ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠷᠠᠭᠤᠨᠳᠤᠬᠤᠢ ᠬᠠᠶᠢᠯᠤᠭᠤᠷ ᠵᠣᠩᠰᠢ ᠶᠢᠨ | ᠠᠭᠤᠷᠬᠠᠢ ᠶᠢᠨ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠵᠢᠴᠢ ᠰᠡᠭᠦᠯᠴᠢ ᠶᠢᠨ ᠬᠤᠭᠤᠴᠠᠭᠠᠨ ᠤ ᠮᠠᠯᠲᠠᠵᠤ | ᠰᠣᠩᠭᠤᠬᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤᠨ ᠤ ᠠᠭᠤᠷᠬᠠᠢ ᠶᠢᠨ ᠦᠢᠯᠡᠰ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ | ᠪᠦᠬᠦ ᠬᠦᠴᠦᠨ ᠢᠶᠠᠷ ᠢᠶᠠᠨ ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠪᠣᠯᠤᠨ ᠪᠡᠭᠡᠵᠢᠩ ᠤᠨ ᠬᠤᠸᠠ ᠰᠢᠶᠠ ᠵᠢᠶᠠᠨ ᠯᠦᠩ | ᠠᠭᠤᠷᠬᠠᠶ ᠶᠢᠨ ᠦᠢᠯᠡᠰ ᠤᠨ ᠰᠢᠨᠵᠢᠯᠡᠬᠦ ᠤᠬᠠᠭᠠᠨᠲ᠋ᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠳᠠᠷᠬᠠᠨ | ᠮᠤᠤᠮᠢᠩᠭᠠᠨ ᠬᠤᠯᠪᠣᠭᠠᠲᠤ ᠬᠤᠰᠢᠭᠤᠨ ᠤ ᠪᠠᠷᠠᠭᠤᠨᠳᠤᠬᠤᠢ ᠬᠠᠶᠢᠯᠤᠭᠤᠷ ᠵᠣᠩᠰᠢ ᠶᠢᠨ ᠠᠭᠤᠷᠬᠠᠢ ᠶᠢᠨ ᠭᠠᠵᠠᠷ | ᠰᠢᠨᠵᠢᠯᠡᠭᠡᠨ ᠤ ᠬᠠᠶᠢᠨ ᠪᠠᠶᠢᠴᠠᠭᠠᠯᠲᠠ ᠵᠢᠴᠢ ᠮᠠᠯᠲᠠᠵᠤ ᠰᠣᠩᠭᠤᠬᠤ ᠲᠦᠷᠦᠯ ᠵᠦᠢᠯ ᠤᠨ ᠲᠤᠬᠠᠶ ᠠᠷᠢᠯᠵᠢᠶᠠᠴᠢᠨ | ᠤᠷᠢᠵᠤ ᠪᠡᠯᠡ ᠣᠷᠣᠭᠤᠯᠬᠤ ᠬᠡᠯᠡᠯᠴᠡᠭᠡᠷ ᠲᠣᠭᠲᠠᠪᠠ᠃ | ᠲᠤᠰ ᠲᠦᠷᠦᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠶᠢᠨ ᠲᠤᠭ᠎ᠠ 1.2 ᠳ᠋ᠦᠩᠰᠢᠭᠤᠷ | ᠲᠥᠭᠦᠷᠢᠭ ᠢᠶᠠᠷ ᠲᠥᠯᠥᠪᠯᠡᠵᠦ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠷᠠᠭᠤᠨᠳᠤᠬᠤᠢ ᠶᠢᠨ | ᠠᠭᠤᠷᠬᠠᠢ ᠶᠢᠨ ᠦᠢᠯᠡᠰ ᠤᠨ ᠡᠷᠬᠡ ᠶᠢ ᠪᠠᠶᠢᠷᠢᠯᠠᠭᠤᠯᠬᠤ ᠪᠠ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ | ᠠᠵᠢᠯ ᠢ ᠠᠬᠢᠭᠤᠯᠬᠤ ᠶᠢᠨ ᠲᠥᠯᠥᠭᠡ ᠶᠤᠮ᠃ ᠬᠤᠶᠠᠷ ᠲᠠᠯ᠎ᠠ ᠪᠠᠷ ᠢᠶᠠᠨ ᠲᠣᠭᠲᠠᠭᠰᠠᠨ ᠬᠡᠯᠡᠯᠴᠡᠭᠡᠷ ᠢ ᠦᠨᠳᠦᠰᠦᠯᠡᠨ | ᠂ ᠬᠤᠶᠠᠷ ᠲᠠᠯ᠎ᠠ ᠪᠠᠷ ᠢᠶᠠᠨ ᠡᠬᠢ ᠪᠠᠶᠠᠯᠢᠭ ᠢ ᠬᠠᠶᠢᠨ ᠪᠠᠶᠢᠴᠠᠭᠠᠬᠤ᠂ ᠪᠣᠬᠢᠷᠲᠤᠯ ᠦᠭᠡᠢ ᠠᠭᠤᠷᠬᠠᠢ ᠶᠢᠨ ᠪᠦᠳᠦᠭᠡᠨ | ᠪᠠᠶᠢᠭᠤᠯᠤᠯᠲᠠ ᠵᠡᠷᠭᠡ ᠵᠠᠩᠭᠢᠯᠠᠭ᠎ᠠ ᠶᠢᠨ ᠬᠦᠷᠢᠶᠡᠨ ᠤ ᠲᠣᠭᠤᠷᠢᠨ ᠳᠤ ᠭᠦᠨᠵᠡᠭᠡᠢ ᠬᠠᠮᠲᠤᠷᠠᠯᠴᠠᠭ᠎ᠠ ᠥᠷᠨᠢᠭᠦᠯᠦᠨ᠎ᠡ᠃ | ᠬᠡᠯᠡᠯᠴᠡᠭᠡᠷ ᠤᠨ ᠠᠭᠤᠯᠭ᠎ᠠ ᠳᠤ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ᠂ ᠠᠭᠤᠷᠬᠠᠶ ᠮᠠᠯᠲᠠᠬᠤ ᠰᠢᠰᠲ᠋ᠧᠮ ᠤᠨ | ᠢᠨᠵᠧᠨᠧᠷᠢᠩ᠂ ᠬᠦᠳᠡᠷ ᠰᠣᠩᠭᠤᠬᠤ ᠰᠢᠰᠲ᠋ᠧᠮ ᠤᠨ ᠢᠨᠵᠧᠨᠧᠷᠢᠩ᠂ ᠦᠯᠡᠳᠡᠭᠳᠡᠯ ᠬᠦᠳᠡᠷ ᠤᠨ ᠰᠢᠰᠲ᠋ᠧᠮ ᠤᠨ | ᠢᠨᠵᠧᠨᠧᠷᠢᠩ᠂ ᠲᠤᠰᠠᠯᠠᠬᠤ ᠦᠢᠯᠡᠳᠪᠦᠷᠢᠯᠡᠯ ᠤᠨ ᠲᠥᠷᠥᠯ ᠵᠦᠢᠯ ᠤᠨ ᠢᠨᠵᠧᠨᠧᠷᠢᠩ᠂ ᠨᠡᠶᠢᠲᠡ ᠶᠢᠨ ᠬᠡᠷᠡᠭᠯᠡᠭᠡᠨ ᠤ | ᠰᠢᠰᠲ᠋ᠧᠮ ᠤᠨ ᠢᠨᠵᠧᠨᠧᠷᠢᠩ ᠵᠢᠴᠢ ᠠᠷᠠᠳ ᠤᠨ ᠬᠡᠷᠡᠭᠯᠡᠭᠡᠨ ᠪᠠ ᠠᠮᠢᠳᠤᠷᠠᠯ ᠤᠨ ᠲᠥᠬᠦᠭᠡᠷᠦᠮᠵᠢ ᠶᠢᠨ ᠢᠨᠵᠧᠨᠧᠷᠢᠩ | ᠵᠡᠷᠭᠡ ᠣᠯᠠᠨ ᠲᠠᠯ᠎ᠠ ᠶᠢ ᠬᠠᠮᠤᠷᠴᠤ᠂ ᠠᠭᠤᠷᠬᠠᠶ ᠶᠢᠨ ᠦᠢᠯᠡᠰ ᠤᠨ ᠦᠷᠭᠦᠯᠵᠢᠯᠡᠬᠦ ᠬᠥᠭᠵᠢᠯᠲᠡ ᠪᠠ ᠠᠮᠢ | ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠠᠬᠢᠭᠤᠯᠬᠤ ᠪᠠᠷ ᠬᠠᠮᠲᠤ ᠪᠠᠷ ᠴᠢᠷᠮᠠᠶᠢᠨ᠎ᠠ᠃ | ᠲᠣᠰ ᠲᠥᠷᠥᠯ ᠵᠦᠢᠯ ᠤᠨ ᠤᠷᠤᠭᠰᠢᠲᠠᠶ ᠬᠡᠷᠡᠭᠵᠢᠭᠦᠯᠦᠭᠳᠡᠭᠰᠡᠨ ᠨᠢ ᠮᠠᠨ ᠤ ᠬᠤᠰᠢᠭᠤᠨ ᠤ ᠠᠭᠤᠷᠬᠠᠢ ᠶᠢᠨ | ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠬᠢᠷᠢ ᠲᠦᠪᠰᠢᠨ ᠢ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ | ᠳᠡᠭᠲᠡᠷ ᠲᠤ ᠭᠠᠷᠭᠠᠬᠤ ᠶᠢ ᠬᠦᠴᠦᠲᠡᠶ ᠳᠥᠯᠭᠢᠨ ᠠᠬᠢᠭᠤᠯᠬᠤ ᠶᠢᠨ ᠬᠠᠮᠲᠤ ᠭᠠᠵᠠᠷ ᠣᠷᠣᠨ ᠤ ᠠᠵᠢᠯ | ᠣᠯᠭᠤᠯᠲᠠ ᠶᠢᠨ ᠠᠵᠢᠯ ᠤᠨ ᠪᠠᠶᠢᠷᠢ ᠶᠢᠨ ᠬᠠᠩᠭᠠᠯᠭ᠎ᠠ ᠶᠢ ᠪᠦᠲᠦᠮᠵᠢᠲᠡᠶ ᠠᠬᠢᠭᠤᠯᠵᠤ᠂ ᠣᠯᠠᠨ ᠲᠦᠮᠡᠨ ᠤ ᠠᠵᠢᠯ | ᠣᠯᠭᠤᠯᠲᠠ ᠶᠢᠨ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠵᠦ᠂ ᠪᠥᠬᠦ ᠬᠤᠰᠢᠭᠤᠨ ᠤ ᠣᠳᠣᠬᠢᠴᠢᠯᠠᠯᠲᠠ ᠶᠢᠨ | ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠬᠦ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ | ᠪᠣᠯᠤᠨ᠎ᠠ᠃ | |