠦ᠋ᠲ ᠠᠴᠠ ᠭᠡᠳᠦᠷᠡᠪᠡᠯ ᠬᠥᠳᠡᠯᠭᠡᠭᠦᠷ ᠢ ᠬᠠᠭᠠᠵᠤ᠂ ᠲᠣᠰᠣ ᠬᠤᠷᠤᠭᠳᠠᠬᠤ | ᠠᠴᠠ ᠵᠠᠶᠢᠯᠠᠰᠬᠢᠨ᠎ᠡ︔ ᠲᠣᠭᠲᠠᠮᠠᠯ ᠬᠤᠭᠤᠴᠠᠭ᠎ᠠ ᠲᠠᠢ ᠪᠠᠷ ᠲᠡᠷᠭᠡ ᠬᠥᠰᠬᠡ ᠶᠢ ᠠᠷᠠᠴᠢᠯᠠᠨ ᠬᠠᠮᠠᠭᠠᠯᠠᠵᠤ᠂ ᠰᠠᠶᠢᠨ | ᠰᠠᠶᠢᠬᠠᠨ ᠲᠡᠷᠭᠡᠨ ᠤ ᠪᠠᠶᠢᠳᠠᠯ ᠢ ᠪᠠᠲᠤᠯᠠᠵᠤ᠂ ᠡᠨᠧᠷᠭᠢ ᠶᠢᠨ ᠬᠤᠷᠣᠭᠳᠠᠯ ᠢ ᠪᠠᠭᠤᠷᠠᠭᠤᠯᠤᠨ᠎ᠠ᠃ | ᠲᠠᠪᠤ᠂ ᠭᠡᠷ ᠪᠠᠶᠢᠰᠢᠩ ᠢ ᠡᠷᠴᠢᠮᠵᠢᠭᠦᠯᠦᠨ ᠬᠡᠷᠡᠭᠯᠡᠵᠦ᠂ ︽ᠠᠯᠲᠠᠨ ᠣᠷᠣᠨ ᠵᠠᠶ︾ ᠶᠢ ᠠᠮᠢᠳᠤᠯᠢᠭ | ᠪᠤᠯᠭᠠᠶ᠎ᠠ | 1. ᠣᠷᠣᠨ ᠵᠠᠶ ᠶᠢᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠠᠯᠪᠠᠨ ᠬᠡᠷᠡᠭᠯᠡᠭᠡᠨ ᠤ ᠬᠡᠷ ᠪᠠᠶᠢᠰᠢᠩ ᠤᠨ | ᠬᠡᠷᠡᠭᠯᠡᠯᠲᠡ ᠶᠢᠨ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠦᠨ᠂ ︽ᠣᠯᠠᠨ ᠬᠥᠮᠦᠨ ᠨᠢᠭᠡ ᠲᠠᠰᠤᠯᠭ᠎ᠠ᠂ ᠲᠥᠪᠯᠡᠷᠡᠭᠦᠯᠦᠨ | ᠠᠯᠪᠠᠯᠠᠬᠤ︾ ᠶᠢ ᠰᠠᠨᠠᠭᠠᠴᠢᠯᠠᠵᠤ᠂ ᠰᠤᠯᠠ ᠲᠠᠯᠪᠢᠵᠤ ᠪᠦᠷᠢᠯᠭᠡᠨ ᠰᠦᠢᠳᠭᠡᠬᠦ ᠠᠴᠠ ᠵᠠᠶᠢᠯᠠᠰᠬᠢᠬᠦ ᠬᠡᠷᠡᠭᠲᠡᠶ︔ | 2. ᠲᠥᠬᠦᠭᠡᠷᠦᠮᠵᠢ ᠶᠢ ᠬᠠᠮᠲᠤ ᠪᠠᠷ ᠡᠳ᠋ᠯᠡᠵᠦ ᠬᠠᠮᠲᠤ ᠪᠠᠷ ᠬᠡᠷᠡᠭᠯᠡᠬᠦ᠄ ᠳᠠᠷᠤᠮᠠᠯᠯᠠᠬᠤ ᠮᠠᠰᠢᠨ᠂ ᠰᠢᠷᠪᠢᠭᠦᠷ | ᠵᠡᠷᠭᠡ ᠠᠯᠪᠠᠯᠠᠬᠤ ᠲᠥᠬᠦᠭᠡᠷᠦᠮᠵᠢ ᠶᠢ ᠲᠥᠪᠯᠡᠷᠡᠭᠦᠯᠦᠨ ᠲᠠᠯᠪᠢᠵᠤ᠂ ᠨᠢᠭᠡᠳᠦᠯᠲᠡᠶ ᠲᠥᠯᠥᠪᠯᠡᠨ ᠬᠡᠷᠡᠭᠯᠡᠵᠦ᠂ | ᠳᠠᠪᠬᠤᠷᠳᠠᠭᠤᠯᠤᠨ ᠬᠤᠳᠠᠯᠳᠤᠨ ᠠᠪᠬᠤ ᠶᠢ ᠪᠠᠭᠠᠰᠬᠠᠨ᠎ᠠ᠃ | 3. ︽ᠠᠯᠪᠠᠨ ᠤ ᠪᠣᠳᠠᠰ ᠤᠨ ᠬᠥᠮᠥᠷᠭᠡ︾ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠰᠤᠯᠠ ᠪᠠᠶᠢᠭ᠎ᠠ ᠡᠳ᠋ | ᠪᠣᠳᠠᠰ ᠢ ᠡᠷᠭᠢᠯᠳᠦᠭᠦᠯᠦᠨ ᠠᠰᠢᠭᠯᠠᠵᠤ᠂ ᠬᠤᠳᠠᠯᠳᠤᠨ ᠠᠪᠬᠤ ᠥᠪᠡᠷ ᠤᠨ ᠥᠷᠲᠡᠭ ᠢ ᠪᠠᠭᠤᠷᠠᠭᠤᠯᠤᠨ᠎ᠠ᠃ | ᠠᠷᠪᠢᠴᠢ ᠭᠠᠮᠲᠠᠢ ᠪᠠᠷ ᠪᠠᠭ᠎ᠠ ᠶᠠᠪᠤᠳᠠᠯ ᠠᠴᠠ ᠡᠬᠢᠯᠡᠨ ᠬᠢᠵᠦ | ᠪᠢᠳᠡ ︽ᠠᠵᠢᠯᠴᠢ ᠠᠷᠪᠢᠴᠢ ᠪᠠᠷ ᠠᠮᠢᠳᠤᠷᠠᠳᠠᠭ︾ ᠤᠯᠤᠰ ᠳᠦᠷᠦ ᠶᠢᠨ ᠤᠬᠠᠮᠰᠠᠷ ᠢᠶᠠᠷ ᠵᠶ᠋ᠠᠨᠨᠠᠷᠢᠨ | ᠵᠦᠢᠯᠡᠰ ᠠᠴᠠ ᠡᠬᠢᠯᠡᠨ᠂ ᠣᠳᠣ ᠠᠴᠠ ᠡᠬᠢᠯᠡᠵᠦ | ᠪᠣᠳᠠᠲᠤ ᠠᠵᠢᠯᠯᠠᠭ᠎ᠠ ᠪᠠᠷ ᠢᠶᠠᠨ ᠪᠣᠬᠢᠷᠲᠤᠯ ᠥᠬᠡᠢ ᠬᠥᠭᠵᠢᠯᠲᠡ ᠳᠤ ᠬᠦᠴᠦ ᠤᠯᠭᠤᠵᠤ | ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠭ᠎ᠠ ᠶᠢ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠶ᠎ᠡ︕ |