ᠵᠢᠵᠢᠭ ᠪᠣᠳᠠᠲᠤ ᠶᠠᠪᠤᠳᠠᠯ ᠨᠢ ᠶᠡᠭᠡ ᠵᠣᠯ ᠵᠢᠷᠭᠠᠯ ᠢ ᠠᠪᠴᠢᠷᠠᠪᠠ ᠰᠢᠷᠠᠮᠦ᠋ᠷᠡᠨ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ︽ᠴᠠᠬᠢᠯᠭᠠᠨ︾  ᠢᠶᠠᠷ ᠲᠠᠷᠢᠶᠠᠯᠠᠩ ᠮᠠᠯ ᠠᠵᠤ ᠠᠬᠤᠶ ᠶᠢᠨ ᠠᠷᠠᠳ ᠤᠨ ᠰᠡᠳᠬᠢᠯ ᠢ ᠭᠡᠷᠡᠯᠲᠦᠭᠦᠯᠪᠡ
ᠨᠡᠶᠢᠲᠡᠯᠡᠭᠰᠡᠨ ᠴᠠᠭ᠄
2025/6/3
      ᠪᠤᠶᠢᠳᠠ ᠪᠥᠭᠯᠡᠭᠦᠦ ᠮᠠᠯᠵᠢᠬᠤ ᠣᠷᠣᠨ ᠳᠤ᠂ ᠴᠠᠬᠢᠯᠭᠠᠨ ᠬᠦᠴᠦ ᠳᠤᠲᠠᠭᠳᠠᠵᠤ ᠪᠠᠶᠢᠭ᠎ᠠ ᠨᠢ ᠮᠠᠯᠴᠢᠳ ᠤᠨ ᠠᠮᠢᠳᠤᠷᠠᠯ ᠬᠢᠭᠡᠳ ᠣᠳᠣᠬᠢᠴᠢᠯᠠᠭᠰᠠᠨ ᠮᠠᠯ ᠠᠵᠤ ᠠᠬᠤᠶ ᠶᠢᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ︽ᠪᠣᠭᠤᠮᠢ︾ ᠬᠦᠴᠢᠷ ᠠᠰᠠᠭᠤᠳᠠᠯ ᠪᠣᠯᠤᠭᠰᠠᠭᠠᠷ ᠢᠷᠡᠵᠡᠶ᠃ ᠬᠠᠷᠢᠶᠠᠲᠤ ᠣᠷᠣᠨ ᠤ ᠳᠣᠲᠣᠷᠠᠬᠢ ᠮᠠᠯᠵᠢᠬᠤ ᠡᠷᠦᠬᠡ ᠶᠢᠨ ᠴᠠᠬᠢᠯᠭᠠᠨ ᠲᠣᠣᠷ ᠨᠡᠪᠲᠡᠷᠡᠭᠡᠳᠦᠶ ᠬᠦᠴᠢᠷᠳᠡᠯ ᠢ ᠦᠨᠡᠨ ᠬᠦ ᠰᠢᠢᠳᠪᠦᠷᠢᠯᠡᠬᠦ ᠶᠢᠨ ᠲᠥᠯᠥᠭᠡ᠂ ᠣᠶᠢᠷ᠎ᠠ ᠶᠢᠨ ᠬᠤᠭᠤᠴᠠᠭᠠᠨ ᠳᠤ᠂ ᠰᠢᠷᠠᠮᠥ᠋ᠷᠡᠨ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠᠶᠠᠷ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠡᠬᠢ ᠪᠠᠶᠠᠯᠢᠭ ᠢ ᠢᠳᠡᠪᠬᠢᠲᠡᠶ ᠵᠣᠬᠢᠴᠠᠭᠤᠯᠤᠨ᠂ ᠮᠠᠯᠵᠢᠬᠤ ᠣᠷᠣᠨ ᠤ ᠴᠠᠬᠢᠯᠭᠠᠨ ᠬᠡᠷᠡᠭᠯᠡᠬᠦ ᠨᠥᠬᠦᠴᠡᠯ ᠢ ᠰᠠᠶᠢᠵᠢᠷᠠᠭᠤᠯᠬᠤ ᠶᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠴᠢᠬᠤᠯᠠ ᠭᠠᠷᠳᠠᠴᠠ ᠪᠣᠯᠭᠠᠵᠤ᠂ ᠨᠢᠭᠡ ᠤᠳᠠᠭᠠᠨ ᠤ ︽ᠴᠠᠬᠢᠯᠭᠠᠨ︾ ᠢᠶᠠᠷ ᠮᠠᠯᠴᠢᠨ ᠲᠠᠷᠢᠶᠠᠴᠢᠨ ᠤ ᠰᠡᠳᠬᠢᠯ ᠢ ᠭᠡᠷᠡᠯᠲᠦᠭᠦᠯᠬᠦ ᠠᠵᠢᠯᠯᠠᠭ᠎ᠠ ᠪᠠᠨ ᠡᠬᠢᠯᠡᠭᠦᠯᠪᠡ᠃       ᠪᠠᠶᠠᠷ ᠰᠢᠨ᠎ᠡ ᠡᠨᠧᠷᠭᠢ ᠶᠢᠨ ᠴᠠᠬᠢᠯᠭᠠᠨ ᠬᠠᠩᠭᠠᠬᠤ ᠮᠡᠷᠭᠡᠵᠢᠯ ᠤᠨ ᠠᠵᠢᠯᠳᠠᠨ ᠢ ᠳᠠᠭᠠᠭᠤᠯᠤᠨ ᠪᠤᠶᠢᠳᠠ ᠪᠥᠭᠯᠡᠭᠦᠤ ᠮᠠᠯᠵᠢᠬᠤ ᠣᠷᠣᠨ ᠳᠤ ᠭᠦᠨᠵᠡᠭᠡᠶᠢᠷᠡᠵᠦ᠂ ᠴᠠᠬᠢᠯᠭᠠᠨ ᠦᠭᠡᠢ ᠮᠠᠯᠴᠢᠨ ᠤᠷᠲᠤ ᠶᠢᠨ ᠭᠡᠷ ᠲᠤ ᠬᠦᠷᠴᠦ ᠲᠤᠬᠠᠢ ᠶᠢᠨ ᠭᠠᠵᠠᠷ ᠲᠤᠨᠢ ᠬᠠᠶᠢᠨ ᠪᠠᠶᠢᠴᠠᠭᠠᠪᠠ᠃ ᠨᠠᠷᠢᠨ ᠨᠢᠮᠪᠠᠶ ᠪᠠᠶᠢᠴᠠᠭᠠᠨ ᠰᠤᠳᠤᠯᠤᠯᠲᠠ ᠬᠢᠬᠦ ᠪᠠᠷ ᠳᠠᠮᠵᠢᠭᠤᠯᠤᠨ᠂ ᠮᠠᠯᠵᠢᠬᠤ ᠡᠷᠦᠬᠡ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠮᠠᠯᠵᠢᠬᠤ ᠣᠷᠣᠨ ᠤ ᠴᠡᠪᠡᠷ ᠡᠨᠧᠷᠭᠢ ᠶᠢ ᠡᠷᠦᠬᠡ ᠳᠤ ᠣᠷᠣᠭᠤᠯᠬᠤ ᠵᠢᠴᠢ ᠣᠳᠣᠬᠢᠴᠢᠯᠠᠭᠰᠠᠨ ᠮᠠᠯ ᠠᠵᠤ ᠠᠬᠤᠶ ᠶᠢᠨ ᠢᠵᠢ ᠪᠥᠷᠢᠳᠦᠭᠦᠯᠬᠦ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ ᠭᠡᠷᠡᠯᠴᠢ ᠴᠡᠨᠡᠭ ᠢᠶᠠᠷ ᠴᠠᠬᠢᠯᠭᠠᠨ ᠭᠠᠷᠭᠠᠬᠤ ᠰᠢᠰᠲ᠋ᠧᠮ ᠪᠠ ᠡᠨᠧᠷᠭᠢ ᠬᠠᠳᠠᠭᠠᠯᠠᠬᠤ ᠰᠢᠰᠲ᠋ᠧᠮ ᠢ ᠤᠭᠰᠠᠷᠠᠨ᠂ ᠲᠤᠰᠠᠭᠠᠷ ᠴᠠᠬᠢᠯᠭᠠᠨ ᠬᠠᠩᠭᠠᠬᠤ ᠰᠢᠰᠲ᠋ᠧᠮ ᠢ ᠪᠠᠶᠢᠭᠤᠯᠵᠤ᠂ ᠴᠡᠪᠡᠷ ᠡᠨᠧᠷᠭᠢ ᠪᠠᠷ ᠮᠠᠯᠵᠢᠬᠤ ᠣᠷᠣᠨ ᠤ ᠠᠮᠢᠳᠤᠷᠠᠯ ᠪᠠ ᠲᠡᠵᠢᠭᠡᠨ ᠦᠷᠡᠵᠢᠭᠦᠯᠬᠦ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ᠃      ᠲᠤᠰ ᠤᠳᠠᠭᠠᠨ ᠤ ᠠᠵᠢᠯᠯᠠᠭ᠎ᠠ ᠨᠢ ︽ᠵᠢᠵᠢᠭ ᠪᠣᠳᠠᠲᠤ ᠶᠠᠪᠤᠳᠠᠯ︾ ᠢᠶᠠᠷ ᠭᠠᠷᠳᠠᠬᠤ ᠴᠡᠭ ᠪᠣᠯᠭᠠᠭᠰᠠᠨ ᠪᠣᠯᠪᠠᠴᠤ ᠮᠠᠯᠴᠢᠳ ᠤᠨ ︽ᠶᠡᠭᠡ ᠵᠣᠯ ᠵᠢᠷᠭᠠᠯ︾ ᠢ ᠲᠠᠶᠢᠴᠢᠯᠠᠵᠠᠢ᠃ ᠮᠠᠯᠴᠢᠳ ᠤᠨ ᠴᠠᠬᠢᠯᠭᠠᠨ ᠬᠡᠷᠡᠭᠯᠡᠬᠦ ᠪᠠᠴᠢᠮ ᠲᠤᠯᠭᠠᠮ᠎ᠠ ᠠᠰᠠᠭᠤᠳᠠᠯ ᠢ ᠰᠢᠢᠳᠪᠦᠷᠢᠯᠡᠵᠦ ᠥᠭᠭᠦᠭᠰᠡᠨ ᠢᠶᠠᠷ ᠪᠠᠷᠠᠬᠤ ᠥᠬᠡᠶ᠂ ᠨᠠᠩ ᠴᠤ ᠴᠡᠪᠡᠷ ᠡᠨᠧᠷᠭᠢ ᠶᠢ ᠣᠷᠣᠭᠤᠯᠤᠨ ᠠᠪᠴᠢᠷᠠᠬᠤ ᠪᠠᠷ ᠳᠠᠮᠵᠢᠭᠤᠯᠤᠨ᠂ ᠮᠠᠯᠵᠢᠬᠤ ᠣᠷᠣᠨ ᠤ ᠪᠣᠬᠢᠷᠲᠤᠯ ᠥᠬᠡᠶ᠂ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠪᠡ᠃ ᠳᠠᠷᠠᠭᠠᠴᠢ ᠶᠢᠨ ᠠᠯᠬᠤᠮ ᠳᠤ᠂ ᠰᠢᠷᠠᠮᠥ᠋ᠷᠡᠨ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠠᠩᠬᠠᠷᠴᠤ᠂ ᠮᠠᠯᠴᠢᠨ ᠲᠠᠷᠢᠶᠠᠴᠢᠨ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠡᠭᠦᠷᠭᠡᠯᠡᠯ ᠢ ᠦᠨᠡᠨ ᠬᠦ ᠮᠡᠳᠡᠷᠡᠭᠦᠯᠵᠦ᠂ ︽ᠴᠠᠬᠢᠯᠭᠠᠨ︾ ᠢᠶᠠᠷ ᠮᠠᠯᠴᠢᠨ ᠲᠠᠷᠢᠶᠠᠴᠢᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠭᠡᠷᠡᠯᠳᠥᠭᠦᠯᠬᠦ ᠪᠣᠯᠤᠨ᠎ᠠ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号