ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠤᠯᠤᠰ ᠤᠨ ᠵᠢᠭᠡᠯᠡᠯᠭᠡ ᠶᠢᠨ ᠪᠡᠯᠡ ᠮᠥᠩᠭᠦ ᠶᠢ ᠠᠮᠵᠢᠯᠲᠠ ᠲᠠᠢ ᠪᠠᠷ ᠲᠡᠮᠡᠴᠡᠨ ᠣᠯᠵᠤ  ᠬᠤᠲᠠ ᠶᠢᠨ ᠰᠢᠨᠡᠴᠢᠯᠡᠯᠲᠡ ᠶᠢᠨ ᠠᠬᠢᠴᠠ ᠶᠢ ᠲᠦᠷᠭᠡᠳᠬᠡᠪᠡ
ᠨᠡᠶᠢᠲᠡᠯᠡᠭᠰᠡᠨ ᠴᠠᠭ᠄
2025/6/3
      ᠥᠨᠥᠳᠦᠷ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠢᠳᠡᠪᠬᠢᠲᠡᠶ ᠠᠵᠢᠯᠯᠠᠵᠤ᠂ 2976 ᠲᠦᠮᠡᠨ ᠲᠥᠭᠦᠷᠢᠭ ᠤᠨ ᠤᠯᠤᠰ ᠤᠨ ᠵᠢᠭᠡᠯᠡᠯᠭᠡ ᠶᠢᠨ ᠪᠠᠯᠠ ᠮᠥᠩᠭᠦ ᠶᠢ ᠠᠮᠵᠢᠯᠲᠠ ᠲᠠᠢ ᠪᠠᠷ ᠲᠡᠮᠡᠴᠡᠨ ᠣᠯᠵᠤ᠂ ᠬᠤᠲᠠ ᠶᠢᠨ ᠰᠢᠨᠡᠴᠢᠯᠡᠯᠲᠡ ᠶᠢᠨ ᠲᠥᠷᠥᠯ ᠵᠦᠢᠯ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃      ᠲᠣᠰ ᠤᠳᠠᠭ᠎ᠠ ᠣᠯᠤᠭᠰᠠᠨ ᠪᠠᠯᠠ ᠮᠥᠩᠭᠦ ᠶᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠥᠯᠬᠦᠮᠳᠡᠯ ᠵᠠᠮ ᠵᠡᠷᠭᠡ ᠤᠰᠤ ᠵᠠᠯᠠᠬᠤ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠳᠤ ᠲᠤᠰᠬᠠᠶᠢᠯᠠᠨ ᠬᠡᠷᠡᠭᠯᠡᠨ᠎ᠡ᠃ ᠲᠣᠰ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠨᠢ ᠬᠠᠭᠤᠴᠢᠨ ᠬᠤᠲᠠ ᠲᠣᠭᠤᠷᠢᠭ ᠤᠨ ᠵᠠᠮ ᠤᠨ ᠪᠣᠷᠣᠭᠠᠨ ᠤ ᠤᠰᠤᠨ ᠤ ᠬᠤᠭᠤᠯᠠᠢ ᠶᠢ ᠰᠢᠨ᠎ᠡ ᠪᠠᠷ ᠪᠠᠶᠢᠭᠤᠯᠬᠤ ᠪᠣᠯᠤᠨ᠎ᠠ᠃ᠣᠷᠣᠨ ᠰᠠᠭᠤᠴᠠ ᠪᠣᠯᠤᠨ ᠬᠤᠲᠠ ᠬᠥᠳᠡᠭᠡ ᠶᠢᠨ ᠪᠦᠲᠦᠭᠡᠨ ᠪᠠᠢᠭᠤᠯᠤᠯᠲᠠ ᠶᠢᠨ ᠲᠣᠪᠴᠢᠶ᠎ᠠ ᠪᠡᠯᠡ ᠮᠥᠩᠭᠦ ᠶᠢ ᠬᠡᠷᠡᠭᠯᠡᠬᠦ ᠶᠢ ᠴᠢᠩᠭ᠎ᠠ ᠬᠢᠨᠠᠨ ᠬᠠᠮᠢᠶᠠᠷᠴᠤ᠂ ᠮᠥᠩᠭᠦ ᠪᠣᠯᠭᠠᠨ ᠢ ᠴᠥᠮ ᠬᠡᠷᠡᠭᠴᠡᠭᠡ ᠳᠤ ᠨᠢ ᠬᠥᠷᠭᠡᠬᠦ ᠶᠢ ᠪᠠᠲᠤᠯᠠᠨ᠎ᠠ᠃ ᠵᠠᠯᠭᠠᠭᠠᠳ᠂ ᠲᠥᠷᠥᠯ ᠵᠦᠢᠯ ᠢ ᠬᠡᠷᠡᠭᠵᠢᠭᠦᠯᠬᠦ ᠠᠬᠢᠴᠠ ᠶᠢ ᠲᠦᠷᠭᠡᠳᠬᠡᠵᠦ᠂ ᠤᠯᠤᠰ ᠤᠨ ᠵᠢᠭᠡᠯᠡᠯᠭᠡ ᠶᠢᠨ ᠪᠠᠯᠠ ᠮᠥᠩᠭᠦ ᠪᠠᠷ ᠬᠥᠰᠢᠭᠦᠷᠭᠡ ᠪᠣᠯᠭᠠᠵᠤ᠂ ᠬᠤᠲᠠ ᠶᠢᠨ ᠰᠢᠨᠡᠴᠢᠯᠡᠯᠲᠡ ᠶᠢᠨ ᠶᠡᠭᠡ ᠬᠥᠭᠵᠢᠯᠲᠡ ᠶᠢ ᠬᠥᠳᠡᠯᠭᠡᠵᠦ᠂ ᠬᠤᠲᠠ ᠶᠢᠨ ᠶᠠᠰᠤ ᠴᠢᠨᠠᠷ ᠪᠠ ᠳᠦᠷᠢ ᠲᠥᠷᠬᠦ ᠶᠢ ᠳᠡᠭᠡᠭᠰᠢᠯᠡᠭᠦᠯᠦᠨ᠂ ᠰᠠᠭᠤᠭᠠᠯᠢ ᠠᠷᠠᠳ ᠤᠨ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ ᠢ ᠨᠡᠮᠡᠭᠳᠡᠭᠦᠯᠵᠦ᠂ ᠬᠤᠲᠠ ᠶᠢᠨ ᠦᠷᠭᠦᠯᠵᠢᠯᠡᠬᠦ ᠬᠥᠭᠵᠢᠯᠲᠡ ᠳᠤ ᠪᠠᠲᠤ ᠪᠠᠬᠢ ᠰᠠᠭᠤᠷᠢ ᠲᠠᠯᠪᠢᠵᠤ ᠥᠭᠬᠦ ᠪᠣᠯᠤᠨ᠎ᠠ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号