6 ᠳ᠋ᠤᠭᠠᠷ ᠰᠠᠷ᠎ᠠ ᠶᠢᠨ 1 ᠤ ᠡᠳᠦᠷ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠲᠤᠬᠠᠭᠠᠯᠭ᠎ᠠ | ᠨᠠᠭᠠᠳᠤᠮ ᠤᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠳᠤ ᠮᠣᠷᠢ ᠤᠷᠤᠯᠳᠤᠬᠤ ︽ᠬᠥᠳᠡᠭᠡ ᠲᠤᠰᠬᠤᠨ ᠤ | ᠬᠡᠳᠦ ᠳᠡᠰ ᠤᠨ︾ ᠬᠤᠯᠪᠤᠭᠠᠲᠤ ᠤᠷᠤᠯᠳᠤᠭᠠᠨ ᠨᠢ ᠶᠠᠭᠠᠷᠠᠯᠲᠠᠢ ᠡᠬᠢᠯᠡᠪᠡ᠃ ᠪᠡᠶ᠎ᠡ ᠲᠠᠮᠢᠷ ᠤᠨ ᠤᠷᠤᠯᠳᠤᠭᠠᠨ᠂ | ᠰᠤᠶᠤᠯ ᠵᠠᠩ ᠦᠢᠯᠡ᠂ ᠰᠣᠭᠲᠤᠭᠤᠷᠠᠮ᠎ᠠ ᠪᠡᠶᠡᠴᠢ ᠣᠶᠢᠯᠠᠭᠠᠯᠲᠠ ᠁ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤ ᠨᠢ ᠲᠠᠯ᠎ᠠ ᠨᠤᠲᠤᠭ ᠤᠨ ᠥᠪᠡᠷᠮᠢᠴᠡ ᠣᠮᠤᠭ ᠵᠣᠷᠢᠭ ᠪᠠ ᠬᠠᠶᠢᠷ᠎ᠠ ᠰᠡᠳᠬᠢᠯᠭᠡ ᠪᠠᠷ ᠢᠶᠠᠨ ᠨᠠᠢᠮᠠᠨ | ᠵᠣᠪᠬᠢᠰ ᠤᠨ ᠵᠣᠴᠢᠳ ᠢᠶᠠᠨ ᠪᠠᠶᠠᠷᠯᠠᠨ ᠤᠭᠲᠤᠵᠤ᠂ ᠰᠣᠶᠣᠯ ᠤᠨ ᠦᠪᠡᠳᠡᠭᠰᠢ ᠨᠠᠶᠢᠷ ᠢ ᠬᠠᠮᠲᠤ ᠪᠠᠷ ᠡᠳ᠋ᠯᠡᠨ᠎ᠡ᠃ | ︽ᠬᠤᠯᠠ ᠶᠢᠨ ᠨᠠᠶᠢᠵᠠ ᠮᠢᠨᠢ ᠠᠶᠠᠨ ᠵᠠᠮ ᠳᠠᠭᠠᠨ ᠵᠦᠳᠡᠷᠡᠯ᠎ᠡ᠂ ᠨᠢᠭᠡ ᠬᠤᠨᠳᠠᠭ᠎ᠠ ᠠᠷᠢᠬᠢ ᠠᠮᠰᠠᠭᠠᠷᠠᠢ ᠁ | ︾ ᠭᠡᠵᠦ ᠬᠤᠷᠠᠯ ᠤᠨ ᠲᠠᠯᠠᠪᠠᠢ ᠶᠢᠨ ᠭᠠᠳᠠᠨ᠎ᠠ ᠵᠣᠴᠢᠳ ᠢ ᠤᠭᠲᠤᠬᠤ ᠲᠠᠯ᠎ᠠ ᠨᠤᠲᠤᠭ ᠤᠨ ᠢᠷᠠᠭᠤ ᠰᠠᠶᠢᠬᠠᠨ | ᠳᠠᠭᠤᠤ ᠢ ᠳᠠᠭᠠᠠᠯᠳᠤᠨ᠂ ᠦᠵᠡᠰᠭᠦᠯᠡᠩ ᠬᠤᠪᠴᠠᠰᠤ ᠡᠮᠦᠰᠦᠭᠰᠡᠨ᠂ ᠬᠠᠳᠠᠭ ᠪᠣᠯᠣᠨ ᠠᠷᠢᠬᠢ ᠪᠠᠨ ᠡᠷᠭᠦᠭᠰᠡᠨ | ᠲᠠᠯ᠎ᠠ ᠨᠤᠲᠤᠭ ᠤᠨ ᠦᠬᠢᠳ ᠬᠦᠪᠡᠭᠦᠳ ᠬᠤᠯᠠ ᠠᠴᠠ ᠢᠷᠡᠭᠰᠡᠨ ᠵᠣᠴᠢᠳ ᠲᠤ ᠬᠠᠮᠤᠭ ᠤᠨ ᠳᠡᠭᠡᠳᠦ | ᠶᠣᠰᠣᠯᠠᠯ ᠢᠶᠠᠨ ᠳᠡᠪᠰᠢᠭᠦᠯᠦᠨ᠎ᠡ᠃ ᠤᠷᠤᠯᠳᠤᠭᠠᠨ ᠤ ᠲᠠᠯᠠᠪᠠᠢ ᠳᠤ᠂ ᠪᠠᠶᠠᠨᠬᠤᠸᠠ ᠶᠢᠨ ᠭᠤᠣᠯ ᠲᠠᠯᠠᠪᠤᠷ ᠤᠨ ᠺᠯᠦ᠋ᠪ | ᠨᠢ ᠭᠤᠶᠢᠲᠠ ᠰᠠᠶᠢᠬᠠᠨ ᠲᠣᠭᠯᠠᠯᠲᠠ ᠶᠢ ᠠᠪᠴᠢᠷᠠᠭᠰᠠᠨ ᠪᠠᠶᠢᠨ᠎ᠠ᠂ ᠨᠠᠷᠠᠰᠠᠭ ᠪᠢᠴᠢᠬᠠᠨ ᠮᠣᠷᠢᠲᠠᠳ ᠥᠪᠡᠷ ᠤᠨ | ᠳᠤᠷᠠᠲᠠᠢ ᠮᠣᠷᠢ ᠲᠠᠢ ᠪᠠᠨ ᠲᠠᠯᠠᠪᠠᠢ ᠳᠤ ᠣᠷᠣᠵᠤ ᠮᠠᠰᠢ ᠬᠦᠭᠡᠷᠦᠬᠦᠨ︔ ᠦᠨᠳᠦᠰᠦᠲᠡᠨ ᠤ ᠣᠨᠴᠠᠯᠢᠭᠲᠤ | ᠬᠤᠪᠴᠠᠰᠤ ᠵᠠᠰᠠᠯ ᠢᠶᠠᠨ ᠡᠮᠦᠰᠦᠭᠰᠡᠨ ᠬᠡᠦᠬᠡᠳ ᠤᠳ ᠤᠨ ᠠᠪᠴᠢᠷᠠᠭᠰᠠᠨ ᠬᠥᠭᠡᠷᠦᠬᠦᠨ ᠬᠡᠦᠬᠡᠳ ᠤᠨ T | ᠲᠠᠪᠴᠠᠩ ᠤᠨ ᠲᠣᠭᠯᠠᠯᠲᠠ ᠨᠢ ᠲᠠᠯ᠎ᠠ ᠨᠤᠲᠤᠭ ᠤᠨ ᠰᠢᠨ᠎ᠡ ᠦᠶ᠎ᠡ ᠶᠢᠨ ᠴᠤᠭ ᠵᠢᠪᠬᠤᠭ᠎ᠠ ᠶᠢ ᠨᠡᠩ ᠢᠯᠡᠷᠡᠭᠦᠯᠦᠨ᠎ᠡ᠃ | ︽ᠡᠨᠡ ᠵᠢᠯ ᠤᠨ ᠵᠢᠷᠭᠤᠭᠠᠨ ᠰᠠᠷ᠎ᠠ ᠶᠢᠨ ᠨᠢᠭᠡᠨ ᠤ ᠬᠡᠦᠬᠡᠳ ᠤᠨ ᠪᠠᠶᠠᠷ ᠤᠨ ᠡᠳᠦᠷ ᠲᠤ ᠪᠢ ᠮᠠᠰᠢ ᠪᠠᠶᠠᠷᠯᠠᠵᠤ᠂ | ᠲᠤᠬᠠᠢ ᠶᠢᠨ ᠲᠠᠯᠠᠪᠤᠷ ᠲᠤ ᠪᠥᠵᠢᠭ ᠤᠨ ᠲᠣᠭᠯᠠᠯᠲᠠ ᠳᠤ ᠣᠷᠣᠯᠴᠠᠵᠤ᠂ ᠲᠠᠯᠠᠪᠤᠷ ᠲᠤ ᠪᠠᠰᠠ ᠮᠠᠰᠢ ᠤᠯᠠᠨ ᠵᠤᠭ᠎ᠠ | ᠴᠡᠩᠭᠡᠯ ᠤᠨ ᠲᠦᠷᠦᠯ ᠵᠦᠢᠯ ᠪᠠᠶᠢᠨ᠎ᠠ᠂ ᠪᠢ ᠪᠦᠬᠦ ᠤᠯᠤᠰ ᠤᠨ ᠡᠯ᠎ᠡ ᠭᠠᠵᠠᠷ ᠤᠨ ᠪᠢᠴᠢᠬᠠᠨ ᠨᠠᠶᠢᠵᠠ ᠨᠠᠷ ᠴᠥᠮ | ᠮᠠᠨ ᠤ ᠲᠠᠯ᠎ᠠ ᠨᠤᠲᠤᠭ ᠲᠤ ᠢᠷᠡᠵᠦ ᠪᠠᠶᠠᠷ ᠪᠠᠶᠠᠰᠬᠤᠯᠠᠩᠲᠠᠢ ᠪᠠᠷ ᠨᠠᠭᠠᠳᠬᠤ ᠶᠢ ᠬᠦᠰᠡᠵᠦ ᠪᠠᠶᠢᠨ᠎ᠠ︾ ᠭᠡᠵᠦ ᠶᠠᠩ | ᠢᠦ᠋ᠶ ᠿᠦ᠋ ᠪᠢᠴᠢᠬᠠᠨ ᠨᠠᠶᠢᠵᠠ ᠬᠡᠯᠡᠪᠡ᠃ | ᠦᠳᠡ ᠶᠢᠨ ᠡᠮᠦᠨᠡᠬᠢ 10 ᠴᠠᠭ ᠲᠤ᠂ ᠤᠷᠤᠯᠳᠤᠭᠠᠨ ᠵᠢᠩᠬᠢᠨᠢ ᠪᠠᠷ ᠡᠬᠢᠯᠡᠵᠦ᠂ ᠬᠢᠨᠠᠭᠴᠢ ᠶᠢᠨ ᠳᠣᠬᠢᠶᠠᠨ | ᠳᠣᠣᠷ᠎ᠠ᠂ ᠭᠦᠶᠦᠯᠲᠡ ᠶᠢᠨ ᠪᠣᠭᠤᠮᠲᠠ ᠶᠢᠨ ᠡᠭᠦᠳᠡ ᠨᠡᠭᠡᠭᠡᠭᠳᠡᠵᠦ᠂ ᠠᠷᠪᠠᠨ ᠬᠡᠳᠦᠨ ᠮᠣᠷᠢᠲᠠᠨ ᠠᠭᠲᠠ ᠪᠠᠨ | ᠳᠣᠪᠲᠤᠯᠠᠭᠤᠯᠤᠨ᠂ ᠬᠥᠮᠥᠰ ᠤᠨ ᠬᠠᠷᠠᠭᠠᠨ ᠠᠴᠠ ᠳᠠᠪᠠᠨ ᠭᠠᠷᠴᠤ᠂ ᠤᠳᠠᠯ ᠦᠭᠡᠢ ᠬᠤᠶᠠᠷ ᠮᠣᠷᠢ ᠵᠡᠷᠭᠡᠴᠡᠨ | ᠳᠠᠪᠬᠢᠵᠤ᠂ ᠢᠯᠭᠠᠭᠳᠠᠬᠤ ᠪᠠᠨ ᠪᠣᠯᠢᠨ᠎ᠠ᠃ ᠤᠳᠠᠯ ᠦᠭᠡᠢ ᠨᠢᠭᠡ ᠮᠣᠷᠢ ᠭᠡᠨᠡᠳᠲᠡ ᠬᠤᠷᠳᠤᠯᠠᠵᠤ᠂ ᠨᠥᠭᠦᠭᠡ | ᠡᠲᠡᠭᠡᠳ ᠢᠶᠠᠨ ᠠᠷᠤ ᠳᠠᠭᠠᠨ ᠬᠠᠶᠠᠵᠤ᠂ ᠲᠤᠬᠠᠶ ᠶᠢᠨ ᠲᠠᠯᠠᠪᠤᠷ ᠲᠤ ᠣᠷᠢᠯᠠᠵᠤ ᠬᠠᠰᠬᠢᠷᠬᠤ ᠳᠠᠭᠤᠨ ᠠᠭᠠᠷ ᠲᠤ | ᠴᠤᠤᠷᠢᠶᠠᠲᠤᠨ᠎ᠠ᠃ ︽ᠪᠢ ᠥᠨᠥᠳᠥᠷ ᠭᠤᠷᠪᠠᠨ ᠲᠠᠯᠠᠪᠤᠷ ᠤᠷᠤᠯᠳᠤᠭᠠᠨ ᠳᠤ ᠣᠷᠣᠯᠴᠠᠪᠠ᠂ ᠡᠯ᠎ᠡ ᠭᠠᠵᠠᠷ ᠤᠨ | ᠪᠢᠴᠢᠬᠠᠨ ᠨᠠᠶᠢᠵᠠ ᠨᠠᠷ ᠤᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ ᠢᠷᠡᠵᠦ ᠮᠢᠬ᠎ᠠ ᠢᠳᠡᠨ᠂ ᠮᠣᠷᠢ | ᠤᠨᠤᠨ᠂ ᠮᠢᠨᠦ ᠤᠷᠤᠯᠳᠤᠭᠠᠨ ᠢ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠃︾ ᠭᠡᠵᠦ ᠰᠠᠶ᠋ᠢᠬᠠᠨ ᠤᠷᠤᠯᠳᠤᠭᠠᠨ ᠤ | ᠲᠠᠯᠠᠪᠤᠷ ᠠᠴᠠ ᠪᠠᠭᠤᠭᠰᠠᠨ ᠪᠢᠴᠢᠬᠠᠨ ᠮᠣᠷᠢᠲᠠᠨ ᠠᠩᠭᠢᠷ ᠤᠷᠢᠯᠭ᠎ᠠ ᠭᠠᠷᠭᠠᠪᠠ᠃ ︽ᠡᠨᠡ ᠵᠢᠯ ᠤᠨ ᠵᠢᠷᠭᠤᠭᠠᠨ | ᠰᠠᠷ᠎ᠠ ᠶᠢᠨ ᠨᠢᠭᠡᠨ ᠤ ᠬᠡᠦᠬᠡᠳ ᠤᠨ ᠪᠠᠶᠠᠷ ᠥᠩᠭᠡᠷᠡᠭᠰᠡᠨ ᠵᠢᠯ ᠤᠳ ᠲᠠᠢ ᠮᠠᠰᠢ ᠠᠳᠠᠯᠢ ᠦᠭᠡᠢ᠂ ᠡᠨᠡ ᠵᠢᠯ ᠠᠪᠤ | ᠡᠵᠢ ᠨᠠᠮᠠᠶᠢ ᠬᠥᠬᠡᠬᠤᠲᠠ ᠠᠴᠠ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ ᠳᠠᠭᠠᠭᠤᠯᠤᠨ ᠮᠣᠷᠢᠨ ᠤ | ᠤᠷᠤᠯᠳᠤᠭᠠᠨ ᠦᠵᠡᠪᠡ᠂ ᠡᠨᠡ ᠤᠳᠠᠭᠠᠨ ᠤ ᠲᠥᠷᠥᠭᠳᠡᠯ ᠨᠢ ᠲᠦᠢᠯ ᠤᠨ ᠬᠠᠴᠢᠨ ᠶᠤᠮ︾ ᠭᠡᠵᠦ ᠠᠩᠬ᠎ᠠ ᠤᠳᠠᠭ᠎ᠠ | ᠳᠠᠷᠬᠠᠨ ᠮᠤᠤᠮᠢᠩᠭᠠᠨ ᠬᠤᠰᠢᠭᠤᠨ ᠳᠤ ᠢᠷᠡᠵᠦ ᠵᠢᠷᠭᠤᠭᠠᠨ ᠰᠠᠷ᠎ᠠ ᠶᠢᠨ ᠨᠢᠭᠡᠨ ᠤ ᠬᠡᠦᠬᠡᠳ ᠤᠨ ᠪᠠᠶᠠᠷ ᠤᠨ | ᠡᠳᠦᠷ ᠢᠶᠠᠨ ᠪᠡᠯᠭᠡᠯᠡᠵᠦ ᠪᠠᠶᠢᠭ᠎ᠠ ᠯᠢ ᠵᠢᠶᠠ ᠢ ᠪᠢᠴᠢᠬᠠᠨ ᠨᠠᠶᠢᠵᠠ ᠬᠡᠯᠡᠪᠡ᠃ | ᠲᠤᠰ ᠲᠠᠯᠠᠪᠤᠷ ᠤᠨ ᠤᠷᠤᠯᠳᠤᠭᠠᠨ ᠳᠤ ᠵᠢᠷᠤᠭ᠎ᠠ ᠮᠣᠷᠢ ︵1.40 ᠮᠧᠲᠷ ᠠᠴᠠ ᠳᠡᠭᠡᠭᠰᠢ︶᠂ 6400 | ᠮᠧᠲᠷ ︵2 ᠳᠤᠭᠤᠶᠢᠯᠠᠩ︶᠂ ᠬᠤᠷᠳᠤᠨ ᠮᠣᠷᠢ ︵1.45 ᠮᠧᠲᠷ︶ 6400 ᠮᠧᠲᠷ ︵2 ᠳᠤᠭᠤᠶᠢᠯᠠᠩ︶᠂ | ᠵᠢᠷᠤᠭ᠎ᠠ ᠮᠣᠷᠢ ︵1.45 ᠮᠧᠲᠷ ᠠᠴᠠ ᠳᠣᠷᠣᠭᠰᠢ︶ 6400 ᠮᠧᠲᠷ ︵2 ᠳᠤᠭᠤᠶᠢᠯᠠᠩ︶᠂ ᠵᠢᠷᠤᠭ᠎ᠠ ᠮᠣᠷᠢ ︵ | 1.40 ᠮᠧᠲᠷ ᠠᠴᠠ ᠳᠣᠷᠣᠭᠰᠢ︶ 6400 ᠮᠧᠲᠷ ︵3 ᠳᠤᠭᠤᠶᠢᠯᠠᠩ︶᠂ ᠬᠤᠷᠳᠤᠨ ᠮᠣᠷᠢ ︵1.45 ᠮᠧᠲᠷ︶ | 6 400 ᠮᠧᠲᠷ ︵3 ᠳᠤᠭᠤᠶᠢᠯᠠᠩ︶᠂ ᠬᠤᠷᠳᠤᠨ ᠮᠣᠷᠢ ︵1.45 ᠮᠧᠲᠷ︶ 6400 ᠮᠧᠲᠷ ︵6 | ᠳᠤᠭᠤᠶᠢᠯᠠᠩ︶᠂ ᠬᠤᠷᠳᠤᠨ ᠮᠣᠷᠢ ︵1.45 ᠮᠧᠲᠷ︶ 6400 ᠮᠧᠲᠷ ᠤᠨ ᠵᠢᠷᠭᠤᠭᠠᠨ ᠫᠷᠦᠭᠷᠡᠮ ᠪᠠᠶᠢᠵᠤ᠂ | ᠠᠳᠠᠯᠢ ᠪᠤᠰᠤ ᠤᠷᠤᠯᠳᠤᠭᠠᠨ ᠤ ᠵᠠᠢ ᠳᠤ ᠮᠣᠷᠢᠲᠠᠨ ᠬᠢᠭᠡᠳ ᠮᠣᠷᠢᠨ ᠤ ᠳᠠᠭᠠᠭᠠᠴᠠ᠂ ᠬᠤᠷᠳᠤᠴᠠ ᠪᠠ | ᠤᠬᠠᠭᠠᠨ ᠢᠶᠠᠨ ᠣᠯᠣᠯᠴᠠᠬᠤ ᠪᠠᠶᠢᠳᠠᠯ ᠢ ᠰᠢᠯᠭᠠᠵᠤ ᠪᠠᠶᠢᠳᠠᠭ᠃ | ᠬᠦᠳᠡᠯᠭᠡᠭᠡᠨ ᠤ ᠲᠤᠬᠠᠢ ᠶᠢᠨ ᠲᠠᠯᠠᠪᠠᠢ ᠳᠤ᠂ ᠪᠠᠰᠠ ᠵᠠᠭᠤᠨ ᠮᠧᠲᠷ ᠤᠨ ᠤᠷᠳᠤ ᠡᠪᠬᠡᠮᠡᠯ ᠵᠢᠷᠤᠭ ᠤᠨ | ᠪᠣᠳᠠᠰ ᠤᠨ ᠪᠤᠰᠤ ᠰᠣᠶᠣᠯ ᠤᠨ ᠥᠪ᠂ ᠬᠤᠨᠢ ᠬᠠᠶᠢᠴᠢᠯᠠᠬᠤ᠂ ᠰᠣᠨᠢᠷᠬᠠᠯᠲᠤ ᠬᠥᠳᠡᠯᠭᠡᠭᠡᠨ᠂ ᠲᠡᠮᠡᠭᠡ ᠪᠠᠷ ᠠᠶᠠᠯᠠᠬᠤ | ᠵᠡᠷᠭᠡ ᠬᠠᠷᠢᠯᠴᠠᠨ ᠬᠥᠳᠡᠯᠦᠯᠴᠡᠬᠦ ᠲᠣᠭᠯᠠᠭᠠᠮ ᠢ ᠲᠤᠬᠢᠷᠠᠭᠤᠯᠵᠤ᠂ ᠬᠡᠦᠬᠡᠳ ᠤᠳ ᠲᠤ ᠵᠤᠨ ᠤ ᠵᠢᠭᠤᠯᠴᠢᠯᠠᠨ | ᠨᠠᠭᠠᠳᠬᠤ ᠰᠢᠨ᠎ᠡ ᠪᠠᠷ ᠪᠡᠶᠡᠴᠢᠯᠡᠨ ᠣᠶᠢᠯᠠᠭᠠᠬᠤ ᠠᠭᠤᠯᠭ᠎ᠠ ᠶᠢ ᠲᠠᠶᠢᠯᠵᠤ ᠥᠭᠪᠡ᠃ ᠣᠨᠴᠠᠯᠢᠭᠲᠤ | ᠪᠦᠲᠦᠭᠡᠭᠳᠡᠬᠦᠨ ᠤ ᠳᠡᠯᠭᠡᠨ ᠪᠣᠷᠣᠯᠠᠭᠤᠯᠭ᠎ᠠ ᠨᠢ ᠡᠯ᠎ᠡ ᠭᠠᠵᠠᠷ ᠤᠨ ᠵᠢᠭᠤᠯᠴᠢᠯᠠᠭᠰᠠᠳ ᠲᠤ ︽ᠳᠠᠷᠬᠠᠨ | ᠮᠤᠤᠮᠢᠩᠭᠠᠨ ᠤ ᠦᠨᠦᠷ ᠠᠮᠲᠠ︾᠂ ︽ᠰᠠᠷᠠᠨ ᠪᠣᠣᠪᠤ ︵ᠮᠢᠬᠠᠨ ᠪᠣᠭᠤᠷᠰᠤᠭ︶᠂ ᠪᠣᠷᠴᠠ᠂ ᠰᠢᠨ᠎ᠡ ᠰᠣᠷᠭᠤᠭ | ᠦᠬᠡᠷ ᠬᠤᠨᠢᠨ ᠤ ᠮᠢᠬ᠎ᠠ ᠵᠡᠷᠭᠡ ᠡᠯ᠎ᠡ ᠵᠦᠢᠯ ᠤᠨ ᠠᠮᠲᠠᠲᠤ ᠢᠳᠡᠭᠡᠨ ᠢ ᠠᠮᠲᠠᠯᠠᠭᠤᠯᠵᠤ᠂ ᠮᠠᠰᠢ ᠣᠯᠠᠨ | ᠵᠢᠭᠤᠯᠴᠢᠯᠠᠭᠴᠢᠳ ᠢ ᠲᠠᠲᠠᠵᠤ ᠰᠢᠨ᠎ᠡ ᠰᠣᠷᠭᠤᠭ ᠢ ᠠᠮᠲᠠᠯᠠᠭᠤᠯᠪᠠ᠃ ︽ᠠᠪᠤ ᠨᠠᠮᠠᠶᠢ ᠳᠠᠭᠠᠭᠤᠯᠤᠨ ᠳᠠᠷᠬᠠᠨ | ᠮᠤᠤᠮᠢᠩᠭᠠᠨ ᠬᠤᠯᠪᠣᠭᠠᠲᠤ ᠬᠤᠰᠢᠭᠤᠨ ᠳᠤ ᠢᠷᠡᠵᠤ᠂ ᠮᠣᠷᠢ ᠤᠨᠤᠬᠤ ᠶᠢ ᠪᠡᠶᠡᠴᠢᠯᠡᠨ ᠣᠶᠢᠯᠠᠭᠠᠭᠤᠯᠵᠤ᠂ ᠪᠠᠰᠠ | ᠮᠣᠷᠢᠨ ᠤᠷᠤᠯᠳᠤᠭᠠᠨ᠂ ᠬᠤᠨᠢᠨ ᠤ ᠨᠣᠣᠰᠣ ᠬᠠᠶᠢᠴᠢᠯᠠᠬᠤ᠂ ᠦᠨᠳᠦᠰᠦᠲᠡᠨ ᠤ ᠪᠥᠵᠢᠭ ᠵᠡᠷᠭᠡ ᠶᠢ ᠰᠣᠨᠢᠷᠬᠠᠵᠠᠢ᠂ | ᠡᠨᠡ ᠠᠮᠠᠷᠠᠯᠲᠠ ᠪᠠᠨ ᠪᠢ ᠮᠠᠰᠢ ᠲᠡᠭᠦᠯᠳᠡᠷ ᠰᠠᠶᠢᠬᠠᠨ ᠥᠩᠭᠡᠷᠡᠭᠦᠯᠵᠡᠢ︾ ᠭᠡᠵᠦ ᠪᠤᠭᠤᠲᠤ ᠠᠴᠠ ᠢᠷᠡᠭᠰᠡᠨ ᠡᠦ ᠶᠠᠩ | ᠪᠢᠴᠢᠬᠠᠨ ᠨᠠᠶᠢᠵᠠ ᠪᠠᠶᠠᠷᠲᠠᠢ ᠪᠠᠷ ᠬᠡᠯᠡᠪᠡ᠃ | ᠣᠶᠢᠷ᠎ᠠ ᠶᠢᠨ ᠵᠢᠯ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠮᠣᠷᠢ ᠣᠷᠣᠯᠳᠣᠬᠤ ︽ᠬᠥᠳᠡᠭᠡ | ᠲᠤᠰᠬᠤᠨ ᠤ ᠬᠡᠳᠦ ᠳᠡᠰ ᠤᠨ︾ ᠬᠤᠯᠪᠣᠭᠠᠲᠤ ᠤᠷᠤᠯᠳᠤᠭᠠᠨ ᠨᠢ ᠣᠨᠴᠠᠯᠢᠭᠲᠤ ᠰᠣᠶᠣᠯ ᠤᠨ IP ᠪᠠᠷ ᠭᠠᠷᠳᠠᠴᠠ | ᠪᠣᠯᠭᠠᠨ᠂ ᠦᠠᠳᠣᠰᠣᠳᠠᠠ ᠤ ᠰᠣᠶᠣᠯ ᠤᠨ ᠠᠭᠤᠯᠤᠭᠳᠠᠬᠤᠨ ᠢ ᠭᠦᠨᠵᠡᠭᠡᠢ ᠠᠭᠤᠳᠠᠯᠵᠤ᠂ ᠮᠣᠷᠢᠨ ᠤ ᠨᠢᠷᠤᠭᠤᠨ | ᠳᠡᠭᠡᠷᠡᠬᠢ ᠠᠵᠤ ᠠᠬᠤᠢ ᠬᠢᠭᠡᠳ ᠰᠣᠶᠣᠯ ᠤᠨ ᠤᠯᠠᠨᠵᠢᠯᠠᠯ ᠤᠨ ᠬᠥᠭᠵᠢᠯᠲᠡ ᠶᠢ ᠵᠡᠷᠭᠡᠪᠡᠷ ᠠᠬᠢᠭᠤᠯᠵᠠᠢ᠃ | ᠣᠨᠴᠠᠯᠢᠭᠲᠤ ᠰᠣᠶᠣᠯ ᠢ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠲᠠᠢ ᠵᠣᠯᠭᠠᠯᠳᠤᠭᠤᠯᠤᠨ ᠬᠥᠳᠡᠯᠦᠯᠴᠡᠵᠦ᠂ | ᠣᠯᠠᠨ ᠲᠦᠮᠡᠨ ᠢ ᠭᠤᠣᠯ ᠲᠣᠭᠯᠠᠭᠴᠢ ᠪᠣᠯᠭᠠᠵᠤ᠂ ᠤᠯᠠᠮᠵᠢᠯᠠᠯ ᠢᠶᠠᠷ ᠭᠤᠣᠯ ᠰᠢᠵᠢᠮ ᠪᠣᠯᠭᠠᠵᠤ᠂ ᠰᠣᠶᠣᠯ | ᠵᠢᠭᠤᠯᠴᠢᠯᠠᠯ ᠤᠨ ᠡᠬᠢ ᠪᠠᠶᠠᠯᠢᠭ ᠢ ︽ᠠᠮᠢᠳᠤᠯᠢᠭᠵᠢᠭᠤᠯᠬᠤ︾ ᠶᠢᠨ ᠬᠠᠮᠲᠤ ᠪᠠᠰᠠ ᠠᠵᠤ ᠠᠬᠤᠢ ᠶᠢ ᠳᠠᠶᠢᠴᠢᠯᠠᠨ ︽ | ᠬᠥᠭᠵᠢᠶᠡᠨᠲᠡᠢ︾ ᠪᠣᠯᠭᠠᠵᠤ᠂ ᠤᠯᠠᠮᠵᠢᠯᠠᠯᠲᠤ ᠪᠡᠶ᠎ᠡ ᠲᠠᠮᠢᠷ ᠤᠨ ᠤᠷᠤᠯᠳᠤᠭᠠᠨ ᠢ ᠰᠢᠨ᠎ᠡ ᠶᠢ ᠡᠭᠦᠳᠬᠦ ᠪᠠᠶᠢᠳᠠᠯ ᠢᠶᠠᠷ | ᠰᠢᠨ᠎ᠡ ᠠᠮᠢᠵᠢᠷᠠᠯ ᠤᠨ ᠬᠦᠴᠦᠨ ᠲᠠᠢ ᠪᠣᠯᠭᠠᠪᠠ᠃ | |