ᠵᠢᠷᠭᠤᠭᠠᠨ ᠰᠠᠷ᠎ᠠ ᠶᠢᠨ ᠨᠡᠷᠡᠨ ᠤ ᠭᠡᠷᠡᠯ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠭ᠎ᠠ | ᠤᠩᠭᠤᠨ ᠰᠢᠶᠠᠩ ᠤᠨ ᠬᠤᠸᠠᠩ ᠾᠧ ᠱᠣᠣ ᠲᠣᠰᠬᠤᠨ ᠢ ᠭᠡᠶᠢᠬᠦᠯᠵᠦ᠂ ᠣᠢ ᠰᠢᠭᠤᠢ ᠳᠤ ᠡᠪᠡᠰᠦ ᠮᠤᠳᠤᠨ ᠤ | ᠠᠩᠬᠢᠯᠤᠮ᠎ᠠ ᠦᠨᠦᠷ ᠬᠠᠩᠬᠤᠯᠵᠤ ᠂ ᠪᠠᠶᠢᠭᠠᠯᠢ ᠶᠢᠨ ᠣᠢ ᠰᠢᠭᠤᠢ ᠶᠢᠨ ᠠᠮᠢ ᠠᠬᠤᠢ ᠶᠢᠨ ᠲᠡᠵᠢᠭᠡᠨ ᠦᠷᠡᠵᠢᠭᠦᠯᠬᠦ | ︽ᠰᠢᠵᠢᠷ ᠠᠯᠲᠠᠨ ᠲᠠᠯᠠᠪᠠᠢ︾ ᠪᠣᠯᠪᠠ᠃ 6 ᠰᠠᠷ᠎ᠠ ᠶᠢᠨ 17 ᠤ ᠡᠳᠦᠷ᠂ 2500 ᠴᠤᠷᠪᠠᠭ᠎ᠠ ᠶᠢ ᠤᠢ | ᠰᠢᠭᠤᠢ ᠶᠢᠨ ᠲᠠᠯᠠᠪᠠᠢ ᠳᠤ ᠵᠢᠩᠬᠢᠨᠢ ᠪᠠᠷ ᠲᠡᠵᠢᠭᠡᠵᠦ ᠡᠬᠢᠯᠡᠵᠦ᠂ ᠬᠦᠰᠡᠯ ᠡᠷᠡᠮᠡᠯᠵᠡᠯ ᠪᠢᠯᠬᠠᠭᠰᠠᠨ ᠭᠠᠵᠠᠷ | ᠲᠠᠷᠢᠶ᠎ᠠ ᠳᠤ ᠥᠷᠨᠢᠭᠦᠨ ᠠᠮᠢᠵᠢᠷᠠᠯ ᠤᠨ ᠬᠦᠴᠦᠨ ᠨᠡᠮᠡᠷᠢᠯᠡᠪᠡ᠃ | ᠠᠵᠢᠯᠲᠠᠨ ᠤ ᠲᠠᠨᠢᠯᠴᠠᠭᠤᠯᠤᠭᠰᠠᠨ ᠢᠶᠠᠷ᠂ ︽ᠣᠶ ᠶᠢᠨ ᠳᠣᠤᠷᠠᠬᠢ ᠤᠯᠠᠭᠠᠨ ᠡᠷᠡᠭᠴᠢᠨ ᠲᠠᠬᠢᠶ᠎ᠠ︾ | ᠪᠣᠬᠢᠷᠲᠤᠯ ᠥᠬᠡᠶ ᠲᠡᠵᠢᠭᠡᠨ ᠦᠷᠡᠵᠢᠭᠦᠯᠬᠦ ᠲᠥᠷᠥᠯ ᠵᠦᠢᠯ ᠣᠶ ᠶᠢᠨ ᠲᠤᠳᠤᠷᠠᠬᠢ ᠭᠠᠵᠠᠷ ᠢ ᠰᠤᠩᠭᠤᠭᠰᠠᠨ ᠨᠢ᠂ | ᠪᠠᠶᠢᠭᠠᠯᠢ ᠶᠢᠨ ᠣᠶᠢᠲᠤ ᠭᠠᠵᠠᠷ ᠤᠨ ᠡᠬᠢ ᠪᠠᠶᠠᠯᠢᠭ ᠢ ᠭᠦᠢᠴᠡᠳ ᠠᠰᠢᠭᠯᠠᠨ ᠲᠠᠬᠢᠶ᠎ᠠ ᠶᠢ ᠣᠶ ᠲᠤᠳᠤᠷ᠎ᠠ | ᠴᠢᠯᠥᠭᠡᠲᠡᠶ ᠶᠠᠪᠤᠭᠤᠯᠵᠤ᠂ ᠬᠤᠷᠣᠬᠠᠶ ᠰᠢᠪᠠᠵᠢ ᠡᠪᠡᠰᠦ ᠨᠤᠭᠤᠭ᠎ᠠ᠂ ᠠᠮᠤ ᠪᠤᠳᠠᠭ᠎ᠠ ᠶᠢ ᠲᠤᠩᠰᠢᠵᠤ ᠢᠳᠡᠨ᠎ᠡ᠃ | ᠥᠰᠦᠯᠲᠡ ᠶᠢᠨ ᠦᠶᠡᠯᠡᠯ ᠤᠨ ᠬᠤᠭᠤᠴᠠᠭ᠎ᠠ ᠨᠢ 5 - 6 ᠰᠠᠷ᠎ᠠ ᠪᠠᠶᠢᠵᠤ᠂ ᠪᠤᠷᠤᠯᠠᠭᠤᠯᠬᠤ ᠦᠶ᠎ᠡ ᠳᠤ | ᠲᠠᠬᠢᠶ᠎ᠠ ᠨᠢᠭᠡᠪᠦᠷᠢ ᠶᠢᠨ ᠬᠦᠨᠳᠦ ᠨᠢ 5.5 - 6.5 ᠵᠢᠩᠪᠤᠯᠴᠢᠬᠠᠳᠠᠭ᠃ ᠤᠯᠠᠮᠵᠢᠯᠠᠯᠳᠤ ᠬᠠᠰᠢᠶᠠᠯᠠᠨ | ᠲᠡᠵᠢᠭᠡᠬᠦ ᠲᠠᠢ ᠬᠠᠷᠢᠴᠠᠭᠤᠯᠪᠠᠯ᠂ ᠡᠨᠡ ᠬᠦ ᠳᠠᠬᠢᠶ᠎ᠠ ᠨᠢ ᠮᠢᠬᠠᠨ ᠤ ᠴᠢᠨᠠᠷ ᠨᠢ ᠰᠠᠶᠢᠨ᠂ ᠰᠢᠮ᠎ᠡ ᠲᠡᠵᠢᠭᠡᠯ ᠡᠯᠪᠡᠭ | ᠪᠠᠶᠢᠳᠠᠭ ᠣᠨᠴᠠᠯᠢᠭ ᠲᠠᠢ ᠪᠠᠶᠢᠵᠤ᠂ ᠵᠠᠬ᠎ᠠ ᠳᠡᠯᠭᠡᠭᠦᠷ ᠤᠨ ᠠᠮᠢ ᠠᠬᠤᠶ ᠶᠢᠨ ᠪᠣᠬᠢᠷᠲᠤᠯ ᠥᠬᠡᠶ ᠡᠷᠡᠭᠦᠯ ᠢᠳᠡᠭᠡᠨ ᠤ | ᠬᠡᠷᠡᠭᠴᠡᠭᠡ ᠳᠤ ᠵᠣᠬᠢᠴᠠᠵᠤ᠂ ᠶᠠᠰᠤ ᠴᠢᠨᠠᠷ ᠪᠠ ᠬᠤᠳᠠᠯᠳᠤᠬᠤ ᠦᠨ᠎ᠡ ᠶᠢᠨ ᠲᠠᠪᠠᠭᠤᠯᠢᠭ ᠨᠢ ᠢᠯᠡᠷᠬᠡᠶ ᠪᠠᠶᠢᠳᠠᠭ᠃ | ᠵᠢᠱᠢᠯᠲᠡ ᠪᠠᠷ 2025 ᠣᠨ ᠳᠤ ᠠᠩᠬᠠᠳᠠᠭᠴᠢ ᠪᠦᠯᠦᠭ 2500 ᠤᠯᠠᠭᠠᠨ ᠡᠷᠡᠭᠴᠢᠨ ᠲᠠᠬᠢᠶ᠎ᠠ ᠨᠢ ᠬᠠᠮᠲᠤ ᠶᠢᠨ | ᠠᠵᠤ ᠠᠬᠤᠶ ᠳᠤ 8 ᠲᠦᠮᠡᠨ ᠲᠥᠭᠦᠷᠢᠭ ᠤᠨ ᠣᠷᠣᠯᠭ᠎ᠠ ᠠᠪᠴᠢᠷᠠᠵᠤ᠂ ︽ᠵᠢᠵᠢᠭ ᠤᠢ ᠰᠢᠭᠤᠢ︾ ᠨᠢ ︽ | ᠡᠷᠳᠡᠨᠢ ᠶᠢᠨ ᠫᠧᠩᠰᠡ︾ ᠪᠣᠯᠵᠤ ᠬᠤᠪᠢᠷᠠᠬᠤ ᠪᠤᠯᠤᠨ᠎ᠠ᠃ | ︽ᠣᠶ ᠶᠢᠨ ᠲᠤᠳᠤᠷᠠᠬᠢ ᠲᠡᠵᠢᠬᠡᠬᠦ︾ ᠲᠠᠯᠠᠪᠤᠷ ᠠᠴᠠ ᠭᠠᠳᠠᠨ᠎ᠠ᠂ ᠪᠠᠭ᠎ᠠ ᠤᠩᠭᠤᠨ ᠰᠢᠶᠠᠩ ᠪᠠᠰᠠ | ᠶᠠᠳᠠᠭᠤ ᠠᠴᠠ ᠠᠩᠭᠢᠵᠢᠷᠠᠭᠰᠠᠨ ᠡᠷᠦᠬᠡ᠂ ᠬᠢᠨᠠᠨ ᠬᠡᠮᠵᠢᠬᠦ ᠡᠷᠦᠬᠡ ᠳᠤ 10000 ᠭᠠᠷᠤᠶ ᠴᠤᠷᠪᠠᠭ᠎ᠠ ᠬᠠᠪᠰᠤᠷᠤᠨ | ᠲᠡᠳᠬᠦᠵᠦ᠂ ︽ᠲᠠᠷᠬᠠᠭᠠᠬᠤ + ᠬᠤᠷᠢᠶᠠᠨ ᠠᠪᠬᠤ︾ ᠵᠠᠭᠪᠤᠷ ᠢᠶᠠᠷ ᠳᠠᠮᠵᠢᠭᠤᠯᠤᠨ᠂ ᠲᠡᠵᠢᠭᠡᠵᠦ ᠪᠠᠶᠢᠭ᠎ᠠ | ᠲᠠᠬᠢᠶ᠎ᠠ ᠶᠢ ᠵᠠᠬ᠎ᠠ ᠳᠡᠯᠭᠡᠭᠦᠷ ᠤᠨ ᠦᠨ᠎ᠡ ᠪᠠᠷ ᠨᠢᠭᠡᠳᠦᠯᠲᠡᠶ ᠬᠤᠳᠠᠯᠳᠤᠨ ᠠᠪᠴᠤ᠂ ᠲᠠᠷᠢᠶᠠᠴᠢᠨ ᠡᠷᠦᠬᠡ ᠶᠢᠨ | ᠪᠣᠷᠣᠯᠠᠭᠤᠯᠭ᠎ᠠ ᠶᠢᠨ ᠬᠦᠴᠢᠷ ᠠᠰᠠᠭᠤᠳᠠᠯ ᠢ ᠰᠢᠢᠳᠪᠦᠷᠢᠯᠡᠬᠦ ᠪᠠᠷ ᠪᠠᠷᠠᠬᠤ ᠥᠬᠡᠶ᠂ ᠪᠠᠰᠠ ᠲᠠᠬᠢᠶ᠎ᠠ ᠲᠡᠵᠢᠭᠡᠬᠦ | ᠲᠠᠯᠠᠪᠠᠶ ᠶᠢᠨ ᠴᠢᠨᠠᠷ ᠰᠠᠶᠢᠲᠠᠶ ᠪᠠᠷᠠᠭᠠᠨ ᠤ ᠢᠷᠡᠯᠲᠡ ᠶᠢ ᠪᠠᠲᠤᠯᠠᠵᠤ᠂ ᠶᠠᠳᠠᠭᠤ ᠠᠴᠠ ᠠᠩᠭᠢᠵᠢᠷᠠᠭᠰᠠᠨ ᠡᠷᠦᠬᠡ᠂ | ᠬᠢᠨᠠᠨ ᠬᠡᠮᠵᠢᠬᠦ ᠡᠷᠦᠬᠡ ᠳᠤ ᠣᠷᠣᠯᠭ᠎ᠠ ᠨᠡᠮᠡᠭᠳᠡᠬᠦᠯᠬᠦ ᠠᠷᠭ᠎ᠠ ᠵᠠᠮ ᠠᠪᠴᠢᠷᠠᠪᠠ᠃ ᠪᠠᠭ᠎ᠠ ᠤᠩᠭᠤᠨ ᠰᠢᠶᠠᠩ ᠤᠨ | ᠬᠤᠸᠠᠩ ᠾᠧ ᠱᠣᠤ ᠲᠣᠰᠬᠤᠨ ᠤ ᠠᠷᠠᠳ ᠯᠢ ᠬᠤᠩ ᠮᠧᠶ ᠪᠠᠶᠠᠷᠲᠠᠢ ᠪᠠᠷ᠄ ︽ᠰᠢᠶᠠᠩ ᠤᠨ ᠵᠠᠰᠠᠭ ᠤᠨ ᠣᠷᠳᠣᠨ | ᠵᠢᠴᠢ ᠬᠤᠸᠠᠩ ᠾᠧ ᠱᠣᠤ ᠬᠠᠮᠲᠤ ᠶᠢᠨ ᠠᠵᠤ ᠠᠬᠤᠶ ᠠᠴᠠ ᠮᠠᠨ ᠤ ᠶᠠᠳᠠᠭᠤ ᠠᠴᠠ ᠠᠩᠭᠢᠵᠢᠷᠠᠭᠰᠠᠨ ᠡᠷᠦᠬᠡ ᠳᠤ | ᠴᠤᠷᠪᠠᠭ᠎ᠠ ᠲᠦᠭᠡᠭᠡᠵᠦ ᠥᠭᠭᠦᠭᠰᠡᠨ ᠪᠥᠭᠡᠳ ᠲᠡᠵᠢᠭᠡᠭᠰᠡᠨ ᠤ ᠳᠠᠷᠠᠭ᠎ᠠ ᠨᠢᠭᠡᠳᠦᠯᠲᠡᠶ ᠬᠤᠷᠢᠶᠠᠨ ᠠᠪᠴᠤ᠂ ᠪᠢᠳᠡᠨ ᠢ | ᠬᠠᠪᠰᠤᠷᠤᠨ ᠪᠣᠷᠣᠯᠠᠭᠤᠯᠭ᠎ᠠ ᠶᠢᠨ ᠵᠠᠮ ᠬᠦᠴᠢᠷᠲᠡᠶ ᠪᠠᠶᠢᠬᠤ ᠠᠰᠠᠭᠤᠳᠠᠯ ᠢ ᠰᠢᠢᠳᠪᠦᠷᠢᠯᠡᠵᠦ ᠥᠭᠭᠦᠭᠰᠡᠨ ᠳᠤ ᠮᠠᠰᠢ | ᠲᠠᠯᠠᠷᠬᠠᠵᠤ ᠪᠠᠶᠢᠨ᠎ᠠ︾ ᠬᠡᠵᠦ ᠶᠠᠷᠢᠪᠠ᠃ | ᠪᠠᠭ᠎ᠠ ᠤᠩᠭᠤᠨ ᠰᠢᠶᠠᠩ ᠤᠨ ᠬᠤᠸᠠᠩ ᠾᠧ ᠱᠤᠤ ᠲᠣᠰᠬᠤᠨ ᠤ ᠨᠠᠮ ᠤᠨ ᠡᠭᠦᠷ ᠤᠨ ᠱᠦᠵᠢ᠂ | ᠡᠷᠬᠢᠯᠡᠭᠴᠢ ᠹᠦ᠋ ᠲᠠᠩ ᠰᠢᠶᠤᠤ ᠲᠠᠨᠢᠯᠴᠠᠭᠤᠯᠬᠤ ᠳᠠᠭᠠᠨ᠄ ︽ᠳᠠᠷᠠᠭᠠᠴᠢ ᠶᠢᠨ ᠠᠯᠬᠤᠮ ᠳᠤ᠂ ᠪᠢᠳᠡ ᠠᠵᠤ | ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠲᠠᠬᠢᠶᠠᠨ ᠮᠢᠬ᠎ᠠ ᠶᠢ ᠨᠠᠷᠢᠯᠢᠭ ᠡᠳ᠋ᠰᠢᠭᠦᠯᠬᠦ ᠶᠢ ᠨᠡᠭᠡᠭᠡᠨ | ᠬᠥᠭᠵᠢᠭᠦᠯᠬᠦ ᠶᠢᠨ ᠬᠠᠮᠲᠤ ᠬᠥᠳᠡᠭᠡ ᠲᠣᠰᠬᠤᠨ ᠤ ᠵᠢᠭᠤᠯᠴᠢᠯᠠᠯ ᠲᠠᠢ ᠤᠶᠠᠯᠳᠤᠭᠤᠯᠵᠤ᠂ ︿ᠳᠠᠬᠢᠶ᠎ᠠ ᠪᠠᠷᠢᠬᠤ ᠶᠢ | ᠪᠡᠶᠡᠴᠢᠯᠡᠨ ᠣᠶᠢᠯᠠᠭᠠᠬᠤ﹀ ︿ᠲᠠᠷᠢᠶᠠᠴᠢᠨ ᠠᠶᠢᠯ ᠤᠨ ᠲᠠᠬᠢᠶᠠᠨ ᠮᠢᠬᠠᠨ ᠵᠠᠭᠤᠰᠢ﹀ ᠵᠡᠷᠭᠡ ᠤᠨᠴᠠᠯᠢᠬᠳᠤ ᠲᠦᠷᠦᠯ | ᠵᠦᠢᠯ ᠢ ᠭᠠᠷᠭᠠᠨ᠎ᠠ᠃ ᠡᠭᠦᠨ ᠤ ᠬᠠᠮᠲᠤ ᠪᠠᠰᠠ ᠬᠥᠳᠡᠭᠡ ᠠᠵᠤ ᠠᠬᠤᠶ ᠲᠠᠢ ᠬᠤᠯᠪᠣᠭᠠᠯᠠᠵᠤ ᠬᠥᠳᠡᠭᠡ ᠠᠵᠤ | ᠠᠬᠤᠶ ᠶᠢ ᠳᠠᠶᠢᠴᠢᠯᠠᠬᠤ ᠬᠡᠪᠴᠢᠶ᠎ᠡ ᠶᠢ ᠥᠷᠭᠡᠳᠬᠡᠵᠦ᠂ ᠨᠠᠩ ᠣᠯᠠᠨ ᠵᠠᠯᠠᠭᠤᠴᠤᠳ ᠤᠨ ᠨᠤᠲᠤᠭ ᠲᠠᠭᠠᠨ ᠪᠤᠴᠠᠵᠤ | ᠠᠳᠠᠯ ᠦᠢᠯᠡᠰ ᠴᠣᠭᠴᠠᠯᠠᠬᠤ ᠶᠢ ᠲᠠᠲᠠᠵᠤ᠂ ᠢᠷᠡᠬᠦ ᠵᠢᠯ ᠲᠠᠷᠢᠶᠠᠴᠢᠨ ᠡᠷᠦᠬᠡ ᠶᠢ ᠳᠠᠶᠢᠴᠢᠯᠠᠨ ᠴᠥᠮ ᠳᠠᠬᠢᠶ᠎ᠠ | ᠲᠡᠵᠢᠭᠡᠬᠦ ᠳᠤ ᠲᠦᠰᠢᠭᠯᠡᠨ ᠪᠠᠶᠠᠵᠢᠭᠤᠯᠬᠤ ᠪᠠᠷ ᠴᠢᠷᠮᠠᠶᠢᠨ᠎ᠠ᠃ ᠣᠶ ᠶᠢᠨ ᠲᠤᠳᠤᠷ᠎ᠠ ᠲᠠᠬᠢᠶ᠎ᠠ ᠲᠡᠵᠢᠭᠡᠬᠦ ᠪᠣᠯ ᠵᠥᠪᠬᠡᠨ | ᠡᠬᠢᠯᠡᠯᠲᠡ ᠶᠢᠨ ᠴᠡᠭ ᠮᠥᠨ᠂ ᠪᠢᠳᠡ ᠦᠷᠭᠦᠯᠵᠢᠯᠡᠨ ︿ᠠᠮᠢ ᠠᠬᠤᠢ ᠶᠢ ᠲᠡᠷᠢᠭᠦᠨ ᠳᠤ ᠲᠠᠯᠪᠢᠬᠤ᠂ ᠨᠠᠮ ᠤᠨ | ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ﹀ ᠶᠢ ᠪᠠᠷᠢᠮᠲᠠᠯᠠᠵᠤ᠂ ᠨᠡᠩ ᠤᠯᠠᠨ ᠲᠣᠰᠬᠤᠨ ᠤ ᠠᠷᠠᠳ ᠲᠤ | ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ ᠡᠳ᠋ᠯᠡᠭᠦᠯᠦᠨ᠎ᠡ︾ ᠬᠡᠵᠦ ᠬᠡᠯᠡᠪᠡ ᠃ | ᠡᠳᠦᠭᠡ᠂ ᠠᠮᠢ ᠠᠬᠤᠢ ᠶᠢᠨ ᠲᠡᠵᠢᠭᠡᠨ ᠦᠷᠡᠵᠢᠭᠦᠯᠦᠯᠲᠡ ᠨᠢ ᠶᠠᠭ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠭᠡᠷᠡᠯ ᠰᠠᠴᠤᠷᠠᠩᠭᠤᠢ ᠰᠢᠨ᠎ᠡ ᠬᠠᠭᠤᠳᠠᠰᠤ ᠪᠤᠯᠵᠤ᠂ ᠢᠯᠡ ᠲᠣᠳᠣ ᠣᠨᠴᠠᠯᠢᠭ ᠲᠠᠢ ᠪᠣᠬᠢᠷᠲᠤᠯ ᠦᠭᠡᠢ | ᠠᠮᠢ ᠠᠬᠤᠢ ᠶᠢᠨ ᠲᠠᠬᠢᠶᠠᠨ ᠤ ᠲᠦᠷᠦᠯ ᠲᠡᠮᠳᠡᠭ ᠪᠤᠯᠵᠤ ᠪᠠᠶᠢᠨ᠎ᠠ᠃ ᠬᠤᠸᠠᠩ ᠾᠧ ᠱᠣᠣ ᠲᠣᠰᠬᠤᠨ ᠰᠢᠨ᠎ᠡ ᠶᠢ | ᠡᠭᠦᠳᠬᠦ ᠠᠵᠢᠯᠯᠠᠭ᠎ᠠ ᠪᠠᠷ ᠠᠮᠢ ᠠᠬᠤᠢ ᠶᠢᠨ ᠲᠡᠵᠢᠭᠡᠨ ᠦᠷᠡᠵᠢᠭᠦᠯᠬᠦ ᠵᠢᠷᠤᠭ ᠲᠥᠯᠥᠪᠯᠡᠭᠡ ᠬᠢᠵᠦ ᠥᠪᠡᠷᠮᠢᠴᠡ | ᠭᠤᠶᠢᠳᠠ ᠰᠠᠶᠢᠬᠠᠨ ᠬᠠᠭᠤᠳᠠᠰᠤ ᠶᠢ ᠵᠢᠷᠤᠭᠯᠠᠬᠤ ᠪᠤᠯᠤᠨ᠎ᠠ᠃ |